5 ᠳ᠋ᠤᠭᠠᠷ ᠰᠠᠷ᠎ᠠ ᠶᠢᠨ 15 ᠤ ᠡᠳᠦᠷ ᠤᠨ ᠲᠡᠭ ᠴᠠᠭ ᠠᠴᠠ ᠡᠬᠢᠯᠡᠨ᠂ ᠪᠦᠬᠦ ᠤᠯᠤᠰ ᠤᠨ ᠲᠡᠮᠦᠷ ᠵᠠᠮ | ᠭᠠᠯᠲᠤ ᠲᠡᠷᠭᠡᠨ ᠤ ᠠᠶᠠᠯᠠᠯ ᠤᠨ ᠵᠢᠷᠤᠭ ᠢ ᠲᠣᠬᠢᠷᠠᠭᠤᠯᠬᠤ ᠪᠠᠷ ᠪᠤᠢ᠃ ᠲᠤᠬᠠᠶ ᠶᠢᠨ ᠦᠶ᠎ᠡ ᠳᠤ᠂ ᠬᠥᠬᠡᠬᠤᠲᠠ | ᠲᠡᠮᠦᠷ ᠵᠠᠮ ᠤᠨ ᠲᠣᠪᠴᠢᠶ᠎ᠠ ᠶᠢᠨ ᠬᠠᠮᠢᠶᠠᠷᠤᠯᠲᠠ ᠳᠤ ᠠᠶᠠᠯᠠᠵᠤ ᠪᠠᠶᠢᠭ᠎ᠠ ᠡᠩ ᠤᠨ ᠪᠣᠯᠣᠨ ᠲᠥᠷᠭᠡᠨ ᠬᠤᠷᠳᠤᠴᠠᠲᠤ | ᠠᠶᠠᠨᠴᠢᠳ ᠤᠨ ᠴᠤᠪᠤᠭ᠎ᠠ ᠲᠡᠷᠭᠡ ᠶᠢ 56 ᠬᠤᠣᠰ ᠪᠠᠶᠢᠭᠰᠠᠨ ᠠᠴᠠ ᠨᠢ 60 ᠬᠤᠣᠰ ᠪᠣᠯᠭᠠᠨ ᠨᠡᠮᠡᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠤᠯᠤᠰ ᠤᠨ 27 ᠮᠤᠵᠢ ᠣᠷᠣᠨ ᠬᠤᠲᠠ ᠲᠠᠢ ᠬᠠᠷᠢᠯᠴᠠᠨ | ᠬᠤᠯᠪᠣᠯᠳᠤᠨ ᠨᠡᠪᠲᠡᠷᠡᠯᠴᠡᠬᠦ ᠪᠣᠯᠭᠠᠪᠠ᠃ | ᠬᠥᠬᠡᠬᠤᠲᠠ ᠲᠡᠮᠦᠷ ᠵᠠᠮ ᠤᠨ ᠲᠣᠪᠴᠢᠶ᠎ᠠ ᠰᠢᠨ᠎ᠡ ᠵᠢᠷᠤᠭ ᠢ ᠬᠡᠷᠡᠭᠵᠢᠭᠦᠯᠦᠭᠰᠡᠨ ᠤ ᠳᠠᠷᠠᠭ᠎ᠠ᠂ ᠪᠤᠭᠤᠲᠤ ᠠᠴᠠ | ᠳ᠋ᠠᠲ᠋ᠦ᠋ᠩ ᠬᠦᠷᠬᠦ᠂ ᠳ᠋ᠠᠲ᠋ᠦ᠋ᠩ ᠠᠴᠠ ᠬᠥᠬᠡᠬᠤᠲᠠ ᠳᠤ ᠰᠢᠭᠤᠳ ᠨᠡᠪᠲᠡᠷᠡᠬᠦ ᠠᠶᠠᠨᠴᠢᠳ ᠤᠨ ᠴᠤᠪᠤᠭ᠎ᠠ ᠲᠡᠷᠭᠡ ᠶᠢ | ᠰᠢᠨ᠎ᠡ ᠪᠠᠷ ᠨᠡᠮᠡᠵᠦ᠂ ᠥᠪᠥᠷ ᠮᠣᠩᠭᠤᠯ ᠪᠣᠯᠣᠨ ᠱᠠᠨ ᠰᠢ ᠬᠤᠶᠠᠷ ᠭᠠᠵᠠᠷ ᠤᠨ ᠳᠤᠮᠳᠠ ᠵᠢᠵᠢᠭ ᠬᠤᠳᠠ ᠶᠢᠨ | ᠬᠤᠭᠤᠷᠣᠨᠳᠣᠬᠢ ᠠᠶᠠᠨᠴᠢᠳ ᠤᠨ ᠲᠡᠭᠡᠭᠡᠪᠦᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠡᠭᠦᠨ ᠠᠴᠠ ᠭᠠᠳᠠᠨ᠎ᠠ᠂ ᠪᠠᠰᠠ ᠪᠤᠭᠤᠲᠤ ᠠᠴᠠ ᠰᠢᠶᠠᠮᠧᠨ ᠳᠤ ᠰᠢᠭᠤᠳ ᠨᠡᠪᠲᠡᠷᠡᠬᠦ ᠠᠶᠠᠨᠴᠢᠳ ᠤᠨ1 ᠬᠤᠣᠰ | ᠴᠤᠪᠤᠭ᠎ᠠ ᠲᠡᠷᠭᠡ ᠂ ᠪᠤᠭᠤᠲᠤ ᠠᠴᠠ ᠪᠠᠶ᠋ᠬᠠᠤᠪᠤᠭ᠎ᠠ ᠬᠥᠷᠬᠦ ᠬᠠᠮᠢᠶᠠᠷᠤᠯᠲᠠ ᠶᠢᠨ ᠳᠣᠲᠣᠷᠠᠬᠢ ᠲᠦᠷᠭᠡᠨ | ᠬᠤᠷᠳᠤᠴᠠᠲᠤ ᠠᠶᠠᠨᠴᠢᠳ ᠤᠨ 1 ᠬᠤᠣᠰ ᠴᠣᠪᠤᠭ᠎ᠠ ᠲᠡᠷᠭᠡ ᠨᠡᠪᠲᠡᠷᠡᠭᠦᠯᠬᠦ ᠪᠠᠷ ᠪᠤᠢ᠃ ᠵᠢᠷᠤᠭ ᠢ | ᠲᠣᠬᠢᠷᠠᠭᠤᠯᠤᠭᠰᠠᠨ ᠤ ᠳᠠᠷᠠᠭ᠎ᠠ᠂ ᠬᠥᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠬᠠᠮᠢᠶᠠᠷᠤᠯᠲᠠ ᠶᠢᠨ ᠳᠣᠲᠣᠷᠠᠬᠢ | 27 ᠡᠭᠡᠯᠵᠢ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠵᠣᠭᠰᠤᠬᠤ ᠥᠷᠲᠡᠭᠡ ᠨᠢ ᠨᠡᠮᠡᠭᠳᠡᠵᠦ ᠬᠠᠰᠤᠭᠳᠠᠬᠤ | ᠪᠣᠯᠣᠨ᠎ᠠ᠃ ᠵᠢᠱᠢᠶᠡᠯᠡᠪᠡᠯ ᠬᠥᠬᠡᠬᠤᠲᠠ ᠶᠢᠨ ᠵᠡᠭᠦᠨ ᠥᠷᠲᠡᠭᠡ ᠠᠴᠠ ᠱᠠᠩᠬᠠᠶ ᠳᠤ ᠬᠦᠷᠬᠦ Z267/70/67 | ᠡᠭᠡᠯᠵᠢ ᠨᠢ ᠤᠷᠳᠤᠰ ᠲᠤ ᠵᠣᠭᠰᠤᠬᠤ ᠥᠷᠲᠡᠭᠡ ᠨᠡᠮᠡᠵᠦ᠂ ᠬᠥᠬᠡᠬᠤᠲᠠ ᠶᠢᠨ ᠵᠡᠭᠦᠨ ᠥᠷᠲᠡᠭᠡ ᠠᠴᠠ ᠴᠧᠩᠳᠦ᠋ ᠶᠢᠨ | ᠵᠡᠭᠦᠨ ᠥᠷᠲᠡᠭᠡ ᠬᠦᠷᠬᠦ K195 ᠡᠭᠡᠯᠵᠢ ᠳᠤ ᠣᠷᠳᠣᠰ ᠵᠡᠷᠭᠡ ᠥᠷᠲᠡᠭᠡᠨ ᠳᠤ ᠵᠣᠭᠰᠤᠬᠤ ᠥᠷᠲᠡᠭᠡ ᠨᠡᠮᠡᠪᠡ︔ | ᠬᠥᠬᠡᠬᠤᠲᠠ ᠠᠴᠠ ᠬᠠᠩᠵᠧᠦ ᠳᠤ ᠬᠦᠷᠬᠦ K655/8/ 5 ᠡᠭᠡᠯᠵᠢ ᠳᠤ ᠪᠤᠭᠤᠲᠤ ᠶᠢᠨ ᠵᠡᠭᠦᠨ᠂ ᠪᠤᠭᠤᠲᠤ᠂ | ᠤᠷᠳᠤᠰ ᠵᠡᠷᠭᠡ ᠥᠷᠲᠡᠭᠡᠨ ᠳᠤ ᠵᠣᠭᠰᠤᠬᠤ ᠥᠷᠲᠡᠭᠡ ᠨᠡᠮᠡᠪᠡ︔ ᠪᠤᠭᠤᠲᠤ ᠠᠴᠠ ᠪᠡᠭᠡᠵᠢᠩ ᠤᠨ ᠪᠠᠷᠠᠭᠤᠨ | ᠥᠷᠲᠡᠭᠡ ᠬᠦᠷᠬᠦK1117/6 ᠡᠭᠡᠯᠵᠢ ᠨᠢ ᠣᠷᠳᠣᠰ ᠵᠡᠷᠭᠡ ᠥᠷᠲᠡᠭᠡ ᠳᠤ ᠵᠣᠭᠰᠤᠬᠤ ᠥᠷᠲᠡᠭᠡ ᠨᠡᠮᠡᠪᠡ︔ | ᠬᠥᠬᠡᠬᠤᠲᠠ ᠶᠢᠨ ᠵᠡᠭᠦᠨ ᠥᠷᠲᠡᠭᠡ ᠠᠴᠠ ᠯᠠᠨᠵᠧᠦ ᠶᠢᠨ ᠪᠠᠷᠠᠭᠤᠨ ᠥᠷᠲᠡᠭᠡ ᠳᠤ ᠬᠦᠷᠬᠦ 2635 ᠡᠭᠡᠯᠵᠢ ᠳᠤ | ᠬᠥᠬᠡᠬᠤᠲᠠ᠂ ᠦᠶᠤᠸᠠᠨ ᠵᠡᠷᠭᠡ ᠥᠷᠲᠡᠭᠡᠨ ᠳᠤ ᠵᠣᠭᠰᠤᠬᠤ ᠥᠷᠲᠡᠭᠡ ᠨᠡᠮᠡᠪᠡ ᠃ |