| ᠰᠤᠷᠪᠤᠯᠵᠢᠯᠠᠭᠰᠠᠨ ᠴᠠᠭ᠄ | 2016 ᠣᠨ ᠤ 5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ | ᠰᠤᠷᠪᠤᠯᠵᠢᠯᠠᠭᠰᠠᠨ ᠵᠣᠴᠢᠨ᠄ | ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠪᠴᠢᠶᠠᠨ ᠳᠠᠷᠤᠭ᠎ᠠ ᠸᠠᠩ ᠶᠢᠥ ᠬᠤᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠷᠠᠳ ᠤᠨ ᠠᠮᠢᠳᠤᠷᠠᠯ ᠢ | ᠪᠠᠲᠤᠯᠠᠬᠤ ᠶᠢᠨ ᠲᠡᠷᠢᠭᠦᠨ ᠶᠡᠭᠡ ᠶᠠᠪᠤᠳᠠᠯ ᠪᠣᠯ ᠳᠠᠷᠤᠶ ᠠᠵᠢᠯ ᠣᠯᠭᠤᠯᠲᠠ ᠶᠢ ᠪᠠᠲᠤᠯᠠᠬᠤ ᠶᠡᠭᠡ ᠶᠠᠪᠤᠳᠠᠯ ᠪᠣᠯᠤᠨ᠎ᠠ᠃ | ᠡᠨᠡ ᠵᠢᠯ ᠪᠣᠯ ︽13 · 5︾ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠡ ᠤ ᠵᠢᠯ ᠮᠦᠨ᠂ ᠮᠠᠨ ᠤ ᠣᠷᠣᠨ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠂ ᠮᠠᠨ ᠤ | ᠣᠷᠣᠨ ᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠪᠠᠶᠢᠳᠠᠯ ᠢ ᠨᠠᠷᠢᠨ ᠤᠶᠢᠯᠭᠠᠬᠤ ᠶᠢᠨ | ᠲᠤᠰᠠᠳᠠ᠂ ᠤᠶᠢᠷ᠎ᠠ ᠶᠢᠨ ᠡᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠪᠴᠢᠶᠠᠨ ᠳᠠᠷᠤᠭ᠎ᠠ ᠸᠠᠩ ᠶᠢᠦ ᠬᠤᠩ ᠢ ︽ᠳᠤᠮᠳᠠᠳᠤ ᠤᠯᠤᠰ · ᠥᠪᠥᠷ | ᠮᠣᠩᠭᠤᠯ︾ ᠰᠦᠯᠵᠢᠶᠡᠨ ᠳᠤ ᠤᠷᠢᠵᠤ ᠳᠠᠶᠠᠭᠠᠷ ᠲᠠᠢ ᠵᠣᠭᠤᠭᠳᠠᠭᠤᠯᠬᠤ ᠪᠠᠷ ᠪᠣᠯᠪᠠ᠃ ᠥᠷᠭᠡᠨ ᠣᠯᠠᠨ | ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ ᠢᠳᠡᠪᠬᠢᠲᠡᠶ ᠣᠷᠤᠯᠴᠠᠬᠤ ᠶᠢ ᠤᠭᠲᠤᠵᠤ ᠪᠠᠶᠢᠨ᠎ᠠ︕ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠲᠣᠰ ᠬᠤᠭᠤᠴᠠᠭ᠎ᠠ ᠶᠢᠨ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠣᠯᠤᠩ ᠢ ᠬᠦᠯᠢᠶᠡᠨ | ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳ᠋ᠨ ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠪᠴᠢᠶᠠᠨ ᠳᠠᠷᠤᠭ᠎ᠠ ᠸᠠᠩ ᠶᠢᠤ ᠬᠤᠩ ᠢ ᠤᠷᠢᠵᠤ ᠲᠠ ᠣᠯᠠᠨ ᠲᠠᠢ ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ ᠶᠢ ᠠᠬᠢᠭᠤᠯᠬᠤ ᠲᠤᠬᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠦᠭᠡᠳ ᠰᠦᠯᠵᠢᠶᠡᠨ ᠤ | ᠠᠨᠳᠠ ᠨᠠᠷ ᠤᠨ ᠠᠰᠠᠭᠤᠳᠠᠯ ᠢ ᠬᠠᠷᠢᠭᠤᠯᠬᠤ ᠪᠠᠷ ᠪᠣᠯᠪᠠ᠃ ᠸᠠᠩ ᠲᠣᠪᠴᠢᠶᠠᠨ ᠳᠠᠷᠤᠭ᠎ᠠ ᠰᠠᠶᠢᠨ ᠦᠦ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠸᠠᠩ ᠶᠢᠦ ᠬᠤᠩ᠄ | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠦᠦ︕ ᠠᠳᠡ ᠲᠠ | ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ ᠡᠨᠡ ᠲᠣᠬᠢᠶᠠᠯ ᠢ | ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ | ᠡᠮᠦᠨ᠎ᠡ ᠠᠴᠠ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠬᠠᠯᠠᠮᠵᠢᠯᠠᠵᠤ ᠳᠡᠮᠵᠢᠭᠰᠡᠭᠡᠷ ᠢᠷᠡᠭᠰᠡᠨ | ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ | ᠪᠠᠶᠢᠨ᠎ᠠ᠃ | ᠬᠥᠲᠥᠯᠥᠭᠴᠢ᠄ | ᠸᠠᠩ ᠲᠣᠪᠴᠢᠶᠠᠨ ᠳᠠᠷᠤᠭ᠎ᠠ ᠡ᠂ ᠡᠨᠡ ᠵᠢᠯ ᠪᠣᠯ ︽13 · 5︾ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠡᠬᠢᠨ ᠤ ᠵᠢᠯ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ | ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠪᠠ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠠᠴᠠ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠪᠦᠬᠦ ᠲᠠᠯ᠎ᠠ | ᠪᠠᠷ ᠪᠠᠶᠢᠷᠢᠯᠠᠭᠤᠯᠪᠠ᠂ ᠲᠠ ᠡᠨᠡ ᠵᠢᠯ ᠪᠦᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠲᠤᠬᠠᠢ ᠶᠠᠮᠠᠷ ᠶᠠᠮᠠᠷ | ᠭᠤᠣᠯᠳᠠᠯᠭ᠎ᠠ ᠲᠠᠢ ᠠᠵᠢᠯ ᠤᠨ ᠬᠠᠷᠠᠯᠲᠤ ᠡᠭᠦᠷᠭᠡ ᠲᠣᠭᠲᠠᠭᠠᠭᠰᠠᠨ ᠢ ᠪᠢᠳᠡᠨ ᠳᠤ ᠶᠠᠷᠢᠭᠠᠳ ᠦᠭᠭᠦᠨ᠎ᠡ ᠦᠦ︖ | ᠸᠠᠩ ᠶᠢᠦ ᠬᠤᠩ᠄ | ᠵᠠ ᠲᠡᠭᠡᠶ᠎ᠡ᠃ ᠡᠨᠡ ᠵᠢᠯ ᠪᠣᠯ ︽13 · 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ | ᠮᠦᠨ᠂ ᠪᠠᠰᠠᠴᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠰᠢᠪᠲᠤᠯᠤᠯᠲᠠ ᠶᠢᠨ ᠵᠢᠯ | ᠮᠥᠨ᠂ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠨᠢ ᠲᠣᠭᠲᠠᠭᠤᠨ ᠪᠠᠶᠢᠯᠭᠠᠬᠤ ᠶᠢᠨ ᠵᠡᠷᠭᠡᠪᠡᠷ | ᠤᠷᠤᠭᠰᠢᠯᠠᠬᠤ ᠶᠡᠷᠦᠩᠬᠡᠶ ᠬᠦᠭ ᠠᠶᠠᠰ ᠢᠶᠠᠨ ᠪᠠᠷᠢᠮᠲᠠᠯᠠᠵᠤ᠂ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ | ᠦᠷᠭᠦᠯᠵᠢᠯᠡᠨ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠪᠥᠬᠦ ᠣᠷᠣᠨ ᠤ ᠬᠤᠲᠠ | ᠪᠠᠯᠭᠠᠰᠤᠨ ᠳᠤ ᠰᠢᠨ᠎ᠡ ᠪᠠᠷ 26 ᠲᠦᠮᠡᠨ ᠬᠥᠮᠦᠨ ᠳᠤ ᠠᠵᠢᠯ ᠣᠯᠭᠤᠬᠤ᠂ 5 ᠲᠦᠮᠡᠨ ᠠᠵᠢᠯ ᠠᠯᠳᠠᠭᠰᠠᠳ ᠲᠤ | ᠲᠠᠬᠢᠨ ᠠᠵᠢᠯ ᠣᠯᠭᠤᠬᠤ᠂ 5 ᠲᠦᠮᠡᠨ ᠠᠵᠢᠯ ᠤᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠶᠢ | ᠪᠡᠶᠡᠯᠡᠭᠦᠯᠦᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠳᠣᠲᠣᠷ᠎ᠠ | ᠬᠢᠵᠠᠭᠠᠷᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ 245 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ | ᠠᠵᠢᠯ ᠣᠯᠭᠤᠵᠣ᠂ ᠡᠭᠦᠨ ᠳᠤ 6 ᠰᠠᠷ᠎ᠠ ᠠᠴᠠ ᠳᠡᠭᠡᠭᠰᠢ ᠠᠵᠢᠯ ᠣᠯᠭᠤᠭᠰᠠᠨ ᠬᠦᠮᠦᠨ ᠢ 200 ᠲᠦᠮᠨ ᠳᠤ | ᠬᠦᠷᠦᠭᠦᠯᠬᠦ ᠬᠠᠷᠠᠯᠲᠤ ᠡᠭᠦᠷᠭᠡ ᠶᠢ ᠪᠡᠶᠡᠯᠡᠭᠦᠯᠦᠨ᠎ᠡ᠃ | ᠬᠥᠲᠥᠯᠥᠭᠴᠢ᠄ | ᠸᠠᠩ ᠲᠣᠪᠴᠢᠶᠠᠨ ᠳᠠᠷᠤᠭ᠎ᠠ ᠡ᠂ ᠲᠣᠭᠲᠠᠭᠠᠭᠰᠠᠨ ᠬᠠᠷᠠᠯᠲᠤ ᠡᠭᠦᠷᠭᠡ ᠶᠢᠨ ᠪᠠᠶᠢᠳᠠᠯ ᠠᠴᠠ ᠦᠵᠡᠪᠡᠯ᠂ ᠡᠨᠡ | ᠵᠢᠯ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠡᠭᠦᠷᠭᠡ ᠮᠥᠨ ᠯᠡ ᠮᠠᠰᠢ ᠪᠡᠷᠬᠡ | ᠬᠠᠲᠠᠭᠤᠵᠢᠯᠲᠠᠶ ᠪᠠᠶᠢᠨ᠎ᠠ᠂ ᠡᠯ᠎ᠡ ᠵᠦᠢᠯ ᠤᠨ ᠬᠠᠷᠠᠯᠲᠤ ᠡᠭᠦᠷᠭᠡ ᠶᠢ ᠪᠡᠶᠡᠯᠡᠭᠦᠯᠬᠦ ᠶᠢᠨ ᠲᠤᠰᠠᠳᠠ ᠶᠠᠮᠠᠷ ᠶᠠᠮᠠᠷ ᠭᠤᠣᠯ | ᠠᠷᠭ᠎ᠠ ᠬᠡᠮᠵᠢᠶ᠎ᠡ ᠠᠪᠬᠤ ᠪᠤᠢ︖ | ᠸᠠᠩ ᠶᠢᠦ ᠬᠤᠩ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠬᠤ ᠪᠠ ᠠᠳᠠᠯ | ᠦᠢᠯᠡᠰ ᠴᠣᠭᠴᠠᠯᠠᠬᠤ ᠠᠵᠢᠯ ᠤᠨ ᠪᠠᠶᠢᠷᠢᠯᠠᠭᠤᠯᠤᠯᠲᠠ ᠪᠠ ᠪᠦᠬᠦ ᠤᠯᠤᠰ ᠤᠨ ᠬᠥᠮᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠤᠭᠠᠷ᠂ ᠡᠨᠡ ᠵᠢᠯ ᠤᠨ ᠠᠵᠢᠯ | ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠳᠤ ᠠᠵᠢᠯ ᠣᠯᠭᠤᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠪᠠ ᠨᠠᠩ ᠢᠳᠡᠪᠬᠢᠲᠡᠶ ᠠᠵᠢᠯ ᠣᠯᠭᠤᠬᠤ ᠲᠦᠷᠦ ᠶᠢᠨ ᠪᠤᠳᠤᠯᠭ᠎ᠠ ᠶᠢ ᠡᠷᠡᠰ ᠭᠤᠶᠢᠪᠢᠰᠢ ᠦᠭᠡᠢ ᠪᠠᠷ | ᠬᠡᠷᠡᠭᠵᠢᠭᠦᠯᠵᠦ᠂ ᠭᠦᠢᠴᠡᠳ ᠠᠵᠢᠯ ᠣᠯᠭᠤᠬᠤ ᠶᠢ ᠠᠬᠢᠭᠤᠯᠬᠤ ᠪᠠ ᠴᠢᠨᠠᠷ ᠰᠠᠶᠢᠲᠠᠶ ᠠᠵᠢᠯ ᠣᠯᠭᠤᠬᠤ ᠶᠢ | ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ︽ᠬᠤᠶᠠᠷ ᠶᠡᠭᠡ ᠰᠢᠰᠲ᠋ᠧᠮᠵᠢ︾ ᠶᠢ ᠬᠦᠴᠦᠯᠡᠨ ᠪᠠᠶᠢᠭᠤᠯᠵᠤ᠂ ︽ | ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠠᠳᠬᠤᠨ᠎ᠠ᠃ ᠳᠠᠷᠤᠶ ᠠᠵᠢᠯ ᠣᠯᠭᠤᠬᠤ ᠠᠳᠠᠯ | ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠪᠠ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ | ᠵᠡᠷᠭᠡ ᠬᠤᠶᠠᠷ ᠶᠡᠭᠡ ᠰᠢᠰᠲ᠋ᠧᠮᠵᠢ ᠶᠢ ᠬᠦᠴᠦᠯᠡᠨ ᠪᠠᠶᠢᠭᠤᠯᠬᠤ ᠪᠠ ᠪᠦᠷᠢᠨᠰᠢᠭᠦᠯᠬᠦ ᠪᠣᠯᠤᠨ᠎ᠠ᠃ ᠨᠢᠭᠡ ᠳᠤ ᠪᠦᠬᠦ | ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠬᠤᠲᠠ ᠪᠠᠯᠭᠠᠰᠤ ᠶᠢᠨ ᠵᠠᠯᠠᠭᠤ ᠬᠥᠳᠡᠯᠮᠦᠷᠢ ᠶᠢᠨ ᠬᠦᠴᠦᠨ ᠵᠡᠷᠭᠡ | ᠭᠤᠣᠯᠳᠠᠯᠭ᠎ᠠ ᠲᠠᠢ ᠪᠦᠯᠦᠭᠯᠡᠯ ᠳᠤ ᠭᠦᠢᠴᠡᠳ ᠠᠵᠢᠯ ᠣᠯᠭᠤᠬᠤ ᠶᠢ ᠦᠨᠡᠨᠬᠦ ᠪᠠᠲᠤᠯᠠᠨ᠎ᠠ᠃ ᠬᠤᠶᠠᠷ ᠲᠤ ︽ᠦᠢ | ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠪᠠᠷ | ᠬᠦᠳᠡᠯᠭᠡᠭᠦᠷ ᠪᠣᠯᠭᠠᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠤ᠂ ᠠᠵᠢᠯ | ᠣᠯᠭᠤᠯᠲᠠ ᠶᠢᠨ ᠶᠡᠷᠦᠩᠬᠡᠶ ᠬᠡᠮᠵᠢᠶ᠎ᠡ ᠶᠢ ᠴᠢᠷᠮᠠᠶᠢᠨ ᠦᠷᠭᠡᠳᠬᠡᠨ᠎ᠠ᠃ ᠭᠤᠷᠪᠠ ᠳᠤ ᠰᠢᠨ᠎ᠡ ᠶᠢ ᠡᠭᠦᠳᠬᠦ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯ ᠬᠢᠵᠦ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠢ | ᠪᠦᠲᠦᠮᠵᠢᠲᠡᠶ ᠠᠷᠢᠯᠭᠠᠨ᠎ᠠ᠃ ᠳᠥᠷᠪᠡ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠤᠨ᠂ ᠮᠠᠯᠵᠢᠬᠤ | ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠲᠠᠪᠤ ᠳᠤ ᠳᠦᠷᠦᠯ ᠲᠡᠮᠳᠡᠭᠲᠦ ᠪᠠᠷ ᠬᠥᠲᠥᠯᠥᠨ | ᠳᠠᠭᠠᠭᠤᠯᠵᠤ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠠᠬᠢᠭᠤᠯᠬᠤ ᠪᠠᠷ ᠠᠵᠢᠯ ᠣᠯᠭᠤᠯᠲᠠ ᠶᠢ ᠲᠥᠯᠬᠢᠨ | ᠠᠬᠢᠭᠤᠯᠤᠨ᠎ᠠ᠃ ᠵᠢᠷᠭᠤᠭ᠎ᠠ ᠳᠤ ᠠᠶᠤᠯ ᠲᠦᠭᠰᠢᠭᠦᠷᠢ ᠶᠢ ᠰᠡᠷᠭᠡᠶᠢᠯᠡᠨ᠂ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠪᠠᠷ ᠠᠵᠢᠯ ᠠᠯᠳᠠᠯᠲᠠ ᠶᠢ ᠤᠷᠢᠳᠴᠢᠯᠠᠨ ᠰᠡᠷᠭᠡᠶᠢᠯᠡᠬᠦ ᠪᠠ ᠠᠵᠢᠯ ᠣᠯᠭᠤᠯᠲᠠ ᠶᠢ ᠠᠬᠢᠭᠤᠯᠬᠤ ᠦᠢᠯᠡᠳᠦᠯ ᠢ | ᠪᠠᠳᠠᠷᠠᠭᠤᠯᠤᠨ᠎ᠠ᠃ | ᠬᠥᠲᠥᠯᠥᠭᠴᠢ᠄ | ᠲᠠ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠪᠠ ᠤᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠶᠢᠨ ᠭᠤᠣᠯ ᠠᠷᠭ᠎ᠠ | ᠬᠡᠮᠵᠢᠶ᠎ᠡ ᠨᠢ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠦᠭᠭᠦᠨ᠎ᠡ ᠦᠦ︖ | ᠸᠠᠩ ᠶᠢᠣ ᠬᠤᠨᠭ᠌᠄ | ᠠᠵᠢᠯ ᠣᠯᠭᠤᠬᠤ ᠪᠠ ᠠᠳᠠᠯ ᠦᠢᠯᠡᠰ ᠴᠤᠭᠴᠠᠯᠠᠬᠤ ᠲᠥᠷᠥ ᠶᠢᠨ ᠪᠤᠳᠤᠯᠭ᠎ᠠ ᠶᠢ ᠲᠤᠭᠲᠠᠭᠠᠨ ᠪᠦᠷᠢᠨᠰᠢᠬᠦᠯᠬᠦ | ᠲᠠᠯ᠎ᠠ ᠪᠠᠷ᠄ | ᠨᠢᠭᠡ ᠳᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠲᠣᠭᠲᠠᠭᠠᠨ ᠪᠦᠷᠢᠨᠰᠢᠬᠦᠯᠦᠨ᠎ᠡ᠃ | ᠪᠠᠶᠢᠳᠠᠯ ᠤᠨ ᠬᠤᠪᠢᠷᠠᠯᠲᠠ ᠪᠤᠯᠤᠨ ᠡᠭᠦᠷᠭᠡ ᠶᠢᠨ ᠱᠠᠭᠠᠷᠳᠠᠯᠭ᠎ᠠ ᠶᠢ ᠰᠠᠯᠤᠯ ᠤᠢᠭᠡᠢ ᠲᠡᠭᠠᠵᠦ᠂ ᠰᠢᠨ᠎ᠡ ᠮᠡᠷᠭᠡᠵᠢᠯ᠂ | ᠰᠢᠨ᠎ᠡ ᠤᠨᠤᠯᠵᠢᠬᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠳᠤ ᠴᠢᠭᠯᠡᠭᠦᠯᠦᠨ᠂ ︽ᠲᠦᠭ | ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠥᠷᠨᠢᠯᠲᠡ | ᠪᠤᠯᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠰᠢᠨ᠎ᠡ ᠬᠠᠨᠳᠤᠰᠢ ᠶᠢ ᠣᠨᠴᠠᠭᠠᠶᠢᠯᠠᠨ | ᠠᠩᠬᠠᠷᠴᠤ᠂ ᠪᠠᠶᠢᠴᠠᠭᠠᠨ ᠰᠤᠳᠤᠯᠤᠯᠲᠠ ᠬᠢᠬᠦ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠲᠥᠷᠥ ᠶᠢᠨ ᠪᠣᠳᠣᠯᠭ᠎ᠠ ᠶᠢᠨ ᠭᠦᠢᠴᠡᠳ ᠨᠥᠭᠡᠴᠡᠯᠡᠯ ᠪᠤᠯᠤᠨ ᠠᠷᠭᠠᠴᠠᠬᠤ ᠤᠷᠢᠳᠴᠢᠯᠠᠭᠰᠠᠨ ᠲᠥᠰᠦᠯ ᠲᠠᠢ | ᠪᠠᠶᠢᠯᠭᠠᠵᠤ᠂ ᠠᠵᠤ ᠠᠬᠤᠶ ᠶᠢᠨ ᠬᠥᠭᠵᠢᠯᠲᠡ ᠪᠤᠯᠤᠨ ᠠᠵᠢᠯ ᠣᠯᠭᠤᠯᠲᠠ ᠶᠢ ᠠᠬᠢᠭᠤᠯᠬᠤ ᠰᠠᠶᠢᠨ ᠰᠠᠶᠢᠬᠠᠨ | ᠦᠢᠯᠡᠳᠦᠯᠴᠡᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠵᠤ᠂ ᠴᠢᠬᠤᠯᠠ ᠶᠡᠭᠡ ᠲᠦᠷᠦᠯ | ᠵᠦᠢᠯ ᠤᠨ ᠠᠬᠢᠴᠠ ᠶᠢ ᠮᠥᠷᠳᠡᠬᠦ ᠠᠵᠢᠯ ᠤᠨ ᠠᠷᠭ᠎ᠠ ᠬᠡᠮᠵᠢᠶ᠎ᠡ ᠶᠢ ᠪᠦᠷᠢᠨᠰᠢᠭᠦᠯᠵᠤ᠂ ᠠᠵᠢᠯ ᠣᠯᠭᠤᠬᠤ ᠠᠵᠢᠯ ᠤᠨ | ᠪᠠᠶᠢᠷᠢ ᠶᠢ ᠢᠳᠡᠪᠬᠢᠲᠡᠶ ᠨᠡᠭᠡᠭᠡᠨ ᠬᠦᠭᠵᠢᠬᠦᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠦᠷᠭᠡᠳᠭᠡᠵᠤ᠂ ᠬᠤᠳᠠ | ᠬᠥᠳᠡᠭᠡ ᠶᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠨ᠎ᠠ᠃ | ᠬᠤᠶᠠᠷ ᠲᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠷᠴᠢᠮ ᠢ | ᠴᠢᠩᠭᠠᠷᠠᠭᠤᠯᠤᠨ᠎ᠠ᠃ ᠠᠵᠢᠯ ᠣᠯᠭᠤᠬᠤ ᠠᠵᠢᠯ ᠤᠨ ᠲᠤᠬᠠᠢ ᠲᠥᠪ ᠤᠨ ᠬᠠᠮᠤᠭ ᠤᠨ ᠰᠢᠨ᠎ᠡ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠠᠵᠢᠯ ᠣᠯᠭᠤᠬᠤ ᠪᠠ ᠠᠳᠠᠯ ᠦᠢᠯᠡᠰ ᠴᠤᠭᠴᠠᠯᠠᠬᠤ ᠲᠥᠷᠥ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠢᠳᠡᠪᠬᠢᠲᠡᠶ | ᠪᠦᠷᠢᠨᠰᠢᠬᠦᠯᠵᠤ᠂ ᠨᠤᠲᠤᠭᠴᠢᠯᠠᠯᠲᠠ ᠶᠢ ᠲᠦᠷᠭᠡᠳᠭᠡᠵᠤ᠂ ᠲᠦᠷᠦ ᠶᠢᠨ ᠪᠤᠳᠦᠯᠭ᠎ᠠ ᠶᠢ ᠠᠮᠢᠳᠤᠯᠢᠭ ᠪᠦᠭᠡᠳ | ᠭᠦᠢᠴᠡᠳ ᠬᠡᠷᠡᠭᠯᠡᠨ ᠠᠵᠢᠯ ᠤᠯᠭᠤᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠵᠤ᠂ ᠠᠳᠠᠯ ᠦᠢᠯᠡᠰ | ᠴᠣᠭᠴᠠᠯᠠᠬᠤ ᠪᠠ ᠠᠵᠢᠯ ᠣᠯᠭᠤᠬᠤ ᠲᠦᠷᠦ ᠶᠢᠨ ᠪᠤᠳᠤᠯᠭ᠎ᠠ ᠶᠢ ᠦᠨᠡᠨ ᠬᠦ ᠪᠤᠳᠠᠲᠠᠢ ᠳᠤ ᠨᠠᠶᠢᠳᠠᠪᠤᠷᠢᠵᠢᠭᠤᠯᠤᠨ | ᠠᠷᠠᠳ ᠤᠯᠠᠨ ᠳᠤ ᠠᠰᠢᠭ ᠬᠦᠷᠲᠡᠭᠡᠬᠦ ᠶᠢ ᠪᠠᠲᠤᠯᠠᠨ᠎ᠠ᠃ | ᠭᠤᠷᠪᠠ ᠳᠤ ᠠᠵᠢᠯ ᠣᠯᠭᠤᠬᠤ ᠪᠠ ᠠᠳᠠᠯ ᠦᠢᠯᠡᠰ ᠴᠤᠭᠴᠠᠯᠠᠬᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ | ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠰᠠᠨᠠᠭᠠᠴᠢᠯᠠᠭ᠎ᠠ ᠠᠴᠠ ᠪᠠᠨ | ᠵᠠᠭᠤᠴᠢᠯᠠᠭᠤᠷ ᠯᠤᠭ᠎ᠠ ᠪᠠᠶᠢᠡᠭᠭᠤᠴᠢᠯᠠᠭᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠰᠢᠨ᠎ᠡ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠤᠰᠤᠭ᠎ᠠ ᠬᠡᠯᠪᠡᠷᠢ᠂ ᠤᠯᠠᠨ ᠳᠡᠰ ᠳᠠᠪᠬᠤᠷᠭ᠎ᠠ᠂ ᠣᠯᠠᠨ ᠬᠠᠷᠠᠭᠠᠰᠤ᠂ ᠣᠯᠠᠨ | ᠠᠷᠭ᠎ᠠ ᠵᠠᠮ ᠢᠶᠠᠷ ᠠᠵᠢᠯ ᠤᠯᠭᠤᠬᠤ ᠪᠠ ᠠᠳᠠᠯ ᠦᠢᠯᠡᠰ ᠴᠤᠭᠴᠠᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ | ᠤᠬᠠᠭᠤᠯᠤᠨ᠂ ᠰᠠᠶᠢᠲᠤᠷ ᠲᠠᠶᠢᠯᠪᠤᠷᠢᠯᠠᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠳᠤ ᠪᠦᠬᠦ | ᠲᠠᠯ᠎ᠠ ᠶᠢ ᠬᠠᠮᠤᠷᠴᠤ᠂ ᠡᠷᠦᠬᠡ ᠨᠢᠭᠡᠪᠦᠷᠢ ᠬᠥᠮᠦᠨ ᠪᠣᠯᠭᠠᠨ ᠳᠤ ᠮᠡᠳᠡᠬᠦᠯᠬᠦ ᠶᠢ ᠦᠨᠡᠨ ᠬᠦ ᠪᠠᠲᠤᠯᠠᠨ᠂ ᠠᠵᠢᠯ | ᠤᠯᠭᠤᠬᠤ ᠪᠠ ᠠᠳᠠᠯ ᠦᠢᠯᠡᠰ ᠴᠤᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠸᠠᠩ ᠶᠢᠣ ᠬᠤᠨᠭ᠌᠄ | ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ | ᠲᠠᠯ᠎ᠠ ᠪᠠᠷ᠄ | ᠨᠢᠭᠡ ᠳᠤ ᠠᠵᠢᠯ ᠣᠯᠭᠤᠯᠲᠠ ᠶᠢᠨ ᠪᠠᠶᠢᠳᠠᠯ ᠢ ᠵᠠᠳᠠᠯᠤᠨ ᠰᠢᠨᠵᠢᠯᠡᠬᠦ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠬᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠪᠣᠯᠤᠨ ᠠᠵᠢᠯ ᠣᠯᠭᠤᠯᠲᠠ ᠶᠢᠨ ᠪᠠᠶᠢᠳᠠᠯ ᠤᠨ | ᠬᠤᠪᠢᠷᠠᠯᠲᠠ ᠶᠢ ᠨᠢᠭᠲᠠ ᠠᠩᠬᠠᠷᠴᠤ᠂ ᠠᠵᠢᠯ ᠣᠯᠭᠤᠯᠲᠠ ᠶᠢᠨ ᠪᠠᠶᠢᠳᠠᠯ ᠢ ᠨᠠᠷᠢᠯᠢᠭ ᠤᠨᠤᠪᠴᠢᠲᠠᠢ ᠪᠠᠷ | ᠤᠷᠢᠳᠴᠢᠯᠠᠨ ᠮᠠᠭᠠᠳᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠤᠭ᠎ᠠ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠡᠩᠨᠡᠭᠡᠨ ᠤ ᠪᠣᠯᠪᠠᠰᠤᠷᠠᠭᠤᠯᠤᠯ ᠢ ᠴᠢᠩᠭᠠᠷᠠᠭᠤᠯᠵᠤ᠂ | ᠠᠵᠢᠯ ᠣᠯᠭᠤᠯᠲᠠ ᠶᠢᠨ ᠪᠠᠶᠢᠳᠠᠯ ᠢ ᠤᠯᠠᠷᠢᠯ ᠢᠶᠠᠷ ᠵᠠᠳᠠᠯᠤᠨ ᠰᠢᠨᠵᠢᠯᠡᠬᠦ ᠲᠦᠷᠢᠮ ᠢ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠰᠠᠭᠤᠷᠢ ᠠᠵᠢᠯ ᠤᠨ ᠨᠠᠷᠢᠯᠢᠭ ᠤᠨᠤᠪᠴᠢ ᠶᠢᠨ ᠨᠤᠷᠮ᠎ᠠ ᠪᠤᠯᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢᠨ ᠨᠠᠷᠢᠯᠢᠭ ᠤᠨᠤᠪᠴᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠷ ᠲᠤ ᠠᠵᠢᠯ ᠣᠯᠭᠤᠬᠤ ᠳᠤ ᠲᠤᠰᠠᠯᠠᠮᠵᠢ ᠦᠵᠡᠭᠦᠯᠬᠦ ᠠᠵᠢᠯ ᠢ ᠴᠢᠩᠭᠠᠳᠬᠠᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ | ᠨᠡᠭᠡᠭᠡᠨ ᠬᠦᠭᠵᠢᠬᠦᠯᠬᠦ ᠬᠠᠮᠢᠶᠠᠷᠤᠯᠲᠠ ᠶᠢᠨ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠢᠯ ᠣᠯᠭᠤᠯᠲᠠ ᠶᠢᠨ ᠬᠦᠴᠢᠷᠳᠡᠯ ᠢ ᠦᠨᠡᠮᠰᠢᠬᠦ ᠠᠷᠭ᠎ᠠ︾ ᠶᠢ ᠬᠢᠨᠠᠮᠠᠭᠠᠶ ᠰᠠᠶᠢᠲᠤᠷ | ᠨᠠᠶᠢᠳᠠᠪᠤᠷᠢᠵᠢᠭᠤᠯᠵᠤ᠂ ᠬᠤᠲᠠ ᠪᠠᠯᠭᠠᠰᠤ ᠶᠢᠨ ᠶᠠᠭ ᠠᠵᠢᠯ ᠤᠯᠭᠤᠯᠲᠠ ᠦᠭᠡᠢ ᠬᠡᠷ ᠪᠦᠯᠢ ᠶᠢᠨ ᠪᠦᠷᠢᠯᠳᠦᠬᠦᠨ᠂ | ᠮᠠᠯᠵᠢᠬᠤ ᠲᠠᠷᠢᠶᠠᠯᠠᠬᠤ ᠣᠷᠣᠨ ᠤ ᠶᠠᠭ ᠨᠡᠭᠦᠵᠤ ᠰᠢᠯᠵᠢᠭᠰᠡᠨ ᠦᠭᠡᠢ ᠭᠡᠷ ᠪᠦᠯᠢ ᠶᠢᠨ ᠪᠦᠷᠢᠯᠳᠦᠬᠦᠨ᠂ ᠤᠨᠴᠠ | ᠬᠦᠴᠢᠷᠳᠡᠯᠲᠠᠢ ᠬᠡᠷ ᠪᠦᠯᠢ ᠶᠢᠨ ᠪᠦᠷᠢᠯᠳᠦᠬᠦᠨ ᠵᠢᠴᠢ ᠠᠵᠢᠯ ᠤᠯᠬᠤ ᠳᠤ ᠬᠦᠴᠢᠷᠲᠡᠶ ᠬᠥᠮᠦᠰ ᠲᠤ ᠠᠵᠢᠯ | ᠣᠯᠭᠤᠬᠤ ᠲᠤᠰᠠᠯᠠᠮᠵᠢ ᠦᠵᠡᠬᠦᠯᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠵᠢᠯ ᠣᠯᠭᠤᠬᠤ ᠲᠤᠰᠠᠯᠠᠮᠵᠢ | ᠦᠵᠡᠬᠦᠯᠬᠦ ᠶᠢ ᠳᠦᠷᠢᠮᠵᠢᠭᠦᠯᠬᠦ᠂ ᠣᠷᠳᠣ ᠬᠤᠭᠤᠴᠠᠭᠠᠲᠤ ᠴᠢᠨᠠᠷᠲᠠᠶ ᠪᠣᠯᠭᠠᠬᠤ᠂ ᠨᠠᠷᠢᠯᠢᠭᠵᠢᠭᠤᠯᠬᠤ ᠶᠢ | ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠢᠯᠡ ᠪᠠᠶᠢᠯᠭᠠᠬᠤ ᠠᠵᠢᠯ ᠢ ᠦᠨᠡᠨ ᠬᠦ ᠰᠠᠶᠢᠲᠤᠷ ᠬᠢᠨ᠎ᠡ᠃ ᠠᠵᠢᠯ | ᠤᠯᠭᠤᠬᠤ ᠲᠤᠰᠠᠯᠠᠮᠵᠢ ᠦᠵᠡᠭᠦᠯᠬᠦ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠴᠠᠭ ᠪᠤᠯᠤᠨ | ᠬᠦᠴᠦ ᠪᠠᠨ ᠲᠦᠪᠯᠡᠷᠡᠭᠦᠯᠦᠨ ᠬᠥᠳᠡᠯᠮᠦᠷᠢᠴᠢᠳ ᠲᠤ ᠬᠠᠨᠳᠤᠯᠭᠠᠲᠤ ᠴᠢᠨᠠᠷᠲᠠᠶ ᠠᠵᠢᠯ ᠣᠯᠭᠤᠬᠤ ᠦᠢᠯᠡᠴᠢᠯᠡᠭᠡ ᠶᠢ | ᠬᠠᠨᠭ᠍ᠭᠠᠨ᠎ᠠ᠃ | ᠭᠤᠷᠪᠠ ᠳᠤ᠂ ᠠᠵᠢᠯ ᠣᠯᠭᠤᠬᠤ ᠦᠢᠯᠡᠴᠢᠯᠡᠭᠡ ᠶᠢᠨ ᠦᠨᠡᠨ ᠨᠡᠷ᠎ᠡ ᠶᠢᠨ ᠲᠥᠷᠢᠮ ᠤᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠤᠨ ᠰᠢᠢᠳᠪᠦᠷᠢᠲᠦ ᠪᠤᠳᠤᠯᠭ᠎ᠠ ᠶᠢᠨ ᠵᠠᠳᠠᠯᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢ ᠬᠦᠴᠦᠯᠡᠨ | ᠴᠢᠩᠭᠠᠳᠬᠠᠵᠤ᠂ ᠨᠡᠶᠢᠭᠡᠮ ᠤᠨ ᠳᠠᠭᠠᠳᠬᠠᠯ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠮᠡᠳᠡᠭᠡ ᠵᠠᠩᠭᠢ ᠶᠢᠨ ᠰᠢᠰᠲ᠋ᠧᠮ | ᠯᠦᠭᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠬᠢᠨᠠᠨ | ᠬᠡᠮᠵᠢᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠵᠢᠯ ᠣᠯᠭᠤᠯᠲᠠ ᠶᠢᠨ ᠲᠤᠭ᠎ᠠ ᠪᠦᠷᠢᠳᠬᠡᠯ ᠤᠨ | ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠪᠠᠷᠢᠮᠲᠠ ᠶᠢ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ | ᠯᠤᠭ᠎ᠠ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ | ᠤᠯᠭᠤᠬᠤ ᠵᠡᠷᠭᠡ ᠶᠢᠰᠦᠨ ᠳᠦᠷᠦᠯ ᠤᠨ ᠬᠥᠮᠦᠰ ᠤᠨ ᠦᠨᠡᠨ ᠨᠡᠷ᠎ᠡ ᠶᠢᠨ ᠲᠥᠷᠢᠮ ᠤᠨ ᠬᠥᠳᠡᠯᠦᠩᠭᠦᠶ | ᠬᠠᠮᠢᠶᠠᠷᠤᠯᠲᠠ ᠶᠢ ᠦᠨᠡᠨ ᠬᠦ ᠪᠠᠲᠤᠯᠠᠨ᠎ᠠ᠃ | ᠲᠦᠷᠪᠡ ᠳᠤ᠂ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ | ᠪᠠᠶᠢᠭᠤᠯᠤᠯᠲᠠ ᠶᠢ ᠲᠡᠰ ᠦᠰᠭᠡᠨ᠎ᠡ᠃ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠳᠡ ᠶᠢᠨ | ᠠᠵᠢᠯ ᠣᠯᠭᠤᠬᠤ ᠦᠢᠯᠡᠴᠢᠯᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠣᠯᠭᠤᠯᠲᠠ ᠪᠠ ᠠᠵᠢᠯ | ᠠᠯᠳᠠᠯᠲᠠ ᠶᠢ ᠳᠠᠩᠰᠠᠯᠠᠬᠤ ᠰᠢᠨ᠎ᠡ ᠬᠠᠮᠢᠶᠠᠷᠤᠯᠲᠠ ᠶᠢᠨ ᠲᠥᠷᠢᠮ ᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ | ᠶᠠᠪᠤᠴᠠ ᠶᠢ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠬᠥᠲᠥᠯᠥᠭᠴᠢ᠄ | ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠵᠠᠯᠠᠭᠤ ᠬᠥᠳᠡᠯᠮᠦᠷᠢ ᠬᠦᠴᠦ ᠵᠡᠷᠭᠡ ᠭᠤᠣᠯᠳᠠᠯᠭ᠎ᠠ ᠲᠠᠢ | ᠪᠦᠯᠦᠭᠯᠡᠯ ᠳᠤ ᠠᠵᠢᠯ ᠣᠯᠭᠤᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠤᠯᠤᠨ ᠠᠷᠭ᠎ᠠ ᠬᠡᠮᠵᠢᠶ᠎ᠡ ᠪᠠᠶᠢᠬᠤ | ᠪᠤᠢ︖ | ᠸᠠᠩ ᠶᠢᠣ ᠬᠤᠨᠭ᠌᠄ | ᠨᠢᠭᠡ ᠪᠦᠯᠦᠭ ᠭᠦᠢᠴᠡᠳ ᠠᠵᠢᠯ ᠣᠯᠭᠤᠬᠤ ᠵᠢᠱᠢᠶ᠎ᠡ ᠦᠵᠡᠭᠦᠯᠬᠦ ᠴᠢᠭ᠋ ᠢ ᠴᠤᠭᠴᠠᠯᠠᠨ᠎ᠠ᠃ ᠵᠢᠯ ᠤᠨ | ᠳᠣᠲᠣᠷ᠎ᠠ ᠪᠦᠬᠦ ᠣᠷᠣᠨ ᠤ ᠬᠤᠲᠠ ᠪᠠᠯᠭᠠᠰᠤ ᠶᠢᠨ ᠠᠵᠢᠯ ᠠᠯᠳᠠᠯᠲᠠ ᠶᠢ ᠳᠠᠩᠰᠠᠯᠠᠬᠤ ᠨᠤᠷᠮ᠎ᠠ ᠶᠢ 4.0% ᠶᠢᠨ | ᠳᠣᠲᠣᠷ᠎ᠠ ᠬᠢᠵᠠᠭᠠᠷᠯᠠᠨ᠎ᠠ᠃ | ᠨᠢᠭᠡ ᠳᠤ᠂ ᠠᠵᠤ ᠦᠢᠯᠡᠰ ᠢ ᠬᠥᠭᠵᠢᠭᠦᠯᠬᠦ ᠰᠢᠨ᠎ᠡ ᠠᠵᠠ ᠲᠣᠬᠢᠶᠠᠯ ᠢ ᠠᠳᠬᠤᠨ ᠪᠤᠶᠢᠵᠢᠭᠤᠯᠵᠤ᠂ ᠳᠡᠰ | ᠳᠠᠷᠠᠭᠠᠯᠠᠯ ᠢᠶᠠᠷ ᠡᠯᠪᠡᠭ ᠪᠠᠶᠠᠯᠢᠭ᠂ ᠬᠡᠷᠡᠭᠴᠡᠭᠡ ᠪᠠᠷ ᠤᠯᠠᠨ ᠶᠠᠩᠵᠤ ᠪᠦᠬᠦᠢ ᠬᠤᠳᠡ ᠪᠠᠯᠭᠠᠰᠤ ᠶᠢᠨ ᠠᠵᠢᠯ | ᠣᠯᠭᠤᠬᠤ ᠲᠣᠬᠢᠶᠠᠯ ᠢ ᠡᠭᠦᠳᠦᠨ ᠪᠦᠲᠦᠭᠡᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠤᠯᠤᠨ ᠥᠨᠳᠥᠷ ᠬᠡᠪ | ᠪᠤᠯᠪᠠᠰᠤᠷᠠᠯ ᠲᠠᠢ ᠬᠥᠳᠡᠯᠮᠦᠷᠢᠴᠢᠨ ᠲᠤ ᠳᠣᠭᠢᠷᠠᠬᠤ ᠬᠠᠮᠢᠶᠠᠷᠤᠯᠲᠠ ᠶᠢᠨ ᠬᠡᠯᠪᠡᠷᠢ ᠲᠠᠢ᠂ ᠣᠶᠤᠨ ᠤ ᠬᠡᠯᠪᠡᠷᠢ ᠲᠠᠢ᠂ | ᠮᠡᠷᠭᠡᠵᠢᠯ ᠤᠨ ᠴᠢᠨᠠᠷᠲᠠᠶ ᠠᠵᠢᠯ ᠤᠯᠭᠤᠬᠤ ᠠᠵᠢᠯ ᠤᠨ ᠪᠠᠶᠢᠷᠢ ᠶᠢ ᠬᠦᠴᠦᠯᠡᠨ ᠨᠡᠭᠡᠭᠡᠨ ᠬᠦᠭᠵᠢᠬᠦᠯᠦᠨ᠎ᠡ︔ | ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠵᠦ᠂ ᠬᠤᠳᠠ ᠬᠥᠳᠡᠭᠡ ᠶᠢᠨ ᠠᠵᠢᠯ ᠤᠯᠬᠤ | ᠬᠦᠮᠦᠰ ᠲᠤ ᠨᠡᠩ ᠭᠦᠢᠴᠡᠳ ᠠᠵᠢᠯ ᠤᠯᠭᠤᠬᠤ ᠲᠣᠬᠢᠶᠠᠯ ᠢ ᠡᠭᠦᠳᠴᠦ ᠦᠭᠭᠦᠨ᠎ᠡ︔ ᠰᠣᠶᠣᠯ ᠵᠢᠭᠤᠯᠴᠢᠯᠠᠯ᠂ ᠭᠡᠷ | ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡ ᠪᠤᠯᠤᠨ ᠨᠠᠰᠤᠵᠢᠯ ᠤᠨ ᠠᠰᠠᠷᠠᠮᠵᠢ᠂ ᠡᠯᠧᠺᠲᠷᠣᠨ ᠬᠤᠳᠠᠯᠳᠤᠭᠠᠨ ᠤ | ᠶᠠᠪᠤᠳᠠᠯ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ | ᠢᠳᠡᠪᠬᠢᠲᠡᠶ ᠪᠠᠷ ᠲᠡᠳᠬᠦᠨ ᠳᠡᠮᠵᠢᠨ᠎ᠡ︔ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ | ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠡᠮᠵᠢᠬᠦ ᠶᠢ ᠰᠠᠶᠢᠲᠤᠷ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠠᠵᠢᠯ ᠤᠯᠭᠤᠯᠲᠠ ᠶᠢ ᠰᠢᠮᠡᠳᠭᠡᠨ ᠠᠪᠬᠤ ᠴᠢᠳᠠᠪᠤᠷᠢ ᠶᠢ ᠨᠡᠮᠡᠭᠳᠡᠭᠦᠯᠦᠨ᠎ᠡ᠃ | ᠬᠤᠶᠠᠷ ᠲᠤ ᠲᠣᠮᠣ ᠴᠢᠬᠤᠯᠠ ᠲᠥᠷᠥᠯ ᠵᠦᠢᠯ ᠢ ᠮᠥᠷᠳᠡᠨ ᠠᠵᠢᠯ ᠣᠯᠭᠤᠨ ᠲᠥᠪᠬᠢᠨᠡᠭᠦᠯᠬᠦ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠠᠵᠠᠷ ᠣᠷᠣᠨ ᠤ ᠳᠠᠪᠠᠭᠤᠯᠢᠭ ᠠᠵᠤ ᠦᠢᠯᠡᠰ | ᠪᠣᠯᠤᠨ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠲᠣᠮᠣ ᠴᠢᠬᠤᠯᠠ ᠲᠥᠷᠥᠯ ᠵᠦᠢᠯ ᠳᠤ ᠲᠦᠰᠢᠭᠯᠡᠵᠦ᠂ | ᠠᠵᠢᠯ ᠤᠨ ᠪᠠᠶᠢᠷᠢ ᠶᠢ ᠱᠠᠲᠤ ᠬᠤᠪᠢᠶᠠᠨ ᠨᠠᠶᠢᠳᠠᠪᠤᠷᠢᠵᠢᠭᠤᠯᠤᠨ ᠵᠣᠯᠭᠠᠭᠤᠯᠬᠤ ᠠᠷᠭ᠎ᠠ ᠬᠡᠮᠵᠢᠶ᠎ᠡ ᠠᠪᠴᠤ᠂ ᠲᠣᠮᠣ | ᠴᠢᠬᠤᠯᠠ ᠲᠥᠷᠥᠯ ᠵᠦᠢᠯ ᠤᠨ ᠠᠵᠢᠯᠴᠢᠨ ᠬᠡᠷᠡᠭᠯᠡᠬᠦ ᠠᠬᠢᠴᠠ ᠶᠢ ᠮᠥᠷᠳᠡᠬᠦ᠂ ᠢᠯᠠᠩᠭᠤᠶ᠎ᠠ ᠮᠡᠳᠡᠭᠡ ᠵᠠᠩᠭᠢ ᠶᠢ | ᠵᠣᠯᠭᠠᠭᠤᠯᠬᠤ᠂ ᠠᠵᠢᠯ ᠤᠨ ᠪᠠᠶᠢᠷᠢ ᠶᠢ ᠵᠣᠯᠭᠠᠭᠤᠯᠬᠤ ᠪᠠ ᠪᠣᠯᠪᠠᠰᠤᠷᠠᠭᠤᠯᠤᠯ ᠤᠨ ᠬᠡᠷᠡᠭᠴᠡᠭᠡ ᠶᠢ ᠴᠢᠩᠭᠠᠳᠬᠠᠬᠤ | ᠵᠣᠯᠭᠠᠭᠤᠯᠬᠤ ᠪᠠᠶᠢᠩᠭᠤᠵᠢᠭᠤᠯᠤᠯᠲᠠ ᠶᠢᠨ ᠠᠵᠢᠯ ᠢ ᠴᠢᠩᠭᠠᠳᠬᠠᠵᠤ᠂ ᠠᠵᠢᠯ ᠣᠯᠭᠤᠬᠤ ᠠᠵᠢᠯ ᠤᠨ ᠪᠠᠶᠢᠷᠢ ᠶᠢ | ᠢᠳᠡᠪᠬᠢᠲᠡᠶ ᠪᠠᠷ ᠨᠡᠭᠡᠭᠡᠵᠤ᠂ ᠭᠠᠵᠠᠷ ᠣᠷᠣᠨ ᠤ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ | ᠭᠤᠷᠪᠠ ᠳᠤ ᠦᠢᠯᠡᠳᠪᠦᠷᠢᠯᠡᠬᠦ ᠴᠢᠳᠠᠪᠤᠷᠢ ᠶᠢ ᠬᠠᠰᠤᠵᠤ ︽ᠬᠦᠰᠢᠭᠦᠷᠡᠯ ᠠᠵᠤ ᠠᠬᠤᠶᠢᠯᠠᠯ︾ ᠢ | ᠰᠢᠢᠳᠪᠦᠷᠢᠯᠡᠬᠦ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠡᠯ᠎ᠡ ᠱᠠᠲᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠪᠠᠶᠢᠭᠤᠯᠤᠮᠵᠢ ᠨᠢ ᠡᠷᠲᠡ ᠣᠷᠣᠯᠴᠠᠵᠤ᠂ ᠪᠦᠬᠦ ᠶᠠᠪᠤᠴᠠ ᠳᠤ ᠣᠷᠣᠯᠴᠠᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠬᠢᠬᠦ᠂ ᠠᠵᠢᠯ ᠣᠯᠭᠤᠯᠲᠠ ᠳᠤ ᠬᠠᠪᠰᠤᠷᠤᠨ ᠲᠤᠰᠠᠯᠠᠬᠤ᠂ ᠠᠵᠢᠯ ᠣᠯᠭᠤᠬᠤ ᠳᠤ ᠦᠢᠯᠡᠴᠢᠯᠡᠬᠦ | ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠰᠠᠯᠭᠠᠨ ᠲᠣᠬᠢᠷᠠᠭᠤᠯᠬᠤ ᠠᠵᠢᠯᠳᠡᠠ ᠠᠵᠢᠯᠴᠢᠳ ᠢ | ᠬᠠᠪᠰᠤᠷᠤᠨ ᠳᠠᠬᠢᠨ ᠠᠵᠢᠯ ᠣᠯᠭᠤᠬᠤ ᠶᠢ ᠤᠷᠤᠭᠰᠢᠲᠠᠶ ᠪᠡᠶᠡᠯᠡᠭᠦᠯᠦᠨ᠎ᠡ᠃ | ᠬᠥᠲᠥᠯᠥᠭᠴᠢ᠄ | ᠲᠡᠭᠡᠪᠡᠯ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠢᠯ ᠣᠯᠭᠤᠯᠲᠠ ᠶᠢᠨ | ᠶᠡᠷᠦᠩᠬᠡᠢ ᠬᠡᠮᠵᠢᠶ᠎ᠡ ᠶᠢ ᠥᠷᠭᠡᠳᠬᠡᠬᠦ ᠲᠠᠯ᠎ᠠ ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠠ ᠠᠷᠭ᠎ᠠ ᠬᠡᠮᠵᠢᠶ᠎ᠡ ᠪᠠᠶᠢᠬᠤ | ᠪᠤᠢ︖ | ᠸᠠᠩ ᠶᠢᠦ ᠬᠤᠩ᠄ | ᠦᠢᠯᠡᠳᠦᠯ ᠴᠢᠳᠠᠯ ᠨᠢ ᠪᠦᠷᠢᠨ᠂ ᠨᠡᠪᠴᠢᠭᠦᠯᠬᠦ ᠴᠢᠳᠠᠪᠤᠷᠢ ᠪᠠᠷ ᠨᠡᠯᠢᠶᠡᠳ ᠴᠢᠩᠭ᠎ᠠ᠂ ᠠᠵᠢᠯ ᠣᠯᠭᠤᠯᠲᠠ ᠶᠢ | ᠳᠠᠶᠢᠴᠢᠯᠠᠬᠤ ᠬᠡᠪᠴᠢᠶ᠎ᠡ ᠪᠠᠷ ᠥᠷᠭᠡᠨ ᠪᠦᠬᠦᠢ ᠨᠢᠭᠡ ᠪᠦᠯᠦᠭ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ | ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ | ᠨᠢᠭᠡ ᠳᠤ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠨ᠂ ᠠᠳᠠᠯ ᠦᠢᠯᠡᠰ ᠴᠣᠭᠴᠠᠯᠠᠬᠤ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠤᠢ | ᠪᠣᠯᠭᠠᠨ᠎ᠠ᠃ | ᠬᠤᠶᠠᠷ ᠲᠤ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠬᠤᠳᠠ ᠶᠢ ᠡᠭᠦᠳᠦᠨ ᠪᠠᠶᠢᠭᠤᠯᠬᠤ ᠠᠵᠢᠯ ᠢ | ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠠᠳᠠᠯ ᠦᠢᠯᠡᠰ ᠴᠣᠭᠴᠠᠯᠠᠬᠤ | ᠬᠡᠯᠪᠡᠷᠢ ᠶᠢᠨ ᠠᠶᠢᠮᠠᠭ ᠬᠤᠳᠠ᠂ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ | ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠴᠢᠭ᠋ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ | ᠭᠤᠷᠪᠠ ᠳᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠲᠦᠯᠬᠢᠨ ᠠᠬᠢᠭᠤᠯᠬᠤ ᠠᠵᠢᠯ ᠤᠨ ᠲᠤᠬᠠᠶ ᠵᠢᠯᠣᠭᠤᠳᠬᠤ ᠰᠠᠨᠠᠯ ᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠵᠢᠯ ᠤᠨ ᠳᠣᠲᠣᠷ᠎ᠠ 