ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 84 ᠲᠣᠭᠤᠷᠢᠨ ᠰᠢᠭᠦᠬᠦ ᠲᠡᠷᠭᠡ ︽ᠠᠵᠢᠯ ᠤᠨ ᠪᠠᠶᠢᠷᠢ ᠳᠤ ᠭᠠᠷᠴᠤ ᠰᠢᠨ᠎ᠡ ᠡᠭᠦᠷᠭᠡ ᠭᠦᠢᠴᠡᠳᠬᠡᠵᠦ︾ ᠪᠣᠢ
ᠨᠡᠶᠢᠲᠡᠯᠡᠭᠰᠡᠨ ᠴᠠᠭ᠄
2016/5/11
     5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ︽ᠲᠣᠭᠤᠷᠢᠨ ᠰᠢᠭᠦᠬᠦ ᠳᠤ ᠲᠡᠷᠭᠡ ᠣᠯᠭᠤᠬᠤ ᠶᠣᠰᠣᠯᠠᠯ︾ ᠬᠥᠬᠡᠬᠤᠲᠠ ᠳᠤ ᠶᠠᠪᠤᠭᠳᠠᠪᠠ᠂ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ 84 ᠲᠥᠯᠥᠭᠡᠯᠡᠭᠴᠢ ᠲᠡᠷᠭᠡ ᠣᠯᠭᠤᠬᠤ ᠶᠣᠰᠣᠯᠠᠯ ᠳᠡᠭᠡᠷ᠎ᠡ ᠲᠣᠭᠤᠷᠢᠨ ᠰᠢᠭᠦᠬᠦ ᠲᠡᠷᠭᠡ ᠶᠢᠨ ᠲᠦᠯᠬᠢᠭᠦᠷ ᠢ ᠭᠠᠷᠲᠠᠨ ᠠᠪᠤᠪᠠ᠃ ᠥᠪᠥᠷ ᠮᠣᠩᠭᠤᠯ ᠤᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠬᠤ᠋ ᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠶᠦᠨ ᠰᠢ ᠱᠦᠨ ᠲᠡᠷᠭᠡ ᠣᠯᠭᠤᠬᠤ ᠶᠣᠰᠣᠯᠠᠯ ᠢ ᠡᠷᠭᠢᠯᠡᠪᠡ᠃      ᠬᠤ᠋ ᠢ ᠹᠧᠩ ᠵᠢᠭᠠᠭᠰᠠᠨ ᠨᠢ᠂ ᠥᠪᠥᠷ ᠮᠣᠩᠭᠤᠯ ᠤᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠦᠬᠦ ᠦᠷᠲᠡᠭ ᠨᠢ 2000 ᠭᠠᠷᠤᠶ ᠲᠦᠮᠡᠨ ᠲᠥᠭᠦᠷᠢᠭ ᠤᠨ 84 ᠲᠣᠭᠤᠷᠢᠨ ᠰᠢᠭᠦᠬᠦ ᠲᠡᠷᠭᠡ ᠶᠢ ᠦᠨᠳᠦᠰᠦᠨ ᠱᠠᠲᠤᠨ ᠤ ᠰᠢᠭᠦᠬᠦ ᠬᠤᠷᠢᠶ᠎ᠠ ᠳᠤ ᠲᠣᠬᠢᠷᠠᠭᠤᠯᠵᠠᠢ᠂ ᠡᠶᠢᠮᠣᠷᠠᠭᠦ ᠬᠡᠪᠴᠢᠶ᠎ᠡ ᠪᠠ ᠡᠷᠴᠢᠮ ᠨᠢ ᠪᠦᠬᠦ ᠣᠷᠣᠨ ᠤ ᠰᠢᠭᠦᠬᠦ ᠬᠤᠷᠢᠶ᠎ᠠ ᠶᠢᠨ ᠲᠡᠦᠬᠡᠨ ᠳᠡᠭᠡᠷ᠎ᠡ ᠶᠡᠷᠦ ᠠᠴᠠ ᠭᠠᠷᠤᠭ᠎ᠠ ᠦᠭᠡᠢ ᠶᠤᠮ᠃ ︽ᠪᠦᠬᠦ ᠣᠷᠣᠨ ᠤ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ ᠲᠣᠭᠤᠷᠢᠨ ᠰᠢᠭᠦᠬᠦ ᠲᠡᠷᠭᠡ ᠣᠯᠭᠤᠬᠤ ᠶᠣᠰᠣᠯᠠᠯ︾ ᠡᠷᠬᠢᠯᠡᠭᠰᠡᠨ ᠤ ᠵᠣᠷᠢᠯᠭ᠎ᠠ ᠨᠢ ᠳᠠᠷᠤᠶ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠦᠬᠦ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠶᠢᠨ ᠲᠣᠭᠤᠷᠢᠨ ᠰᠢᠭᠦᠬᠦ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠠᠷᠠᠳ ᠤᠨ ᠲᠥᠯᠥᠭᠡ ᠬᠠᠤᠯᠢ ᠶᠠᠪᠤᠭᠤᠯᠬᠤ ᠠᠵᠢᠯ ᠢ ᠯᠠᠪᠳᠠᠭᠤᠨ ᠪᠠᠲᠤᠲᠠᠶ᠂ ᠨᠠᠷᠢᠨ ᠨᠢᠮᠪᠠᠢ ᠬᠢᠬᠦ ᠪᠣᠯᠣᠨ᠎ᠠ ᠭᠡᠵᠡᠢ᠃      ᠬᠤ᠋ ᠢ ᠹᠧᠩ ᠴᠢᠬᠤᠯᠠᠴᠢᠯᠠᠭᠰᠠᠨ ᠨᠢ᠂ ᠰᠢᠭᠦᠬᠦ ᠬᠤᠷᠢᠶ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠎ ᠨᠢ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠪᠠ ᠵᠠᠰᠠᠭ ᠤᠨ ᠣᠷᠳᠣᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠠᠴᠠ ᠰᠠᠯᠵᠤ ᠴᠢᠳᠠᠬᠤ ᠦᠭᠡᠢ ᠶᠤᠮ᠃ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠯ ᠤᠨ ᠡᠬᠢᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠤᠤᠯ ᠤᠨ ᠪᠠᠶᠢᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠢᠩᠭᠠᠨ ᠠᠶᠢᠮᠠᠭ ᠤᠨ ︽ᠰᠢᠭᠦᠬᠦ ᠲᠤᠰᠢᠶᠠᠯᠳᠠᠳ ᠨᠡᠶᠢᠭᠡᠮ ᠲᠣᠭᠤᠷᠢᠭ ᠲᠤ ᠪᠠᠭᠤᠵᠤ᠂ ᠵᠠᠷᠭᠤ ᠶᠢ ᠵᠠᠢ ᠵᠠᠪᠰᠠᠷ ᠦᠭᠡᠶ ᠪᠠᠶᠢᠯᠭᠠᠬᠤ︾ ᠵᠢᠴᠢ ︽ᠠᠷᠪᠠ ᠶᠢ ᠪᠦᠷᠢᠨ ᠪᠦᠷᠬᠦᠭᠦᠯᠬᠦ᠂ ᠬᠠᠤᠯᠢ ᠴᠠᠭᠠᠵᠠ ᠶᠢ ᠠᠶᠢᠯ ᠲᠣᠰᠬᠤᠨ ᠳᠤ ᠣᠷᠣᠭᠤᠯᠬᠤ︾ ᠪᠠ ᠤᠯᠠᠭᠠᠨᠴᠠᠪ ᠬᠤᠲᠠ ᠶᠢᠨ ︽ᠵᠠᠷᠭᠤ ᠶᠢᠨ ᠦᠢᠯᠡᠴᠢᠯᠡᠭᠡᠨ ᠤ ᠨᠢᠭᠡ ᠳᠠᠷᠤᠭᠤᠯ ᠢᠶᠠᠷ ᠪᠦᠬᠦᠨ ᠢ ᠨᠡᠪᠲᠡᠷᠡᠭᠦᠯᠬᠦ︾ ᠠᠵᠢᠯ ᠤᠨ ᠲᠤᠷᠰᠢᠯᠭ᠎ᠠ ᠶᠢ ᠪᠦᠬᠦ ᠣᠷᠣᠨ ᠤ ᠰᠢᠭᠦᠬᠦ ᠬᠤᠷᠢᠶ᠎ᠠ ᠳᠤ ᠭᠤᠣᠯᠳᠠᠯᠭ᠎ᠠ ᠲᠠᠢ ᠳᠡᠯᠭᠡᠷᠡᠭᠦᠯᠵᠦ᠂ ᠠᠷᠠᠳ ᠤᠨ ᠲᠥᠯᠥᠭᠡ ᠬᠠᠤᠯᠢ ᠶᠠᠪᠤᠭᠤᠯᠬᠤ ᠶᠢ ︽ᠪᠦᠷᠢᠨ ᠪᠦᠷᠬᠦᠭᠦᠯᠬᠦ︾᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠭᠡᠨ ᠬᠡᠪᠴᠢᠶ᠎ᠡ ᠪᠠᠷ ᠨᠡᠶᠢᠭᠡᠮ ᠲᠣᠭᠤᠷᠢᠭ ᠲᠤ ᠣᠷᠣᠭᠤᠯᠵᠤ᠂ ᠬᠥᠳᠡᠭᠡ ᠲᠤᠰᠬᠤᠨ ᠳᠤ ᠣᠷᠣᠭᠤᠯᠵᠤ᠂ ᠲᠣᠭᠤᠷᠢᠨ ᠰᠢᠭᠦᠬᠦ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠲᠣᠭᠤᠷᠢᠨ ᠰᠢᠭᠦᠬᠦ ᠪᠣᠯ ᠠᠷᠠᠳ ᠤᠨ ᠬᠠᠤᠯᠢ ᠴᠠᠭᠠᠵᠠ ᠶᠢᠨ ᠠᠵᠢᠯ ᠤᠨ ᠰᠢᠯᠢᠳᠡᠭ ᠤᠯᠠᠮᠵᠢᠯᠠᠯ ᠪᠣᠯᠬᠤ ᠪᠥᠭᠡᠳ ᠰᠢᠭᠦᠬᠦ ᠳᠦᠷᠢᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠰᠢᠭᠦᠨ ᠲᠠᠰᠤᠯᠬᠤ ᠠᠷᠭ᠎ᠠ ᠮᠠᠶ᠋ᠢᠭ ᠢᠶᠠᠨ ᠤᠯᠠᠨ ᠲᠦᠮᠡᠨ ᠲᠠᠢ ᠣᠶᠢᠷᠠᠳᠠᠭᠤᠯᠵᠤ᠂ ᠵᠥᠷᠢᠴᠡᠯ ᠢ ᠨᠠᠮᠳᠠᠭᠤᠯᠬᠤ ᠪᠠ ᠬᠠᠤᠯᠢ ᠲᠦᠷᠢᠮ ᠤᠨ ᠤᠬᠠᠭᠤᠯᠭ᠎ᠠ ᠶᠢᠨ ᠴᠢᠳᠠᠯ ᠢ ᠬᠠᠪᠰᠤᠷᠭᠠᠵᠤ᠂ ᠲᠤᠬᠠᠶ ᠶᠢᠨ ᠬᠥᠮᠦᠨ ᠤ ᠵᠠᠷᠭᠤ ᠶᠢᠨ ᠵᠠᠷᠤᠳᠠᠯ ᠢ ᠠᠯᠢ ᠴᠢᠳᠠᠬᠤ ᠪᠠᠷ ᠠᠷᠪᠢᠯᠠᠵᠤ᠂ ᠵᠠᠷᠭᠤᠯᠳᠤᠭᠠᠨ ᠤ ᠵᠣᠪᠠᠭᠤᠷᠢ ᠠᠴᠠ ᠵᠠᠶᠢᠯᠠᠰᠬᠢᠵᠦ᠂ ᠠᠷᠠᠳ ᠤᠯᠠᠨ ᠯᠤᠭ᠎ᠠ ᠶᠢᠨ ᠰᠡᠳᠬᠢᠯᠭᠡ ᠪᠠᠨ ᠨᠢᠭᠲᠠᠷᠠᠭᠤᠯᠵᠤ᠂ ᠬᠠᠤᠯᠢ ᠶᠠᠪᠤᠭᠤᠯᠬᠤ ᠠᠵᠢᠯ ᠤᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠳᠤ ᠲᠤᠰᠠ ᠲᠠᠢ ᠶᠤᠮ ᠭᠡᠵᠡᠢ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠲᠣᠭᠤᠷᠢᠨ ᠰᠢᠭᠦᠬᠦ ᠲᠡᠷᠭᠡ ᠲᠣᠬᠢᠷᠠᠭᠤᠯᠤᠭᠰᠠᠨ ᠪᠣᠯ᠂ ᠵᠠᠷᠭᠤ ᠳᠤ ᠦᠢᠯᠡᠴᠢᠯᠡᠬᠦ᠂ ᠲᠣᠭᠤᠷᠢᠨ ᠰᠢᠭᠦᠬᠦ᠂ ᠬᠠᠤᠯᠢ ᠲᠦᠷᠢᠮ ᠤᠨ ᠤᠬᠠᠭᠤᠯᠭ᠎ᠠ ᠬᠢᠬᠦ᠂ ᠭᠦᠢᠴᠡᠳᠬᠡᠬᠦ ᠪᠠ ᠵᠢᠯᠣᠭᠤᠳᠬᠤ ᠎ ᠶᠢ ᠨᠢᠭᠡ ᠴᠤᠭᠴᠠᠵᠢᠭᠤᠯᠵᠦ᠂ ᠰᠢᠭᠦᠯᠲᠡ ᠡᠬᠢᠯᠡᠭᠦᠯᠬᠦ᠂ ᠰᠢᠭᠦᠬᠦ ᠲᠢᠩᠬᠢᠮ ᠤᠨ ᠠᠬᠤᠢ ᠲᠠᠯᠠᠪᠠᠢ ᠳᠤ ᠰᠢᠩᠭᠡᠭᠡᠯᠲᠡ ᠬᠢᠬᠦ᠂ ᠬᠠᠤᠯᠢ ᠴᠠᠭᠠᠵᠠ ᠶᠢᠨ ᠪᠢᠴᠢᠭ ᠬᠠᠷ᠎ᠠ ᠵᠣᠬᠢᠶᠠᠬᠤ᠂ ᠠᠯᠤᠰ ᠤᠨ ᠭᠠᠷ ᠤᠨ ᠤᠢᠰᠦᠭ ᠵᠢᠷᠤᠵᠤ ᠲᠠᠮᠠᠭ᠎ᠠ ᠳᠠᠷᠤᠬᠤ ᠵᠡᠷᠭᠡ ᠴᠢᠳᠠᠪᠤᠷᠢ ᠶᠢ ᠪᠣᠢ ᠪᠦᠬᠦᠢ ᠲᠡᠷᠭᠡᠨ ᠳᠡᠭᠡᠷ᠎ᠡ ᠴᠥᠮ ᠭᠦᠢᠴᠡᠳᠬᠡᠵᠦ ᠴᠢᠳᠠᠬᠤ ᠪᠥᠭᠡᠳ ᠦᠢᠯᠡᠳᠦᠯ ᠴᠢᠳᠠᠪᠤᠷᠢ ᠨᠢ ᠪᠦᠷᠢᠨ᠂ ᠲᠧᠭᠨᠢᠭ ᠮᠡᠷᠭᠡᠵᠢᠯ ᠤᠨ ᠲᠡᠷᠢᠭᠦᠨ ᠤ ︽ᠨᠡᠭᠦᠳᠡᠯ ᠤᠨ ᠲᠣᠭᠤᠷᠢᠨ ᠰᠢᠭᠦᠬᠦ ᠲᠢᠩᠬᠢᠮ︾ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号