ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠲᠠᠯᠠᠪᠤᠷ ᠣᠷᠳᠣᠨ ᠵᠢᠴᠢ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠢ ᠡᠬᠢᠯᠡᠭᠦᠯᠦᠨ ᠪᠦᠲᠦᠭᠡᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠠᠶᠢᠯᠠᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2016/5/10
     5 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠲᠠᠯᠠᠪᠤᠷ ᠣᠷᠳᠣᠨ ᠵᠢᠴᠢ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠢ ᠡᠬᠢᠯᠡᠭᠦᠯᠦᠨ ᠪᠦᠲᠦᠭᠡᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠠᠶᠢᠯᠠᠷ ᠲᠣᠭᠤᠷᠢᠭ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠯᠥᠨ ᠪᠤᠶᠢᠷ ᠬᠤᠳᠠ᠂ ᠬᠠᠶᠢᠯᠠᠷ ᠲᠣᠭᠤᠷᠢᠭ ᠤᠨ ᠬᠠᠮᠢᠶ᠎ᠠ ᠪᠦᠭᠦᠢ ᠤᠳᠤᠷᠢᠳᠤᠯᠭ᠎ᠠ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠬᠢᠨᠠᠵᠤ ᠬᠠᠮᠢᠶᠠᠷᠬᠤ ᠨᠢᠭᠡᠴᠡ᠂ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠭᠠᠷᠮᠠᠭᠠᠶ ᠰᠢᠨ᠎ᠡ ᠬᠠᠭᠤᠴᠢᠨ ᠲᠠᠮᠢᠷᠴᠢᠨ ᠤ ᠲᠥᠯᠥᠭᠡᠯᠡᠭᠴᠢ ᠨᠠᠷ ᠳᠠᠶᠢᠴᠢᠯᠠᠯᠲᠠ ᠶᠢᠨ ᠶᠡᠭᠡ ᠬᠤᠷᠠᠯ ᠳᠤ ᠣᠷᠤᠯᠴᠠᠪᠠ      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠲᠠᠨ ᠵᠢᠩ ᠹᠧᠩ ᠲᠠᠶᠢᠴᠢᠯᠠᠯᠳᠡ ᠶᠢᠨ ᠶᠡᠭᠡ ᠬᠤᠷᠠᠯ ᠳᠡᠭᠡᠷ᠎ᠡ ᠴᠢᠬᠤᠯᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠪᠣᠯ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠦᠪᠡᠳᠡᠭᠰᠢ ᠶᠡᠭᠡ ᠪᠠᠶᠠᠷ ᠲᠤ ᠪᠡᠯᠡᠭᠯᠡᠬᠦ ᠢᠨᠵᠧᠨᠧᠷᠢᠩ ᠮᠦᠨ᠂ ᠮᠦᠨᠴᠦ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭ᠎ᠠ ᠳᠠᠭᠠᠭᠠᠨ ᠡᠷᠭᠢᠯᠡᠵᠦ ᠭᠡᠵᠦ ᠪᠠᠶᠢᠭ᠎ᠠ ᠪᠦᠬᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ — — 2020 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠤᠷᠤᠯᠳᠤᠭᠠᠨ ᠤ ᠲᠠᠯᠠᠪᠠᠢ ᠪᠣᠯᠤᠨ᠎ᠠ᠃      ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠠᠯᠠᠪᠤᠷ ᠣᠷᠳᠣᠨ ᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ 132825 ᠲᠡᠭᠰᠢ ᠳᠥᠷᠪᠡᠯᠵᠢᠨ ᠮᠧᠲᠷ ᠲᠠᠯᠠᠪᠠᠢ ᠡᠵᠡᠯᠡᠵᠦ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 42193.58 ᠲᠡᠭᠰᠢ ᠳᠥᠷᠪᠡᠯᠵᠢᠨ ᠮᠧᠲᠷ ᠪᠠᠶᠢᠵᠤ᠂ ᠲᠦᠷᠦᠯ ᠵᠦᠢᠯ ᠤᠨ ᠭᠤᠣᠯ ᠴᠣᠭᠴᠠ ᠳᠤ 3.4 ᠳ᠋ᠦᠩᠰᠢᠭᠤᠷ ᠤᠨ ᠪᠡᠯᠡ ᠣᠷᠤᠭᠤᠯᠬᠤ ᠪᠠᠷ ᠲᠦᠯᠦᠪᠯᠡᠵᠡᠢ᠃ ᠬᠤᠯᠠ ᠵᠠᠢ ᠶᠢᠨ ᠲᠦᠷᠭᠡᠨ ᠲᠡᠰᠢᠯᠲᠡ ᠶᠢᠨ ᠣᠷᠳᠣᠨ ᠤ ᠪᠠᠷᠢᠯᠭ᠎ᠠ ᠶᠢᠨ ᠲᠠᠯᠠᠪᠠᠢ ᠨᠢ 26957.71 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠶ ᠦᠨᠳᠦᠷ ᠤᠨ ᠬᠡᠮᠵᠢᠶ᠎ᠡ ᠨᠢ 40.28 ᠮᠧᠲᠷ ︵ᠬᠠᠮᠤᠭ ᠦᠨᠳᠦᠷ ᠴᠢᠭ᠋︶ ᠪᠠᠶᠢᠵᠤ᠂ 3000 ᠰᠠᠭᠤᠳᠠᠯ ᠲᠣᠬᠢᠷᠠᠭᠤᠯᠤᠨ᠂ 1.98 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠵᠡᠢ︔ ᠣᠬᠤᠷ ᠵᠠᠢ ᠶᠢᠨ ᠲᠦᠷᠭᠡᠨ ᠳᠠᠰᠢᠯᠳᠠ ᠶᠢᠨ ᠣᠷᠳᠣᠨ ᠤ ᠪᠠᠷᠢᠯᠭ᠎ᠠ ᠶᠢᠨ ᠲᠠᠯᠠᠪᠠᠢ ᠨᠢ 13253.27 ᠲᠡᠭᠰᠢ ᠳᠦᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠶ ᠦᠨᠳᠦᠷ ᠤᠨ ᠬᠡᠮᠵᠢᠶ᠎ᠡ ᠨᠢ 34.705 ᠮᠧᠲᠷ ︵ᠬᠠᠮᠤᠭ ᠦᠨᠳᠦᠷ ᠴᠢᠭ᠋︶ ᠪᠠᠶᠢᠵᠤ᠂ 3000 ᠰᠠᠭᠤᠳᠠᠯ ᠲᠣᠬᠢᠷᠠᠭᠤᠯᠪᠠ︔ ᠲᠥᠬᠦᠭᠡᠷᠦᠮᠵᠢ ᠬᠡᠷᠡᠭᠯᠡᠬᠦ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠢ 1982.60 ᠲᠡᠭᠰᠢ ᠳᠦᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠢ ᠦᠨᠳᠦᠷ ᠤᠨ ᠬᠡᠮᠵᠢᠶ᠎ᠡ ᠨᠢ 7.5 ᠮᠧᠲᠷ ︵ᠬᠠᠮᠤᠭ ᠦᠨᠳᠦᠷ ᠴᠢᠭ᠋︶ ᠪᠠᠶᠢᠵᠤ᠂ 1.42 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号