ᠥᠪᠥᠷ ᠮᠣᠩᠭᠤᠯ ᠤᠨ ᠬᠤᠳᠠ ᠪᠠᠯᠭᠠᠰᠤ ᠶᠢᠨ ᠳᠤᠯᠠᠭᠠᠯᠭ᠎ᠠ ᠬᠠᠩᠭᠠᠬᠤ᠂ ᠤᠰᠤ ᠬᠠᠩᠭᠠᠬᠤ 87 ᠲᠥᠷᠥᠯ ᠵᠦᠢᠯ ᠳᠤ 23 ᠳ᠋ᠦᠩᠰᠢᠭᠤᠷ ᠲᠥᠭᠦᠷᠢᠭ ᠪᠡᠯᠡ ᠣᠷᠣᠭᠤᠯᠵᠠᠢ
ᠨᠡᠶᠢᠲᠡᠯᠡᠭᠰᠡᠨ ᠴᠠᠭ᠄
2016/5/10
     ᠥᠪᠥᠷ ᠮᠣᠩᠭᠤᠯ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭᠯᠡᠬᠦ ᠲᠥᠷᠥᠯ ᠵᠦᠢᠯ ᠳᠤ  ᠣᠷᠣᠭᠤᠯᠤᠭᠰᠠᠨ ᠬᠤᠳᠠ ᠪᠠᠯᠭᠠᠰᠤ ᠶᠢᠨ ᠳᠤᠯᠠᠭᠠᠯᠭ᠎ᠠ ᠬᠠᠩᠭᠠᠬᠤ᠂ ᠤᠰᠤ ᠬᠠᠩᠭᠠᠬᠤ 87 ᠲᠥᠷᠥᠯ ᠵᠦᠢᠯ  ᠎ ᠳᠤ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠬᠤ ᠳᠤ ᠨᠡᠶᠢᠳᠡ 23.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂ ᠪᠦᠬᠦ ᠣᠷᠣᠨ ᠤ ᠡᠯ᠎ᠡ ᠠᠶᠢᠮᠠᠭ ᠬᠤᠳᠠ ᠬᠤᠰᠢᠭᠤ ᠰᠢᠶᠠᠨ ᠲᠣᠭᠤᠷᠢᠭ ᠤᠳ ᠡᠨᠡ ᠬᠦ ᠠᠵᠢᠯ ᠢ ᠶᠠᠭ ᠦᠨᠡᠨ ᠬᠦ ᠴᠢᠩᠭ᠎ᠠ ᠠᠳᠬᠤᠵᠤ᠂  ᠲᠥᠷᠥᠯ ᠵᠦᠢᠯ ᠨᠢᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠯᠭᠠᠮ ᠠᠬᠢᠭᠤᠯᠬᠤ᠂  2017 ᠣᠨ ᠳᠤ ᠲᠥᠷᠥᠯ ᠵᠦᠢᠯ ᠪᠦᠬᠦᠨ ᠢ ᠪᠠᠷᠢᠯᠭ᠎ᠠ ᠳᠠᠭᠤᠰᠬᠠᠬᠤ ᠪᠠᠷ ᠦᠨᠡᠨ ᠬᠦ ᠪᠠᠲᠤᠯᠠᠵᠤ ᠪᠤᠢ᠃      ᠡᠨᠡ 87 ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠶᠢ 71.87 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠡᠢ᠃ ᠡᠭᠦᠨ ᠎ ᠳᠤ᠂ ᠬᠤᠲᠠ ᠪᠠᠯᠭᠠᠰᠤ ᠶᠢᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠨᠢ ᠥᠪᠥᠷ ᠮᠣᠩᠭᠤᠯ ᠤᠨ 31 ᠬᠤᠰᠢᠭᠤ ᠰᠢᠶᠠᠨ ᠬᠤᠲᠠ ᠶᠢᠨ 53 ᠲᠥᠷᠥᠯ ᠵᠦᠢᠯ ᠳᠤ ᠬᠤᠯᠪᠣᠭᠳᠠᠵᠤ᠂ ᠶᠡᠷᠦᠩᠬᠡᠶ ᠪᠡᠯᠡ ᠣᠷᠣᠭᠤᠯᠤᠯᠲᠠ ᠨᠢ 55.85 ᠳ᠋ᠦᠩᠰᠢᠭᠤᠷ ᠲᠥᠭᠦᠷᠢᠭ ᠪᠣᠯᠣᠨ᠎ᠠ᠂ ᠣᠳᠣᠬᠠᠨ ᠳᠤ ᠨᠡᠶᠢᠲᠡ18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠬᠤᠲᠠ ᠪᠠᠯᠭᠠᠰᠤ ᠶᠢᠨ ᠤᠰᠤ ᠬᠠᠩᠭᠠᠬᠤ ᠢᠨᠵᠧᠨᠧᠷᠢᠩ ᠨᠢ ᠮᠠᠨ ᠤ ᠣᠷᠣᠨ ᠤ 25 ᠬᠤᠰᠢᠭᠤ ᠰᠢᠶᠠᠨ ᠤ 34 ᠲᠥᠷᠥᠯ ᠵᠦᠢᠯ ᠳᠤ ᠬᠤᠯᠪᠣᠭᠳᠠᠵᠤ᠂ ᠶᠡᠷᠦᠩᠬᠡᠶ ᠪᠡᠯᠡ ᠣᠷᠣᠭᠤᠯᠤᠯᠲᠠ ᠨᠢ 16.02 ᠳ᠋ᠦᠩᠰᠢᠭᠤᠷ ᠲᠥᠭᠦᠷᠢᠭ ᠪᠣᠯᠣᠨ᠎ᠠ᠂ ᠣᠳᠣᠬᠠᠨ ᠳᠤ ᠨᠡᠶᠢᠲᠡ 5.04 ᠳ᠋ᠦᠩᠰᠢᠭᠤᠷ ᠲᠥᠭᠦᠷᠢᠭ ᠤᠨ  ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠬᠤᠳᠠ ᠪᠠᠯᠭᠠᠰᠤ ᠶᠢᠨ ᠳᠤᠯᠠᠭᠠᠯᠭ᠎ᠠ᠂ ᠤᠰᠤ ᠶᠢ ᠰᠠᠭᠠᠳ ᠦᠭᠡᠢ ᠬᠠᠩᠭᠠᠬᠤ ᠪᠣᠯ ᠬᠤᠳᠠ  ᠪᠠᠯᠭᠠᠰᠤ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠣᠳᠠᠰ ᠤᠨ ᠰᠠᠭᠤᠷᠢ ᠶᠤᠮ᠂ ᠮᠦᠨ ᠴᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠡᠯᠧᠮᠧᠨ᠋ᠲ ᠪᠣᠯᠤᠨ᠎ᠠ᠃ ᠥᠩᠭᠡᠷᠡᠭᠰᠡᠨ ᠤ ᠦᠷᠢᠳᠦᠯ ᠠᠷᠪᠢᠨ ᠠᠴᠠ ᠪᠤᠯᠵᠤ᠂ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ ᠨᠢ ᠮᠠᠨ ᠤ ᠣᠷᠣᠨ ᠤ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠪᠠᠭᠤᠷᠠᠶ ᠲᠠᠯ᠎ᠠ ᠪᠣᠯᠣᠭᠰᠠᠭᠠᠷ ᠢᠷᠡᠪᠡ᠃ ᠲᠤᠲᠠᠭᠤ ᠶᠢ ᠨᠥᠬᠦᠪᠦᠷᠢᠯᠡᠵᠦ᠂ ᠬᠢᠵᠠᠭᠠᠷ ᠱᠤᠭᠤᠮ ᠢ ᠴᠢᠯᠦᠭᠡᠯᠡᠬᠦ ᠳᠤ ᠰᠠᠭᠤᠷᠢᠯᠠᠨ᠂ ᠥᠪᠥᠷ ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2015 ᠣᠨ ᠤ 3 ᠳ᠋ᠤᠭᠠᠷ ᠰᠠᠷ᠎ᠠ ᠠᠴᠠ ᠡᠬᠢᠯᠡᠨ ᠪᠦᠬᠦ ᠣᠷᠣᠨ ᠤ ᠶᠠᠳᠠᠭᠤ ᠬᠦᠴᠢᠷᠳᠡᠯ ᠲᠠᠢ 57 ᠬᠤᠰᠢᠭᠤ ᠰᠢᠶᠠᠨ ᠪᠣᠯᠤᠨ ᠬᠦᠨᠳᠦ ᠨᠣᠴᠢᠲᠠᠶ ᠤᠰᠤ ᠳᠤᠲᠠᠭᠳᠠᠵᠤ ᠪᠠᠶᠢᠭ᠎ᠠ 32 ᠬᠤᠰᠢᠭᠤ ᠰᠢᠶᠠᠨ ᠠᠴᠠ ᠬᠤᠳᠠ ᠪᠠᠯᠭᠠᠰᠤ ᠶᠢᠨ ᠳᠤᠯᠠᠭᠠᠯᠭ᠎ᠠ ᠬᠠᠩᠭᠠᠬᠤ᠂ ᠤᠰᠤ ᠬᠠᠩᠭᠠᠬᠤ 87 ᠲᠥᠷᠥᠯ ᠵᠦᠢᠯ ᠢ ᠰᠤᠩᠭᠤᠭᠰᠠᠨ ᠪᠦᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠥᠪᠳᠡᠭᠰᠢ ᠤᠢ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ  ᠲᠥᠷᠥᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ︾᠎ ᠶᠢ ᠵᠣᠬᠢᠶᠠᠵᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠪᠡ᠃ ᠡᠳᠡᠭᠡᠷ ᠲᠦᠷᠦᠯ ᠵᠦᠢᠯ ᠤᠨ ᠬᠡᠷᠡᠭᠵᠢᠭᠦᠯᠦᠯᠲᠡ ᠨᠢ ᠮᠠᠨ ᠤ ᠣᠷᠣᠨ ᠤ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠲᠣᠭᠤᠷᠢᠭ ᠤᠨ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠥᠪᠥᠷ ᠮᠣᠩᠭᠤᠯ ᠤᠨ ᠠᠵᠤ ᠠᠬᠤᠶ ᠎ ᠶᠢ ᠦᠷᠭᠦᠯᠵᠢᠯᠡᠨ ᠡᠷᠡᠭᠦᠯ ᠢᠶᠠᠷ ᠬᠦᠭᠵᠢᠭᠦᠯᠬᠦ ᠪᠠ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠣᠯᠭᠤᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号