ᠥᠪᠥᠷ ᠮᠣᠩᠭᠤᠯ᠄ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠳᠠᠯᠳᠠ‌‍ᠲ᠋ᠦ᠋ᠷᠢᠮᠯᠡᠯ ᠲᠠᠢ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2016/5/10
     4 ᠳ᠋ᠦ᠋ᠭᠡᠷ ᠰᠠᠷ᠎ᠠ ᠶᠢᠨ 30᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠡᠷᠲᠡᠭᠡᠨ ᠵᠠᠰᠠᠬᠤ ᠣᠷᠣᠨ ᠤ 2016 ᠣᠨ ᠤ ᠢᠳᠡᠭᠡᠨ ᠤ ᠠᠶᠤᠯ ᠦᠭᠡᠢ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾᠎ ᠶᠢ ᠲᠠᠷᠬᠠᠭᠠᠵᠤ᠂ ᠬᠠᠤᠯᠢ ᠪᠤᠰᠤ ᠪᠠᠷ ᠬᠤᠯᠢᠴᠠ ᠨᠡᠮᠡᠬᠦ᠂ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ᠂ ᠬᠤᠷᠢᠭ᠎ᠠ ᠬᠢᠵᠠᠭᠠᠷ ᠲᠠᠢ ᠲᠠᠷᠢᠶᠠᠨ ᠡᠮ ᠮᠠᠯ ᠤᠨ ᠡᠮ ᠢ ᠬᠠᠤᠯᠢ ᠠᠴᠠ ᠵᠦᠷᠢᠴᠡᠨ ᠬᠡᠷᠡᠭᠯᠡᠬᠦ ᠵᠡᠷᠭᠡ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠭᠤᠣᠯᠳᠠᠯᠭ᠎ᠠ ᠲᠠᠢ ᠬᠡᠷᠡᠭ ᠢ ᠢᠯᠡ ᠪᠠᠷ ᠨᠡᠶᠢᠲᠡᠯᠡᠬᠦ ᠡᠷᠴᠢᠮ ᠢᠶᠠᠨ ᠴᠢᠩᠭᠠᠳᠬᠠᠵᠠᠢ᠃      ᠥᠪᠥᠷ ᠮᠣᠩᠭᠤᠯ ᠨᠢᠭᠤᠴᠠ ᠪᠠᠷ ᠠᠷᠠᠯᠵᠢᠶᠠᠯᠠᠭᠰᠠᠨ ᠬᠥᠯᠳᠡᠭᠦᠦ ᠡᠳ᠋᠂ ᠬᠤᠭᠤᠯᠠᠨ ᠲᠢᠩᠬᠢᠮ ᠲᠣᠭᠤᠭᠠᠨ ᠭᠡᠷ ᠪᠠ ᠨᠢᠲᠤᠯᠵᠤ ᠪᠣᠯᠪᠠᠰᠤᠷᠠᠭᠤᠯᠬᠤ ᠬᠠᠶᠠᠭᠳᠠᠮᠠᠯ ᠪᠣᠳᠠᠰ ᠢ ᠠᠰᠢᠭᠯᠠᠨ ᠢᠳᠡᠭᠡᠨ ᠤ ᠲᠣᠰᠣ ᠪᠣᠯᠪᠠᠰᠤᠷᠠᠭᠤᠯᠬᠤ᠂ ᠢᠨᠲ᠋ᠧᠷ ᠰᠦᠯᠵᠢᠶᠡᠨ ᠤ ᠢᠳᠡᠭᠡᠨ ᠤ ᠠᠶᠤᠯ ᠦᠭᠡᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠵᠡᠷᠭᠡ ᠶᠢ ᠪᠠᠶᠢᠴᠠᠭᠠᠨ ᠰᠢᠳᠬᠡᠬᠦ ᠪᠠᠷ ᠭᠤᠣᠯᠳᠠᠯᠭ᠎ᠠ ᠪᠣᠯᠭᠠᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠮᠢᠶᠠᠷᠤᠯᠲᠠ ᠶᠢᠨ ᠬᠠᠤᠯᠢ ᠶᠢ ᠵᠤᠯᠭᠠᠯᠳᠤᠭᠤᠯᠬᠤ︾ ᠪᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠠᠤᠯᠢ ᠴᠠᠭᠠᠵᠠ ᠶᠢ ᠵᠤᠯᠭᠠᠯᠳᠤᠭᠤᠯᠬᠤ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ᠂ ᠣᠷᠣᠨ ᠪᠦᠰᠡ ᠶᠢᠨ ᠬᠤᠭᠤᠷᠣᠨᠳᠣᠬᠢ ᠬᠡᠷᠡᠭ ᠰᠢᠯᠵᠢᠭᠦᠯᠦᠨ ᠬᠦᠷᠭᠡᠬᠦ᠂ ᠰᠢᠪᠠᠳᠠᠨ ᠰᠢᠢᠳᠪᠦᠷᠢᠯᠡᠬᠦ ᠪᠠᠶᠢᠴᠠᠭᠠᠨ ᠰᠢᠢᠳᠪᠦᠷᠢᠯᠡᠬᠦ᠂ ᠬᠤᠯᠪᠣᠭᠠᠯᠠᠨ ᠶᠠᠯᠠᠯᠠᠨ ᠰᠢᠳᠬᠡᠬᠦ᠂ ᠮᠡᠳᠡᠭᠡ ᠵᠠᠩᠭᠢ ᠨᠡᠶᠢᠲᠡᠯᠡᠬᠦ ᠵᠡᠷᠭᠡ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠷᠠᠭᠤᠯᠬᠤ ᠪᠤᠯᠤᠨ᠎ᠠ᠃ ᠬᠠᠤᠯᠢ ᠠᠴᠠ ᠵᠥᠷᠢᠴᠡᠭᠰᠡᠨ ᠰᠦᠪᠡᠭᠴᠢ᠂ ᠬᠡᠷᠡᠭ ᠤᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠵᠠᠳᠠᠯᠤᠯᠲᠠ ᠪᠠᠨ ᠴᠢᠩᠭᠠᠳᠬᠠᠵᠤ᠂ ᠨᠡᠶᠢᠲᠡᠯᠢᠭ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠳ᠋ᠦᠩᠨᠡᠵᠦ᠂ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠠᠵᠢᠯ ᠲᠥᠷᠥᠯ ᠤᠨ ᠳᠠᠯᠳᠠ ᠳᠦᠷᠢᠮᠯᠡᠯ ᠲᠠᠢ ᠲᠤᠮᠤ ᠬᠡᠷᠡᠭ ᠴᠢᠬᠤᠯᠠ ᠬᠡᠷᠡᠭ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠬᠡᠷᠡᠭ ᠳᠤ ᠫᠠᠶᠢᠰᠠ ᠡᠯᠭᠦᠨ ᠰᠢᠪᠠᠳᠠᠨ ᠰᠢᠢᠳᠪᠦᠷᠢᠯᠡᠬᠦ ᠳᠦᠷᠢᠮ ᠢ ᠬᠡᠷᠡᠭᠵᠢᠭᠦᠯᠵᠦ᠂ ᠬᠡᠷᠡᠭ ᠤᠨ ᠮᠡᠳᠡᠭᠡ ᠵᠠᠩᠭᠢ ᠶᠢ ᠢᠯᠡᠴᠢᠯᠡᠵᠦ ᠨᠡᠶᠢᠲᠡᠯᠡᠨ᠎ᠡ᠃      ᠠᠵᠢᠯ ᠤᠨ ᠲᠤᠬᠢᠷᠠᠭᠤᠯᠤᠯᠲᠠ ᠶᠤᠰᠤᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠲᠤ ᠪᠠᠷ ᠬᠦᠲᠡᠯᠦᠯᠴᠡᠨ ᠰᠢᠯᠭᠠᠨ ᠪᠠᠶᠢᠴᠠᠭᠠᠨ ᠴᠣᠬᠢᠯᠲᠠ ᠦᠭᠴᠦ᠂ ᠬᠤᠷᠢᠭ᠎ᠠ ᠬᠢᠵᠠᠭᠠᠷ ᠲᠠᠢ ᠲᠠᠷᠢᠶ᠎ᠠ ᠮᠠᠯ ᠤᠨ ᠡᠮ ᠤᠨ ᠦᠯᠡᠳᠡᠭᠳᠡᠯ ᠨᠢ ᠪᠠᠷᠢᠮᠵᠢᠶ᠎ᠠ ᠠᠴᠠ ᠬᠡᠲᠦᠷᠡᠬᠦ᠂ ᠤᠰᠤᠨ ᠭᠠᠷᠤᠯᠲᠠ ᠶᠢᠨ ᠡᠮ ᠢ ᠳᠤᠷ᠎ᠠ ᠪᠠᠷ ᠬᠡᠷᠡᠭᠯᠡᠬᠦ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠢ ᠳᠤᠷ᠎ᠠ ᠪᠠᠷ ᠢᠶᠠᠨ ᠬᠡᠷᠡᠭᠯᠡᠬᠦ᠂ ᠲᠡᠵᠢᠭᠡᠯ ᠪᠣᠷᠳᠤᠭ᠎ᠠ ᠶᠢᠨ ︽ᠮᠢᠬᠠᠯᠠᠭᠤᠯᠬᠤ ᠬᠠᠨᠳᠠ︾᠎ ᠶᠢ ᠬᠠᠤᠯᠢ ᠪᠤᠰᠤ ᠪᠠᠷ ᠨᠡᠮᠡᠬᠦ᠂ ᠭᠠᠭ᠋ᠠᠶ ᠨᠢᠲᠤᠯᠬᠤ ︽ᠮᠢᠨ᠎ᠠ ᠠᠷᠢᠯᠭᠠᠬᠤ︾ ᠠᠵᠢᠯᠯᠠᠭ᠎ᠠ ᠵᠡᠷᠭᠡ ᠲᠤᠰᠬᠠᠶ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠠᠵᠢᠯ ᠢ ᠦᠷᠨᠢᠭᠦᠯᠵᠦ᠂ ᠲᠠᠷᠢᠶᠠᠨ ᠡᠮ ᠮᠠᠯ ᠤᠨ ᠡᠮ ᠤᠨ ᠦᠯᠡᠳᠡᠭᠳᠡᠯ ᠵᠡᠷᠭᠡ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠬᠠᠤᠯᠢ ᠪᠤᠰᠤ ᠪᠠᠷ ᠬᠤᠤᠷ ᠲᠠᠢ ᠬᠤᠣᠷ ᠬᠥᠨᠥᠭᠡᠯ ᠲᠠᠢ ᠪᠣᠳᠠᠰ ᠨᠡᠮᠡᠬᠦ᠂ ᠡᠪᠡᠳᠴᠢᠯᠡᠵᠦ ᠦᠬᠦᠭᠰᠡᠨ ᠮᠠᠯ ᠵᠢᠭᠦᠷᠲᠡᠨ ᠬᠤᠳᠠᠯᠳᠤᠨ ᠠᠪᠬᠤ ᠨᠢᠲᠤᠯᠬᠤ᠂ ᠲᠠᠷᠢᠶᠠᠯᠠᠩ ᠤᠨ ᠬᠡᠷᠡᠭᠰᠡᠯ ᠢ ᠬᠠᠭᠤᠷᠮᠠᠭ ᠢᠶᠠᠷ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠎ ᠳᠤ ᠴᠢᠩᠭ᠎ᠠ ᠴᠤᠬᠢᠯᠲᠠ ᠦᠭᠭᠦᠨ᠎ᠡ᠃      ᠡᠭᠦᠨ ᠤ ᠬᠠᠮᠲᠤ᠂ ᠥᠪᠥᠷ ᠮᠣᠩᠭᠤᠯ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠪᠣᠯᠤᠨ ᠨᠢᠯᠬ᠎ᠠ ᠬᠡᠦᠬᠡᠳ ᠤᠨ ᠲᠤᠰᠠᠯᠠᠬᠤ ᠢᠳᠡᠭᠡᠨ᠂ ᠴᠠᠭᠠᠨ ᠢᠳᠡᠭᠡᠨ᠂ ᠤᠯᠠᠭᠠᠨ ᠢᠳᠡᠭᠡᠨ᠂ ᠬᠠᠷ᠎ᠠ ᠠᠷᠢᠬᠢ᠂ ᠠᠮᠲᠠ ᠣᠷᠣᠭᠤᠯᠬᠤ ᠲᠠᠯᠠᠬ᠎ᠠ᠂ ᠢᠳᠡᠰᠢᠨ ᠤ ᠤᠷᠭᠤᠮᠠᠯ ᠤᠨ ᠲᠤᠰᠤ᠂ ᠢᠳᠡᠭᠡᠨ ᠤ ᠬᠤᠯᠢᠴᠠ ᠡᠳ᠋ ᠵᠡᠷᠭᠡ ᠭᠤᠣᠯᠳᠠᠯᠭ᠎ᠠ ᠲᠠᠢ ᠦᠢᠯᠡᠳᠬᠦᠨ ᠤ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠨ᠎ᠠ᠃ ᠢᠳᠡᠭᠡᠨ ᠲᠠᠢ ᠬᠤᠯᠪᠣᠭᠳᠠᠬᠤ ᠦᠢᠯᠡᠳᠬᠦᠨ ᠤ ᠶᠠᠰᠤ ᠴᠢᠨᠠᠷ ᠤᠨ ᠠᠶᠤᠯ ᠥᠭᠡᠢ ᠶᠢᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠬᠦᠨ ᠰᠢᠰᠲ᠋ᠧᠮᠲᠦ ᠴᠢᠨᠠᠷᠲᠠᠢ ᠪᠤᠬᠢᠷᠳᠤᠭᠰᠠᠨ ᠠᠰᠠᠭᠤᠳᠠᠯ ᠭᠠᠷᠬᠤ ᠶᠢ ᠰᠡᠷᠭᠡᠶᠢᠯᠡᠨ᠎ᠡ᠃ ᠪᠣᠬᠢᠷᠲᠤᠯ ᠠᠮᠤ ᠪᠤᠳᠠᠭ᠎ᠠ ᠬᠤᠳᠠᠯᠳᠤᠨ ᠠᠪᠴᠤ ᠰᠢᠢᠳᠪᠦᠷᠢᠯᠡᠬᠦ ᠠᠵᠢᠯ ᠢ ᠲᠣᠬᠢᠲᠠᠶ ᠰᠠᠶᠢᠨ ᠬᠢᠵᠦ᠂ ᠬᠦᠨᠡᠰᠦᠨ ᠠᠮᠤ ᠶᠢᠨ ᠵᠠᠬ᠎ᠠ ᠳᠡᠯᠭᠡᠭᠦᠷ ᠲᠤ ᠤᠷᠤᠬᠤ ᠶᠢ ᠰᠡᠷᠭᠡᠶᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号