ᠡᠷᠢᠶᠡᠨ ᠬᠤᠲᠠ ᠠᠴᠠ ᠮᠣᠩᠭᠤᠯ ᠤᠯᠤᠰ ᠬᠦᠷᠬᠦ ᠠᠩᠬᠠᠳᠠᠭᠴᠢ ᠳᠡᠭᠡᠳᠦ ᠬᠤᠷᠳᠤᠴᠠᠲᠤ ᠵᠠᠰᠠᠮᠠᠯ ᠵᠠᠮ ᠤᠨ ᠠᠵᠢᠯ ᠡᠬᠢᠯᠡᠵᠦ  ᠳᠤᠮᠳᠠᠲᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2016/5/11
      5 ᠳ᠋ᠤᠭᠠᠷ ᠰᠠᠷ᠎ᠠ ᠶᠢᠨ 6᠎ ᠤ ᠡᠳᠦᠷ᠂ ᠮᠣᠩᠭᠤᠯ ᠤᠯᠤᠰ ᠤᠨ ᠤᠯᠠᠭᠠᠨᠪᠠᠭᠠᠲᠤᠷ ᠠᠴᠠ ᠬᠡᠰᠢᠭ ᠰᠢᠨ᠎ᠡ ᠣᠯᠠᠨ ᠤᠯᠤᠰ ᠤᠨ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠤᠨ ᠳᠦᠷᠦᠯ ᠵᠦᠢᠯ ᠤᠨ ᠠᠵᠢᠯ ᠡᠬᠢᠯᠡᠭᠰᠡᠨ ᠶᠠᠪᠤᠳᠠᠯ ᠨᠢ ᠲᠤᠰ ᠤᠯᠤᠰ ᠤᠨ ᠠᠩᠬᠠᠳᠠᠭᠴᠢ ᠳᠡᠭᠡᠳᠦ ᠬᠤᠷᠳᠤᠴᠠᠲᠤ ᠵᠠᠰᠠᠮᠠᠯ ᠵᠠᠮ ᠵᠢᠩᠬᠢᠨᠢ ᠪᠠᠷ ᠡᠬᠢᠯᠡᠵᠦ ᠪᠠᠶᠢᠭᠤᠯᠤᠯᠲᠠ ᠳᠤ ᠤᠷᠤᠭᠰᠠᠨ ᠢ ᠬᠠᠷᠠᠭᠤᠯᠵᠤ ᠪᠠᠶᠢᠨ᠎ᠠ᠃      ᠤᠯᠠᠭᠠᠨᠪᠠᠭᠠᠲᠤᠷ ᠠᠴᠠ ᠬᠡᠰᠢᠭ ᠰᠢᠨ᠎ᠡ ᠣᠯᠠᠨ ᠤᠯᠤᠰ ᠤᠨ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠨᠢ ᠶᠠᠷᠠᠮᠠᠭ ᠰᠦᠢᠳᠬᠡᠯ ᠬᠤᠷᠢᠶᠠᠬᠤ ᠦᠷᠳᠡᠭᠡ ᠠᠴᠠ ᠡᠬᠢᠯᠡᠵᠦ᠂ ᠬᠡᠰᠢᠭ ᠣᠯᠠᠨ ᠤᠯᠤᠰ ᠤᠨ ᠨᠢᠰᠬᠡᠯ ᠤᠨ ᠪᠠᠭᠤᠳᠠᠯ ᠎ ᠲᠠᠢ ᠵᠠᠯᠭᠠᠯᠳᠤᠭᠰᠠᠨ ᠬᠡᠰᠡᠭ ᠲᠤ ᠬᠦᠷᠬᠦ ᠪᠦᠭᠡᠳ᠂ ᠬᠤᠣᠰ ᠴᠢᠭᠯᠡᠯ ᠤᠨ 6 ᠲᠡᠷᠭᠡᠨ ᠤ ᠳᠡᠭᠡᠳᠦ ᠬᠤᠷᠳᠤᠴᠠᠲᠤ ᠵᠠᠰᠠᠮᠠᠯ ᠵᠠᠮ ᠢᠶᠠᠷ ᠵᠢᠷᠤᠵᠤ ᠲᠦᠯᠦᠪᠯᠡᠵᠦ᠂ ᠪᠦᠬᠦ ᠣᠷᠳᠣ ᠨᠢ 30.4 ᠺᠢᠯᠣᠮᠧᠲᠷ ᠪᠤᠯᠤᠨ᠎ᠠ᠃ ᠡᠨᠡ ᠬᠦ ︽ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠵᠠᠮ︾ ᠭᠡᠵᠦ ᠠᠯᠳᠠᠷᠰᠢᠭᠰᠠᠨ ᠵᠠᠰᠠᠮᠠᠯ ᠵᠠᠮ ᠨᠡᠪᠲᠡᠷᠡᠭᠰᠡᠨ ᠤ ᠳᠠᠷᠠᠭ᠎ᠠ᠂ ᠮᠣᠩᠭᠤᠯ ᠤᠯᠤᠰ ᠤᠨ ᠵᠠᠰᠠᠮᠠᠯ ᠵᠠᠮ ᠤᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠬᠤᠶᠠᠷ ᠤᠯᠤᠰ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠨᠠᠶᠢᠷᠰᠠᠭ ᠬᠠᠷᠢᠴᠠᠭ᠎ᠠ ᠰᠢᠨ᠎ᠡ ᠳᠡᠭᠲᠡᠷ ᠵᠦᠭ ᠳᠠᠪᠰᠢᠬᠤ ᠶᠢ ᠲᠦᠯᠬᠢᠨ ᠠᠬᠢᠭᠤᠯᠬᠤ ᠪᠤᠯᠬᠤᠷ᠂ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      2013 ᠣᠨ ᠤ 11 ᠳ᠋ᠦ᠋ᠭᠡᠷ ᠰᠠᠷ᠎ᠠ ᠳᠤ᠂ ᠡᠷᠢᠶᠡᠨ ᠬᠤᠲᠠ ᠠᠴᠠ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠬᠦᠷᠬᠦ 660 ᠺᠢᠯᠣᠮᠧᠲᠷ ᠤᠨ ᠵᠠᠰᠠᠮᠠᠯ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠲᠤᠰ ᠵᠠᠮ ᠨᠢ ᠳᠤᠮᠳᠠᠳᠤ ᠣᠷᠣᠰ ᠤᠨ ᠭᠤᠯᠳᠤ ᠴᠢᠭᠯᠡᠯ ᠤᠨ ᠭᠤᠣᠯ ᠵᠠᠮ ᠲᠠᠢ ᠵᠠᠯᠭᠠᠵᠤ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠪᠠ ︽ᠨᠢᠭᠡ ᠪᠦᠰᠡ ᠨᠢᠭᠡ ᠵᠠᠮ ︾᠎ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠬᠡᠷᠡᠭᠵᠢᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃ ᠤᠢᠢᠷ᠎ᠠ ᠶᠢᠨ ᠵᠢᠯ ᠤᠳ ᠲᠤ᠂ ᠳᠤᠮᠳᠠᠳᠤ ᠮᠣᠩᠭᠤᠯ ᠤᠨ ᠠᠷᠠᠯᠵᠢᠶ᠎ᠠ ᠡᠳᠦᠷ ᠢᠷᠡᠬᠦᠶ᠎ᠡ ᠦᠷᠭᠡᠵᠢᠵᠦ ᠪᠠᠶᠢᠬᠤ ᠶᠢ ᠳᠠᠭᠠᠯᠳᠤᠨ᠂ ᠳᠤᠮᠳᠠᠳᠤ ᠤᠯᠤᠰ ᠤᠨ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠬᠢᠭᠡᠳ ᠬᠢᠯᠢ ᠪᠠᠷ ᠣᠷᠣᠵᠤ ᠭᠠᠷᠬᠤ ᠬᠥᠮᠦᠨ ᠲᠦᠷᠭᠡᠨ ᠨᠡᠮᠡᠭᠳᠡᠵᠦ᠂ ᠡᠷᠢᠶᠡᠨ ᠬᠤᠲᠠ ᠠᠴᠠ ᠤᠯᠠᠭᠠᠨᠪᠠᠭᠠᠲᠤᠷ ᠬᠦᠷᠬᠦ ᠵᠠᠰᠠᠮᠠᠯ ᠵᠠᠮ ᠪᠦᠷᠢᠨ ᠨᠡᠪᠲᠡᠷᠡᠭᠰᠡᠨ ᠤ ᠳᠠᠷᠠᠭ᠎ᠠ᠂ ᠳᠤᠮᠳᠠᠳᠤ ᠮᠣᠩᠭᠤᠯ ᠤᠨ ᠡᠳ᠋ ᠪᠠᠷᠠᠭ᠎ᠠ ᠶᠢᠨ ᠵᠦᠭᠡᠭᠡᠪᠦᠷᠢᠯᠡᠯᠲᠡ ᠮᠠᠰᠢ ᠶᠡᠭᠡ ᠳᠡᠭᠡᠭᠰᠢᠯᠡᠵᠦ᠂ ᠬᠤᠶᠠᠷ ᠲᠠᠯ᠎ᠠ ᠶᠢᠨ ᠠᠷᠠᠯᠵᠢᠶᠠᠨ ᠤ ᠲᠡᠮᠥᠷ ᠵᠠᠮ ᠤᠨ ᠲᠡᠭᠡᠭᠡᠪᠦᠷᠢ ᠳᠤ ᠲᠦᠰᠢᠭᠯᠡᠬᠦ ᠴᠢᠨᠠᠷ ᠰᠤᠯᠠᠷᠠᠵᠤ᠂ ᠤᠯᠠᠭᠠᠨᠪᠠᠭᠠᠲᠤᠷ ᠠᠴᠠ ᠬᠡᠰᠢᠭ ᠣᠯᠠᠨ ᠤᠯᠤᠰ ᠤᠨ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠤᠨ ᠠᠵᠢᠯ ᠡᠬᠢᠯᠡᠬᠦ ᠪᠠ ᠡᠷᠢᠶᠡᠨ ᠬᠤᠲᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠲᠦᠯᠬᠢᠨ ᠠᠬᠢᠭᠤᠯᠬᠤ ᠶᠢ ᠳᠠᠭᠠᠯᠳᠤᠨ᠂ ᠳᠤᠮᠳᠠᠳᠤ ᠮᠣᠩᠭᠤᠯ ᠣᠷᠣᠰ ᠤᠨ ᠠᠭᠠᠷ ᠤᠨ ︽ᠲᠣᠷᠭᠠᠨ ᠵᠠᠮ︾᠎ ᠢ ᠡᠭᠦᠳᠬᠦ ᠲᠥᠰᠦᠪᠯᠡᠯ ᠴᠦ ᠠᠯᠬᠤᠮ ᠠᠯᠬᠤᠮ ᠢᠶᠠᠷ ᠪᠡᠶᠡᠯᠡᠭᠳᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号