ᠱᠢ ᠸᠠᠨ ᠵᠢᠶᠦ᠋ᠨ ᠦᠬᠠᠶ ᠬᠤᠲᠠ ᠶᠢᠨ ᠳᠠᠷᠤᠭ᠎ᠠ ᠶᠢᠨ ᠵᠢᠱᠢᠭᠳᠡᠭᠰᠡᠳ ᠢᠶᠠᠷ ᠨᠡᠷ᠎ᠡ ᠳᠤᠷᠠᠳᠤᠭᠳᠠᠵᠤ  ᠠᠢ ᠯᠢ ᠬᠤᠸᠠ ᠤᠯᠠᠭᠠᠨᠴᠠᠪ ᠬᠤᠳᠠ ᠶᠢᠨ ᠣᠷᠣᠯᠠᠭᠴᠢ ᠬᠤᠲᠠ ᠶᠢᠨ ᠳᠠᠷᠤᠭ᠎ᠠ ᠪᠠᠷ ᠲᠣᠮᠢᠯᠠᠭᠳᠠᠪᠠ
ᠨᠡᠶᠢᠲᠡᠯᠡᠭᠰᠡᠨ ᠴᠠᠭ᠄
2016/5/10

     ᠥᠪᠥᠷ ᠮᠣᠩᠭᠤᠯ ᠤᠨ ︽ᠦᠬᠠᠶ ᠶᠢᠨ ᠡᠳᠦᠷ ᠤᠨ ᠰᠣᠨᠢᠨ︾ ᠤ ᠮᠡᠳᠡᠭᠡ ᠶᠢ ᠦᠨᠳᠦᠰᠦᠯᠡᠪᠡᠯ᠂ 4 ᠳ᠋ᠤᠭᠡᠷ ᠰᠠᠷ᠎ᠠ ᠶᠢᠨ 29 ᠤ ᠡᠳᠦᠷ᠂ ᠣᠷᠳᠣᠰ ᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠢᠵᠦ᠂ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠷ ᠢ ᠲᠤᠰᠢᠶᠠᠯ ᠳᠤ ᠲᠣᠮᠢᠯᠠᠵᠤ ᠪᠠᠭᠤᠯᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠨᠡᠶᠢᠲᠡᠯᠡᠪᠡ᠄ ᠱᠢ ᠸᠠᠨ ᠵᠢᠶᠦ᠋ᠨ ᠨᠥᠬᠦᠷ ᠦᠬᠠᠶ ᠬᠤᠳᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ᠂ ᠳᠡᠳ᠋ ᠱᠦᠵᠢ ᠪᠠᠷ ᠲᠣᠮᠢᠯᠠᠭᠳᠠᠵᠤ᠂ ᠦᠬᠠᠶ ᠬᠤᠲᠠ ᠶᠢᠨ ᠳᠠᠷᠤᠭ᠎ᠠ ᠶᠢᠨ ᠵᠢᠱᠢᠭᠳᠡᠭᠰᠡᠳ ᠢᠶᠠᠷ ᠨᠡᠷ᠎ᠡ ᠳᠤᠷᠠᠳᠤᠭᠳᠠᠵᠠᠢ᠃ ᠠᠢ ᠯᠢ ᠬᠤᠸᠠ ᠨᠥᠬᠦᠷ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠢ ᠦᠷᠭᠦᠯᠵᠢᠯᠡᠨ ᠬᠠᠷᠢᠭᠤᠴᠠᠬᠤ ᠦᠭᠡᠢ᠂ ᠦᠬᠠᠶ ᠬᠤᠲᠠ ᠶᠢᠨ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠨᠡᠷ᠎ᠡ ᠳᠤᠷᠠᠳᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠭᠡᠷ᠎ᠡ ᠲᠤᠰᠢᠶᠠᠯ ᠳᠤ ᠲᠣᠮᠢᠯᠠᠬᠤ ᠪᠣᠯᠣᠨ᠎ᠠ᠃
 ᠤᠯᠠᠭᠠᠨᠴᠠᠪ ᠤᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶ᠎ᠠ ᠶᠢᠨ 4 ᠳ᠋ᠤᠭᠡᠷ ᠰᠠᠷ᠎ᠠ ᠶᠢᠨ 29 ᠤ ᠡᠳᠦᠷ ᠨᠡᠪᠲᠡᠷᠡᠭᠦᠯᠦᠭᠰᠡᠨ ︽ᠤᠯᠠᠭᠠᠨᠴᠠᠪ ᠤᠨ ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠮᠡᠳᠡᠭᠡᠯᠡᠭᠰᠡᠨ ᠢᠶᠠᠷ᠂ 4 ᠳ᠋ᠤᠭᠡᠷ ᠰᠠᠷ᠎ᠠ ᠶᠢᠨ 29 ᠤ ᠡᠳᠦᠷ᠂ ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ᠬᠤᠷᠠᠯ ᠠᠴᠠ ᠠᠢ ᠯᠢ ᠬᠤᠸᠠ ᠶᠢ ᠤᠯᠠᠭᠠᠨᠴᠠᠪ ᠬᠤᠳᠠ ᠶᠢᠨ ᠳᠡᠳ᠋ ᠳᠠᠷᠤᠭ᠎ᠠ᠂ ᠣᠷᠣᠯᠠᠭᠴᠢ ᠬᠤᠲᠠ ᠶᠢᠨ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃


     ᠱᠢ ᠸᠠᠨ ᠵᠢᠶᠦ᠋ᠨ ᠨᠥᠬᠦᠷ ᠤᠨ ᠲᠣᠪᠴᠢ ᠨᠠᠮᠲᠠᠷ
     ᠱᠢ ᠸᠠᠨ ᠵᠢᠶᠦ᠋ᠨ᠂ ᠡᠷᠡᠭᠲᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠥᠮᠦᠨ᠂ 1963 ᠣᠨ ᠤ 4 ᠳ᠋ᠤᠭᠡᠷ ᠰᠠᠷ᠎ᠠ ᠳᠤ ᠲᠥᠷᠥᠵᠡᠢ᠂ 1985 ᠣᠨ ᠤ 1 ᠳ᠋ᠤᠭᠡᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠲᠥᠪ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠠᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃
     1983.08 —1986.03 ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠷᠭᠠᠭᠤᠯᠢ ᠶᠢᠨ ᠳᠡᠳ᠋ ᠰᠠᠯᠠᠭᠠᠨ ᠳᠠᠷᠤᠭ᠎ᠠ᠂ ᠡᠪᠯᠡᠯ ᠤᠨ ᠬᠤᠷᠢᠶ᠎ᠠ ᠶᠢᠨ ᠱᠦᠵᠢ ᠪᠠᠶᠢᠪᠠ

     1986.03 —1989.08 ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠰᠠᠯᠠᠭᠠᠨ ᠤ ᠠᠵᠢᠯᠳᠡᠨ ︵ᠳᠡᠳ᠋ ᠰᠠᠯᠠᠭᠠᠨ ᠳᠡᠰ︶ ᠪᠠᠶᠢᠪᠠ
     1989.08 —1993.02 ᠤᠯᠠᠭᠠᠨᠬᠠᠳᠠ ᠬᠤᠳᠠ ᠶᠢᠨ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶᠢᠪᠠ
     1993.02 —1995.04 ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ︵ᠡᠨᠡ ᠬᠤᠭᠤᠷᠣᠨᠳᠣ 1993.03 —1993.12 ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠠᠵᠢᠯ ᠤᠨ ᠪᠦᠯᠬᠦᠮ ᠤᠨ ᠳᠠᠷᠤᠭ᠎ᠠ︶ ᠪᠠᠶᠢᠪᠠ
     1995.04 —1996.09 ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠳᠡᠳ᠋ ᠬᠤᠰᠢᠭᠤᠨ ᠳᠠᠷᠤᠭ᠎ᠠ ᠪᠠᠶᠢᠪᠠ
     1996.09 —2001.10 ᠤᠯᠠᠭᠠᠨᠬᠠᠳᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠪᠠᠶᠢᠪᠠ ︵ᠡᠨᠡ ᠬᠤᠭᠤᠷᠣᠨᠳᠣ 1998 ᠣᠨ ᠤ 6 ᠳ᠋ᠤᠭᠠᠷ ᠰᠠᠷ᠎ᠠ —12 ᠳ᠋ᠤᠭᠠᠷ ᠰᠠᠷ᠎ᠠ ᠳᠤ ᠪᠡᠭᠡᠵᠢᠩ ᠬᠤᠲᠠ ᠶᠢᠨ ᠹᠸᠡᠭ ᠲᠠᠢ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠨ ᠪᠣᠯᠪᠠᠰᠤᠷᠠᠵᠤ ᠪᠠᠶᠢᠪᠠ︶
