ᠥᠪᠥᠷ ᠮᠣᠩᠭᠤᠯ ᠤᠨ 6 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠨᠡ ᠵᠢᠯ 8 ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠪᠡ
ᠨᠡᠶᠢᠲᠡᠯᠡᠭᠰᠡᠨ ᠴᠠᠭ᠄
2016/5/11
       ᠰᠤᠷᠭᠠᠨ ᠬᠥᠮᠦᠵᠢᠯ ᠤᠨ ᠶᠠᠮᠤᠨ ᠣᠷᠴᠢᠮᠬᠠᠨ ᠡᠨᠡ ᠵᠢᠯ ᠤᠨ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠳᠠᠩᠰᠠᠯᠠᠭᠤᠯᠤᠭᠰᠠᠨ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ 6 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 8 ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠵᠦ᠂ ᠡᠨᠡ ᠵᠢᠯ ᠠᠴᠠ ᠡᠬᠢᠯᠡᠨ ᠰᠤᠷᠤᠭᠴᠢ ᠡᠯᠰᠡᠨ᠎ᠠ᠂ ᠰᠤᠷᠤᠯᠭ᠎ᠠ ᠶᠢᠨ ᠲᠦᠷᠢᠮ ᠨᠢ ᠴᠥᠮ 3 ᠵᠢᠯ ᠪᠣᠯᠤᠨ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠨᠡ ᠤᠳᠠᠭ᠎ᠠ ᠶᠢᠨ ᠰᠢᠨ᠎ᠡ ᠨᠡᠮᠡᠭᠳᠡᠭᠰᠡᠨ ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠨᠢ᠄ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠡᠮᠴᠢᠯᠡᠭᠡᠨ ᠤ ᠠᠨᠠᠭᠠᠬᠤ ᠤᠬᠠᠭᠠᠨ᠂ ᠮᠣᠩᠭᠤᠯ ᠠᠨᠠᠭᠠᠬᠤ ᠤᠬᠠᠭᠠᠨ ︔ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠬᠤ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠢ ᠬᠠᠮᠠᠭᠠᠯᠠᠬᠤ︔ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ︔ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ︔ ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ︔ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠡᠷᠭᠡ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号