ᠥᠪᠥᠷ ᠮᠣᠩᠭᠤᠯ ᠲᠥᠷᠥ ᠶᠢᠨ ᠪᠣᠳᠣᠯᠭ᠎ᠠ ᠲᠤᠭᠲᠠᠭᠠᠵᠤ᠂ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠬᠦᠯᠵᠤ ᠪᠤᠢ
ᠨᠡᠶᠢᠲᠡᠯᠡᠭᠰᠡᠨ ᠴᠠᠭ᠄
2016/5/10
     ᠬᠠᠤᠯᠢ ᠪᠠᠷ ᠵᠠᠰᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠭᠡᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠨᠥᠬᠦᠴᠡᠯ ᠪᠤᠯᠤᠨ ᠴᠢᠨᠠᠷᠵᠢᠭᠤᠨ ᠪᠦᠲᠦᠮᠵᠢᠲᠡᠶ ᠦᠢᠯᠡᠴᠢᠯᠡᠭᠡ ᠶᠢᠨ ᠣᠷᠴᠢᠨ ᠲᠣᠭᠤᠷᠢᠨ ᠢ ᠴᠤᠭᠴᠠᠯᠠᠬᠤ ᠶᠢᠨ ᠲᠤᠯᠠᠳᠠ᠂ 5 ᠳ᠋ᠤᠭᠠᠷ ᠰᠠᠷ᠎ᠠ ᠶᠢᠨ 3᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠪᠡ᠃      ︽ᠰᠠᠨᠠᠯ︾᠎ ᠳᠤ ᠱᠠᠭᠠᠷᠳᠠᠭᠰᠠᠨ ᠨᠢ᠂ ᠲᠡᠰ ᠳᠠᠪᠬᠤᠷᠭ᠎ᠠ ᠶᠢ ᠴᠥᠭᠡᠳᠬᠡᠬᠦ᠂ ᠡᠩᠨᠡᠭᠡ ᠶᠢ ᠡᠮᠬᠢᠯᠡᠨ ᠨᠡᠶᠢᠯᠡᠭᠦᠯᠬᠦ᠂ ᠭᠤᠣᠯᠳᠠᠯᠭ᠎ᠠ ᠶᠢ ᠳᠣᠷᠣᠭᠰᠢ ᠰᠢᠯᠵᠢᠬᠦᠯᠬᠦ᠂ ᠦᠷ᠎ᠡ ᠪᠦᠲᠦᠭᠡᠯ ᠢ ᠳᠡᠭᠡᠭᠰᠢᠯᠡᠭᠦᠯᠬᠦ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠡᠮᠬᠢᠯᠡᠨ ᠨᠡᠶᠢᠯᠡᠭᠦᠯᠵᠦ᠂ ᠵᠠᠰᠠᠭ ᠵᠠᠬᠢᠷᠭᠠᠨ ᠤ ᠰᠢᠳᠭᠡᠵᠤ ᠲᠤᠷᠭᠠᠬᠤ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠦᠨ᠂ ᠰᠠᠯᠠᠭ᠎ᠠ ᠮᠥᠴᠢᠷ ᠤᠨ ᠳᠤᠲᠤᠷ᠎ᠠ ᠪᠠᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠲᠡ ᠶᠢ ᠪᠡᠶᠡᠯᠡᠭᠦᠯᠬᠦ ᠬᠡᠷᠡᠭᠲᠠᠢ᠃ ᠠᠶᠢᠮᠠᠭ ᠬᠤᠳᠠ᠂ ᠬᠤᠰᠢᠭᠤ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠨᠢᠭᠡᠳᠦᠯᠲᠡᠶ ᠤᠳᠤᠷᠢᠳᠬᠤ ᠪᠠ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠠᠢ᠃ ᠠᠶᠢᠮᠠᠭ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠬᠦ ᠡᠩᠨᠡᠭᠡᠨ ᠤ ᠲᠦᠷᠦᠯ ᠵᠦᠢᠯ ᠢ ᠶᠡᠭᠡ ᠪᠠᠷ ᠪᠠᠭᠠᠰᠬᠠᠵᠤ᠂ ᠭᠤᠣᠯᠳᠠᠭᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠦᠢᠯᠡᠳᠪᠦᠷᠢ ᠬᠤᠳᠠᠯᠳᠤᠭᠠᠨ ᠤ ᠶᠠᠰᠤ ᠴᠢᠨᠠᠷ ᠤᠨ ᠪᠠᠶᠢᠴᠠᠭᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯ ᠦᠭᠡᠢ ᠦᠢᠯᠡᠳᠪᠦᠷᠢᠯᠡᠯ᠂ ᠰᠣᠶᠣᠯ ᠵᠢᠭᠤᠯᠴᠢᠯᠠᠯ᠂ ᠡᠬᠢ ᠪᠠᠶᠠᠯᠢᠭ ᠣᠷᠴᠢᠨ ᠲᠤᠭᠤᠷᠢᠨ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠬᠦᠷᠢᠶᠡᠨ ᠳᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠲᠡ ᠶᠢ ᠶᠠᠪᠤᠭᠤᠯᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢ ᠵᠦᠢ ᠵᠣᠬᠢᠰᠲᠠᠶ ᠲᠤᠬᠢᠷᠠᠭᠤᠯᠵᠤ᠂ ᠳᠠᠬᠢᠨ ᠳᠠᠪᠲᠠᠨ ᠬᠠᠤᠯᠢ ᠬᠡᠷᠡᠭᠵᠢᠭᠦᠯᠬᠦ᠂ ᠤᠯᠠᠨ ᠳᠠᠪᠬᠤᠷᠭ᠎ᠠ ᠪᠠᠷ ᠬᠠᠤᠯᠢ ᠬᠡᠷᠡᠭᠵᠢᠭᠦᠯᠬᠦ ᠠᠰᠠᠭᠤᠳᠠᠯ ᠢ ᠦᠨᠡᠨ ᠬᠦ ᠰᠢᠢᠳᠪᠦᠷᠢᠯᠡᠵᠤ᠂ ᠨᠥᠬᠦᠴᠡᠯ ᠲᠠᠢ ᠭᠠᠵᠠᠷ ᠣᠷᠣᠨ ᠪᠣᠯᠤᠨ ᠬᠦᠷᠢᠶ᠎ᠡ ᠬᠡᠪᠴᠢᠶ᠎ᠡ ᠨᠦᠭᠦᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠶᠠᠪᠤᠭᠤᠯᠵᠤ ᠪᠣᠯᠤᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠎ ᠨᠦᠭᠦᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠠᠶ ᠲᠠᠢ ᠤᠶᠠᠯᠳᠤᠭᠤᠯᠤᠨ᠂ ᠬᠠᠤᠯᠢ ᠬᠡᠷᠡᠭᠵᠢᠬᠦᠯᠦᠯᠲᠡ ᠪᠠᠨ ᠴᠢᠨᠠᠭᠰᠢᠳᠠ ᠤᠷᠲᠤᠳᠬᠠᠵᠤ᠂ ᠰᠤᠮᠤ ᠰᠢᠶᠠᠩ ᠪᠠᠯᠭᠠᠰᠤ ᠳᠤ ᠬᠠᠤᠯᠢ ᠬᠡᠷᠡᠭᠵᠢᠭᠦᠯᠬᠦ ᠲᠣᠮᠢᠯᠠᠭᠰᠠᠨ ᠪᠠᠶᠢᠭᠤᠯᠤᠮᠵᠢ ᠰᠦᠪᠡᠭᠴᠢᠯᠡᠬᠦ ᠪᠤᠶᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠬᠠᠷᠢᠯᠴᠠᠬᠤ ᠬᠥᠮᠦᠨ ᠲᠤᠬᠢᠷᠠᠭᠤᠯᠬᠤ ᠵᠡᠷᠭᠡ ᠲᠦᠷᠢᠮ ᠢ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠬᠡᠷᠡᠭᠲᠠᠢ ᠬᠡᠪᠡ᠃      ︽ᠰᠠᠨᠠᠯ︾᠎ ᠳᠤ᠂ ᠬᠠᠤᠯᠢ ᠬᠡᠷᠡᠭᠵᠢᠭᠦᠯᠬᠦ ᠠᠵᠢᠯᠲᠠᠨ ᠢ ᠰᠢᠨ᠎ᠡ ᠪᠠᠷ ᠡᠯᠰᠡᠵᠦ ᠬᠡᠷᠡᠭᠯᠡᠬᠦ ᠪᠠ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠤᠬᠠᠢ ᠱᠠᠭᠠᠷᠳᠠᠯᠭ᠎ᠠ ᠳᠤᠷᠠᠳᠪᠠ᠂ ᠲᠤᠬᠠᠶᠢᠯᠠᠪᠠᠯ ᠬᠦᠮᠦᠨ ᠡᠯᠰᠡᠵᠤ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠢᠶᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠯᠰᠡᠨ ᠬᠡᠷᠡᠭᠯᠡᠬᠦ ᠵᠢᠷᠤᠮ ᠤᠨ ᠲᠣᠭᠲᠠᠭᠠᠯ ᠪᠤᠯᠤᠨ ᠲᠠᠪᠴᠠᠩ ᠢ ᠨᠢᠭᠡᠳᠭᠡᠵᠤ᠂ ᠡᠯᠰᠡᠵᠦ ᠬᠡᠷᠡᠭᠯᠡᠬᠦ ᠠᠵᠢᠯᠲᠠᠨ ᠤ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠴᠢᠩᠭ᠎ᠠ ᠠᠳᠬᠤᠬᠤ ᠬᠡᠷᠡᠭᠲᠠᠢ᠃ ᠬᠠᠤᠯᠢ ᠬᠡᠷᠡᠭᠵᠢᠭᠦᠯᠬᠦ ᠲᠤᠰᠠᠯᠠᠬᠤ ᠠᠵᠢᠯᠲᠠᠳ ᠵᠥᠪᠬᠡᠨ ᠬᠠᠤᠯᠢ ᠬᠡᠷᠡᠭᠵᠢᠭᠦᠯᠬᠦ ᠠᠵᠢᠯᠲᠠᠳ ᠤᠨ ᠤᠬᠠᠭᠤᠯᠭ᠎ᠠ ᠬᠥᠮᠦᠵᠢᠯ ᠬᠢᠬᠦ᠂ ᠮᠡᠳᠡᠭᠡ ᠵᠠᠩᠭᠢ ᠴᠤᠭᠯᠠᠭᠤᠯᠬᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠵᠡᠷᠭᠡ ᠲᠤᠰᠠᠯᠠᠬᠤ ᠴᠢᠨᠠᠷᠲᠠᠶ ᠬᠡᠷᠡᠭ ᠶᠠᠪᠤᠳᠠᠯ ᠢ ᠬᠠᠮᠵᠢᠬᠤ ᠠᠴᠠ ᠪᠢᠰᠢ᠂ ᠪᠣᠳᠠᠲᠠᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠵᠦ ᠪᠣᠯᠬᠤ ᠦᠭᠡᠢ᠃ 2016 ᠣᠨ ᠤ ᠵᠢᠯ ᠤᠨ ᠡᠴᠦᠰ ᠠᠴᠠ ᠡᠮᠦᠨ᠎ᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠢᠯᠭᠠᠷᠠᠭᠤᠯᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠦᠨᠡᠮᠯᠡᠯ ᠢ ᠰᠣᠯᠢᠬᠤ ᠠᠵᠢᠯ ᠢ ᠬᠢᠨ᠎ᠡ᠃ 2018 ᠤᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠪᠥᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠡᠷᠬᠢᠯᠡᠵᠤ ᠪᠠᠶᠢᠭ᠎ᠠ ᠬᠥᠮᠦᠰ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠶᠤᠰᠤᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠦᠢᠯᠡᠳᠴᠦ ᠲᠠᠷᠬᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠭᠤᠶᠤᠴᠢᠯᠠᠨ ᠠᠪᠴᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号