     2001.10 —2002.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠪᠠᠷᠠᠭᠤᠨ ᠣᠷᠣᠨ ᠤ ᠪᠠᠶᠢᠴᠠᠭᠠᠯᠲᠠ ᠶᠢᠨ ᠲᠣᠪᠴᠢᠶ᠎ᠠ ᠶᠢᠨ ᠪᠡᠯᠡᠳᠬᠡᠯ ᠠᠵᠢᠯ ᠤᠨ ᠳᠤᠭᠤᠶᠢᠯᠠᠩ ᠤᠨ ᠳᠠᠷᠤᠭ᠎ᠠ᠂ ᠤᠯᠠᠭᠠᠨᠬᠠᠳᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠪᠠᠶᠢᠴᠠᠭᠠᠨ ᠰᠤᠳᠤᠯᠤᠭᠴᠢ ︵ᠵᠢᠩᠭᠢᠨᠢ ᠭᠠᠵᠠᠷ ᠤᠨ ᠳᠡᠰ︶ ᠪᠠᠶᠢᠪᠠ᠃
     2002.05 —2004.03 ᠬᠥᠯᠥᠨ ᠪᠤᠶᠢᠷ ᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠩᠭᠤ ᠶᠢᠨ ᠳᠡᠳ᠋ ᠲᠣᠪᠴᠢᠶᠠᠨ ᠳᠠᠷᠤᠭ᠎ᠠ ︵ᠵᠢᠩᠬᠢᠨᠢ ᠭᠠᠵᠠᠷ ᠤᠨ ᠲᠡᠰ︶ ᠪᠠᠶᠢᠪᠠ
     2004.03 —2006.09 ᠬᠥᠯᠥᠨ ᠪᠤᠶᠢᠷ ᠬᠤᠳᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠶᠢᠪᠠ ︵ᠡᠨᠡ ᠬᠤᠭᠤᠷᠣᠨᠲᠣ 2003 ᠣᠨ ᠤ 11 ᠳ᠋ᠤᠭᠡᠷ ᠰᠠᠷ᠎ᠠ — 2004 ᠣᠨ ᠤ 5 ᠳ᠋ᠤᠭᠠᠷ ᠰᠠᠷ᠎ᠠ ᠳᠤ ᠪᠡᠭᠡᠵᠢᠩ ᠤᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠴᠤᠤᠶᠠᠩ ᠲᠣᠭᠤᠷᠢᠭ ᠤᠨ ᠬᠤᠪᠢᠶᠠᠷᠢ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠡᠭᠦᠷᠭᠡᠯᠡᠨ ᠪᠣᠯᠪᠠᠰᠤᠷᠠᠵᠤ ᠪᠠᠶᠢᠪᠠ︶
     2006.09 —2009.10 ᠳᠤᠮᠳᠠᠳᠤ ᠤᠯᠤᠰ ᠤᠨ ᠠᠷᠠᠯᠵᠢᠶ᠎ᠡ ᠶᠢ ᠠᠬᠢᠭᠤᠯᠬᠤ ᠵᠦᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠪᠠᠶᠢᠪᠠ
     2009.10 —2010.11 ᠱᠠᠩᠬᠠᠶ ᠶᠢᠨ ᠳᠡᠯᠡᠬᠡᠶ ᠶᠢᠨ ᠦᠵᠡᠰᠬᠦᠯᠡᠩ ᠤᠨ ᠴᠤᠭᠯᠠᠭᠠᠨ ᠤ ᠭᠤᠣᠯ ᠵᠢᠯᠣᠭᠤᠳᠬᠤ ᠭᠠᠵᠠᠷ ᠤᠨ ︵ᠱᠠᠩᠬᠠᠶ ᠬᠤᠲᠠ ᠶᠢᠨ ᠵᠠᠰᠠᠭ ᠤᠨ ᠣᠷᠳᠣᠨ︶ ᠵᠢᠭᠤᠯᠴᠢᠯᠠᠯ ᠤᠨ ᠬᠦᠯᠢᠶᠡᠨ ᠠᠪᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠦ ᠪᠠᠶᠢᠪᠠ
     2010.09 —2012.12 ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠪᠠᠶᠢᠪᠠ
     2012.12 —2015.03 ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠪᠠᠶᠢᠪᠠ
     2015.06 —2016.03 ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠪᠠᠶᠢᠪᠠ
     2016.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠬᠦᠯᠢᠶᠡᠨ ᠠᠪᠬᠤ ᠠᠯᠪᠠᠨ ᠭᠡᠷ ᠤᠨ ᠡᠷᠬᠢᠯᠡᠭᠴᠢ ᠪᠠᠶᠢᠪᠠ
     2016.04 ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ᠂ ᠳᠡᠳ᠋ ᠱᠦᠵᠢ ᠪᠠᠶᠢᠵᠤ᠂ ᠦᠬᠠᠶ ᠬᠤᠲᠠ ᠶᠢᠨ ᠳᠠᠷᠤᠭ᠎ᠠ ᠶᠢᠨ ᠵᠢᠱᠢᠭᠳᠡᠭᠰᠡᠳ ᠢᠶᠠᠷ ᠨᠡᠷ᠎ᠡ ᠳᠤᠷᠠᠳᠤᠭᠳᠠᠪᠠ


     ᠠᠢ ᠯᠢ ᠬᠤᠸᠠ ᠨᠥᠬᠦᠷ ᠤᠨ ᠲᠣᠪᠴᠢ ᠨᠠᠮᠲᠠᠷ
     ᠠᠢ ᠯᠢ ᠬᠤᠸᠠ᠂ ᠡᠮᠡᠭᠲᠡᠶ᠂ ᠮᠣᠩᠭᠤᠯ ᠦᠨᠳᠦᠰᠦᠲᠡᠨ᠂ 1964 ᠣᠨ ᠤ 10 ᠰᠠᠷ᠎ᠠ ᠳᠤ ᠲᠥᠷᠥᠵᠡᠢ᠂ ᠣᠩᠨᠢᠭᠤᠳ ᠬᠤᠰᠢᠭᠤᠨ ᠤ ᠬᠥᠮᠦᠨ᠂ 1986 ᠣᠨ ᠤ 6 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠣ᠂ 1987 ᠣᠨ ᠤ 7 ᠳ᠋ᠤᠭᠠᠷ ᠰᠠᠷ᠎ᠠ ᠳᠤ ᠠᠵᠢᠯ ᠳᠤ ᠣᠷᠣᠪᠠ᠂ 1987 ᠣᠨ ᠤ 7 ᠳ᠋ᠤᠭᠠᠷ ᠰᠠᠷ᠎ᠠ ᠳᠤ ᠥᠪᠥᠷ ᠮᠣᠩᠭᠤᠯ ᠤᠨ ᠦᠨᠳᠦᠰᠦᠲᠡᠨ ᠤ ᠪᠠᠭᠰᠢ ᠶᠢᠨ ᠳᠡᠭᠡᠳᠦ ᠰᠤᠷᠭᠠᠭᠤᠯᠢ ᠶᠢᠨ ᠤᠯᠤᠰ ᠲᠦᠷᠦ ᠲᠡᠦᠬᠡ ᠶᠢᠨ ᠰᠠᠯᠪᠤᠷᠢ ᠠᠴᠠ ᠲᠡᠭᠦᠰᠴᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠰᠤᠷᠤᠯᠭᠠᠲᠠᠨ ᠤ ᠴᠣᠯᠠ ᠲᠠᠢ᠃
     1987.07 ᠤᠯᠠᠭᠠᠨᠬᠠᠳᠠ ᠬᠤᠲᠠ ᠶᠢᠨ ᠪᠣᠷᠣᠬᠤᠲᠠ ᠶᠢᠨ ᠪᠠᠭᠰᠢ ᠶᠢᠨ ᠰᠤᠷᠭᠠᠭᠤᠯᠢ ᠶᠢᠨ ᠪᠠᠭᠰᠢ᠂ ᠡᠪᠯᠡᠯ ᠤᠨ ᠬᠤᠷᠢᠶ᠎ᠠ ᠶᠢᠨ ᠱᠦᠵᠢ ᠪᠠᠶᠢᠪᠠ
     1991.08 ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠡᠪᠯᠡᠯ ᠤᠨ ᠬᠤᠷᠢᠶ᠎ᠠ ᠶᠢᠨ ᠳᠡᠳ᠋ ᠱᠦᠵᠢ᠂ ᠱᠦᠵᠢ ᠪᠠᠶᠢᠪᠠ
     1996.08 ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠪᠠᠶᠢᠪᠠ
     1997.08 ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶᠢᠪᠠ
     ︵ᠡᠨᠡ ᠬᠤᠭᠤᠷᠣᠨᠲᠣ᠄ 1997.07 —1999.09 ᠪᠡᠭᠡᠵᠢᠩ ᠶᠡᠭᠡ ᠰᠤᠷᠭᠠᠭᠤᠯᠢ ᠶᠢᠨ ᠬᠤᠲᠠ ᠪᠣᠯᠣᠨ ᠣᠷᠴᠢᠨ ᠲᠣᠭᠤᠷᠢᠨ ᠤ ᠰᠠᠯᠪᠤᠷᠢ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠰᠫᠢᠷᠠᠨᠲ ᠤᠨ ᠠᠩᠬᠢ ᠳᠤ ᠰᠣᠷᠣᠯᠴᠠᠪᠠ᠂ 2000.05 —2000.11 ᠦᠬᠠᠨ ᠬᠤᠲᠠ ᠶᠢᠨ ᠵᠢᠶᠠᠩ ᠠᠨ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠵᠦᠪᠯᠡᠯ ᠳᠤ ᠳᠡᠳ᠋ ᠡᠷᠬᠢᠯᠡᠭᠴᠢ ᠶᠢᠨ ᠲᠣᠰᠢᠶᠠᠯ ᠡᠭᠦᠷᠭᠡᠯᠡᠨ ᠪᠣᠯᠪᠠᠰᠤᠷᠠᠵᠤ ᠪᠠᠶᠢᠪᠠ︶
     2000.10 ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠶᠢᠪᠠ
     2002.01 ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠳᠡᠳ᠋ ᠲᠡᠷᠢᠭᠦᠯᠡᠭᠴᠢ ᠪᠠᠶᠢᠪᠠ
     2002.09 ᠤᠯᠠᠭᠠᠨᠴᠠᠪ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠪᠠᠶᠢᠪᠠ ︵ᠡᠨᠡ ᠬᠤᠭᠤᠷᠣᠨᠲᠣ᠄ 2002.10 —2003.01 ᠪᠡᠭᠡᠵᠢᠩ ᠬᠤᠳᠠ ᠶᠢᠨ ᠲᠦᠡᠭᠵᠸᠦ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠦ ᠪᠠᠶᠢᠪᠠ᠂ 2003.07 —2003.12 ᠤᠯᠤᠰ ᠤᠨ ᠰᠣᠶᠣᠯ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠨ ᠪᠣᠯᠪᠠᠰᠤᠷᠠᠵᠤ ᠪᠠᠶᠢᠪᠠ︶
     2003.11 ᠤᠯᠠᠭᠠᠨᠴᠠᠪ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶᠢᠪᠠ
     2004.04 ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶᠢᠪᠠ
     2007.06 ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠪᠠᠶᠢᠪᠠ
     2011.01 ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠪᠠᠶᠢᠪᠠ
     2012.03 ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠶᠢᠪᠠ
     2015.01 ᠦᠬᠠᠢ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠯᠠᠭᠴᠢ ᠬᠤᠳᠠ ᠶᠢᠨ ᠳᠠᠷᠤᠭ᠎ᠠ᠂ ᠬᠤᠳᠠ ᠶᠢᠨ ᠳᠠᠷᠤᠭ᠎ᠠ ᠪᠠᠶᠢᠪᠠ
     2016.04 ᠤᠯᠠᠭᠠᠨᠴᠠᠪ ᠬᠤᠳᠠ ᠶᠢᠨ ᠳᠡᠳ᠋ ᠳᠠᠷᠤᠭ᠎ᠠ᠂ ᠣᠷᠣᠯᠠᠭᠴᠢ ᠬᠤᠲᠠ ᠶᠢᠨ ᠳᠠᠷᠤᠭ᠎ᠠ ᠪᠠᠶᠢᠪᠠ


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