ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠤᠶᠤᠲᠠᠳ ᠤᠨ ᠰᠢᠨ᠎ᠡ ᠮᠧᠬᠠᠨᠢᠭ ᠡᠭᠦᠳᠬᠦ ᠵᠢᠷᠤᠭ ᠲᠦᠯᠦᠪᠯᠡᠯᠭᠡ ᠶᠢᠨ ᠤᠷᠤᠯᠳᠤᠭᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2016/5/11
     5 ᠳ᠋ᠤᠭᠠᠷ ᠰᠠᠷ᠎ᠠ ᠶᠢᠨ 7᠎ ᠤ ᠡᠳᠦᠷ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠰᠢᠨ᠎ᠡ ᠮᠧᠬᠠᠨᠢᠭ ᠡᠭᠦᠳᠬᠦ ᠵᠢᠷᠤᠭ ᠲᠦᠯᠦᠪᠯᠡᠯᠭᠡ ᠶᠢᠨ ᠤᠷᠤᠯᠳᠤᠭᠠᠨ ᠤ ᠥᠪᠥᠷ ᠮᠣᠩᠭᠤᠯ ᠳᠠᠬᠢ ᠬᠤᠪᠢᠶᠠᠷᠢ ᠤᠷᠤᠯᠳᠤᠭᠠᠨ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠤᠶᠤᠲᠠᠳ ᠤᠨ ᠰᠢᠨ᠎ᠡ ᠮᠧᠬᠠᠨᠢᠭ ᠡᠭᠦᠳᠬᠦ ᠵᠢᠷᠤᠭ ᠲᠦᠯᠦᠪᠯᠡᠯᠭᠡ ᠶᠢᠨ ᠤᠷᠤᠯᠳᠤᠭᠠᠨ ᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠴᠧᠨ ᠵᠢᠶᠦ᠋ᠨ ᠵᠢᠶᠧ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠵᠢᠶᠠᠨ ᠭᠦᠸᠧ᠂ ᠪᠦᠬᠦ ᠤᠯᠤᠰ ᠤᠨ ᠤᠶᠤᠲᠠᠳ ᠤᠨ ᠰᠢᠨ᠎ᠡ ᠮᠧᠬᠠᠨᠢᠭ ᠡᠭᠦᠳᠬᠦ ᠵᠢᠷᠤᠭ ᠲᠦᠯᠦᠪᠯᠡᠯᠭᠡ ᠶᠢᠨ ᠤᠷᠤᠯᠳᠤᠭᠠᠨ ᠤ ᠲᠣᠭᠤᠷᠢᠨ ᠪᠠᠶᠢᠴᠠᠭᠠᠭᠴᠢ ᠱᠠᠨᠳᠦ᠋ᠩ ᠶᠡᠭᠡ ᠰᠤᠷᠭᠠᠭᠤᠯᠢ ᠶᠢᠨ ᠫᠷᠤᠹᠧᠰᠰᠤᠷ ᠰᠦᠨ ᠺᠠᠩ ᠨᠢᠩ ᠪᠣᠯᠤᠨ ᠬᠡᠰᠡᠭ ᠶᠡᠭᠡ ᠳᠡᠭᠡᠳᠦ ᠰᠤᠷᠭᠠᠭᠤᠯᠢ ᠶᠢᠨ ᠭᠤᠣᠯᠴᠢᠯᠠᠨ ᠬᠠᠮᠢᠶᠠᠷᠬᠤ ᠤᠳᠤᠷᠢᠳᠤᠯᠭ᠎ᠠ ᠨᠠᠷ ᠤᠷᠤᠯᠳᠤᠭᠠᠨ ᠡᠬᠢᠯᠡᠬᠦ ᠶᠣᠰᠤᠯᠠᠯ ᠳᠤ ᠣᠷᠤᠯᠴᠠᠪᠠ᠃      ᠲᠤᠰ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠠᠭᠠᠭᠠᠨ ᠡᠷᠬᠢᠯᠡᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠬᠥᠯᠥᠨ ᠪᠤᠶᠢᠷ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ 6 ᠶᠡᠭᠡ ᠳᠡᠭᠡᠳᠦ ᠰᠤᠷᠭᠠᠭᠤᠯᠢ ᠶᠢᠨ 32 ᠵᠦᠢᠯ ᠤᠨ ᠪᠦᠲᠦᠭᠡᠯ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠨ ᠪᠠᠭᠰᠢ ᠰᠤᠷᠤᠭᠴᠢᠳ 200 ᠬᠥᠮᠦᠨ ᠢ ᠳᠠᠪᠠᠪᠠ᠃      ᠪᠦᠲᠦᠭᠡᠯ ᠢ ᠳᠡᠯᠭᠡᠨ ᠦᠵᠡᠭᠦᠯᠬᠦ᠂ ᠲᠤᠬᠠᠶ ᠶᠢᠨ ᠲᠠᠯᠠᠪᠠᠶ ᠳᠤ ᠠᠰᠠᠭᠤᠨ ᠮᠠᠷᠭᠤᠬᠤ᠂ ᠳᠤᠭᠤᠶᠢᠯᠠᠩ ᠬᠤᠪᠢᠶᠠᠨ ᠬᠠᠷᠢᠭᠤ ᠮᠠᠷᠭᠤᠬᠤ᠂ ᠬᠠᠮᠲᠤᠷᠠᠨ ᠵᠦᠪᠯᠡᠬᠦ ᠲᠡᠬᠢᠠ ᠬᠢᠨᠠᠬᠤ ᠵᠡᠷᠭᠡ ᠭᠤᠭᠴᠤᠭ᠎ᠠ ᠶᠢᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠤᠷᠤᠯᠳᠤᠭᠠᠨ ᠨᠢ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ 5 ᠨᠡᠷᠡᠰ᠂ ᠬᠤᠶᠠᠳᠤᠭᠠᠷ ᠳᠡᠰ ᠤᠨ ᠱᠠᠩᠨᠠᠯ 11 ᠨᠡᠷᠡᠰ᠂ ᠭᠤᠷᠪᠠᠳᠤᠭᠠᠷ ᠳᠡᠰ ᠤᠨ ᠱᠠᠩᠨᠠᠯ 16 ᠨᠡᠷᠡᠰ ᠢ ᠰᠢᠯᠭᠠᠷᠠᠭᠤᠯᠪᠠ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠨᠢ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠡ ᠶᠢᠨ ᠱᠠᠩᠨᠠᠯ ᠬᠦᠷᠲᠡᠪᠡ᠃ ᠲᠦᠷᠦᠭᠦᠦ ᠭᠤᠷᠪᠠ ᠳᠤ ᠰᠢᠯᠭᠠᠷᠠᠭᠰᠠᠨ ᠡᠩᠨᠡᠭᠡ ᠨᠢ ᠡᠨᠡ ᠵᠢᠯ ᠤᠨ 7 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠢ ᠲᠦᠯᠦᠭᠡᠯᠡᠨ ᠱᠠᠨᠳᠦ᠋ᠩ ᠮᠤᠵᠢ ᠳᠤ ᠶᠠᠪᠤᠭᠳᠠᠬᠤ ᠪᠦᠬᠦ ᠤᠯᠤᠰ ᠤᠨ ᠤᠶᠤᠲᠠᠳ ᠤᠨ ᠰᠢᠨ᠎ᠡ ᠮᠧᠬᠠᠨᠢᠭ ᠡᠭᠦᠳᠬᠦ ᠵᠢᠷᠤᠭ ᠲᠥᠯᠥᠪᠯᠡᠭᠡ ᠶᠢᠨ ᠤᠷᠤᠯᠳᠤᠭᠠᠨ ᠤ ᠮᠠᠩᠯᠠᠶ ᠰᠢᠯᠭᠠᠷᠠᠭᠤᠯᠬᠤ ᠰᠢᠢᠳᠪᠦᠷᠢᠲᠦ ᠤᠷᠤᠯᠳᠤᠭᠠᠨ ᠳᠤ ᠣᠷᠤᠯᠴᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号