5 ᠲᠦᠮᠡ ᠬᠥᠮᠥᠨ ᠳᠤ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠬᠢᠯᠭᠡᠵᠦ᠂ ᠪᠣᠯᠪᠠᠰᠤᠷᠠᠭᠤᠯᠤᠯ ᠤᠨ ᠳᠠᠷᠠᠭ᠎ᠠ 4 ᠲᠦᠮᠡᠨ ᠬᠥᠮᠦᠨ ᠢ ᠠᠮᠵᠢᠯᠲᠠ ᠲᠠᠢ | ᠠᠳᠠᠯ ᠦᠢᠯᠡᠰ ᠴᠣᠭᠴᠠᠯᠠᠭᠤᠯᠵᠤ᠂ ᠠᠳᠠᠯ ᠦᠢᠯᠡᠰ ᠴᠣᠭᠴᠠᠯᠠᠬᠤ ᠪᠠᠷ ᠳᠠᠮᠵᠢᠭᠤᠯᠤᠨ 13 ᠲᠦᠮᠨ ᠠᠴᠠ | ᠳᠡᠭᠡᠭᠰᠢᠬᠢ ᠬᠥᠮᠦᠨ ᠳᠤ ᠠᠵᠢᠯ ᠣᠯᠭᠤᠨ᠎ᠠ︔ ᠠᠳᠠᠯ ᠦᠢᠯᠡᠰ ᠴᠣᠭᠴᠠᠯᠠᠬᠤ 15 ᠳ᠋ᠦᠩᠰᠢᠭᠤᠷ ᠲᠥᠭᠦᠷᠢᠭ ᠤᠨ | ᠳᠠᠭᠠᠭᠠᠯᠲᠠ ᠶᠢᠨ ᠵᠢᠭᠡᠯᠡᠯᠭᠡ ᠲᠠᠯᠪᠢᠨ᠎ᠠ᠃ ᠠᠳᠠᠯ ᠦᠢᠯᠡᠰ ᠴᠣᠭᠴᠠᠯᠠᠬᠤ ᠪᠠᠭᠰᠢ ᠨᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠪᠠᠭᠰᠢ ᠶᠢᠨ ᠬᠠᠮᠢᠶᠠᠷᠤᠯᠲᠠ ᠶᠢᠨ ᠠᠵᠢᠯᠳᠠᠨ᠂ ᠵᠢᠭᠠᠨ ᠰᠤᠷᠭᠠᠬᠤ ᠠᠵᠢᠯᠳᠠᠨ ᠢ ᠲᠦᠷᠦᠯ | ᠬᠤᠪᠢᠶᠠᠨ ᠬᠠᠮᠢᠶᠠᠷᠬᠤ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠪᠠᠭᠰᠢ ᠨᠠᠷ ᠢ ᠠᠶᠢᠮᠠᠭ | ᠬᠤᠳᠠ ᠨᠢᠭᠡᠳᠦᠯᠲᠡᠶ ᠬᠠᠮᠢᠶᠠᠷᠬᠤ ᠲᠣᠭᠲᠠᠴᠠ ᠶᠢ ᠰᠦᠪᠡᠭᠴᠢᠯᠡᠨ ᠡᠭᠦᠳᠴᠦ᠂ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠤᠨ ᠪᠠᠭᠰᠢ ᠨᠠᠷ ᠢ ᠬᠠᠮᠢᠶᠠᠷᠬᠤ ᠠᠷᠭ᠎ᠠ ᠶᠢ ᠰᠤᠳᠤᠯᠤᠨ ᠲᠣᠭᠲᠠᠭᠠᠨ᠎ᠠ᠃ | ᠲᠦᠷᠪᠡ ᠳᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ᠎ᠠ᠃ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠂ ᠦᠢᠯᠡᠴᠢᠯᠡᠭᠡᠨ ᠤ ᠠᠭᠤᠯᠭ᠎ᠠ ᠶᠢ ᠤᠯᠠᠮ | ᠲᠡᠭᠦᠯᠳᠡᠷᠵᠢᠭᠦᠯᠦᠨ ᠪᠦᠷᠢᠨᠰᠢᠭᠦᠯᠵᠦ᠂ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠡ᠃ ᠠᠳᠠᠯ ᠦᠢᠯᠡᠰ ᠴᠣᠭᠴᠠᠯᠠᠬᠤ | ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠶᠢ ᠡᠭᠦᠳᠬᠦ ᠨᠡᠪᠴᠢᠭᠦᠯᠤᠤᠷ ᠤᠨ ᠴᠢᠳᠠᠪᠤᠷᠢ ᠶᠢ | ᠳᠣᠪᠣᠶᠢᠯᠭᠠᠵᠤ᠂ ᠡᠯ᠎ᠡ ᠲᠦᠷᠦᠯ ᠤᠨ ᠪᠦᠯᠦᠭᠯᠡᠯ ᠤᠨ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ | ᠬᠥᠭᠵᠢᠯᠲᠡ ᠶᠢᠨ ᠲᠠᠪᠴᠠᠩ ᠣᠯᠭᠤᠵᠤ᠂ ᠠᠳᠠᠯ ᠦᠢᠯᠡᠰ ᠴᠣᠭᠴᠠᠯᠠᠬᠤ ᠪᠠᠷ ᠳᠠᠮᠵᠢᠭᠤᠯᠤᠨ ᠨᠡᠩ ᠤᠯᠠᠨ ᠬᠥᠮᠥᠰ | ᠲᠤ ᠠᠵᠢᠯ ᠣᠯᠭᠤᠨ᠎ᠠ᠃ | ᠬᠥᠲᠥᠯᠥᠭᠴᠢ᠄ | ᠰᠢᠨ᠎ᠡ ᠶᠢ ᠡᠭᠦᠳᠬᠦ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ᠂ ᠠᠵᠢᠯ ᠣᠯᠭᠤᠯᠲᠠ ᠶᠢᠨ | ᠪᠦᠲᠦᠴᠡ ᠶᠢᠨ ᠴᠢᠨᠠᠷᠲᠠᠶ ᠵᠥᠷᠢᠴᠡᠯ ᠢ ᠪᠦᠲᠦᠮᠵᠢᠲᠡᠶ ᠠᠷᠢᠯᠭᠠᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠠ | ᠠᠷᠭ᠎ᠠ ᠬᠡᠮᠵᠢᠶ᠎ᠡ ᠪᠠᠶᠢᠬᠤ ᠪᠤᠢ︖ | ᠸᠠᠩ ᠶᠢᠦ ᠬᠤᠩ᠄ | ᠵᠢᠯ ᠤᠨ ᠳᠣᠲᠣᠷ᠎ᠠ ᠨᠢᠭᠡ ᠪᠦᠯᠦᠭ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠦᠯ ᠳᠡᠮᠳᠡᠭ | ᠪᠣᠯᠣᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠤᠨ᠎ᠠ᠃ ᠪᠣᠯᠪᠠᠰᠤᠷᠠᠭᠤᠯᠤᠯ | ᠬᠦᠷᠲᠡᠭᠰᠡᠳ ᠢ ᠥᠷᠭᠡᠨ ᠢᠶᠠᠷ ᠬᠠᠮᠤᠷᠤᠭᠰᠠᠨ᠂ ᠪᠣᠯᠪᠠᠰᠤᠷᠠᠭᠤᠯᠤᠯ ᠤᠨ ᠲᠥᠷᠥᠯ ᠵᠦᠢᠯ ᠢ ᠣᠯᠠᠨ ᠠᠷᠭ᠎ᠠ | ᠬᠡᠯᠪᠡᠷᠢᠵᠢᠭᠰᠡᠨ᠂ ᠪᠣᠯᠪᠠᠰᠤᠷᠠᠭᠤᠯᠬᠤ ᠵᠡᠷᠭᠡ ᠳᠡᠰ ᠢ ᠤᠯᠠᠨ ᠲᠡᠰ ᠳᠠᠪᠬᠤᠷᠭᠠᠯᠠᠭᠰᠠᠨ᠂ ᠪᠣᠯᠪᠠᠰᠤᠷᠠᠭᠤᠯᠤᠯ ᠤᠨ | ᠠᠴᠢᠶᠠᠯᠠᠪᠤᠷᠢ ᠶᠢ ᠤᠯᠠᠨ ᠡᠰᠢᠵᠢᠯᠡᠭᠰᠡᠨ᠂ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠪᠠᠷᠢᠮᠵᠢᠶᠠᠵᠢᠭᠤᠯᠤᠭᠰᠠᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠰᠲ᠋ᠧᠮᠵᠢ ᠪᠣᠯᠤᠨ ᠲᠣᠭᠲᠠᠴᠠ ᠶᠢ | ᠢᠳᠡᠪᠬᠢᠲᠡᠶ ᠪᠠᠶᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠯᠬᠤ ᠮᠡᠷᠭᠡᠵᠢᠯ ᠴᠢᠳᠠᠪᠤᠷᠢ ᠶᠢ | ᠳᠡᠭᠡᠭᠰᠢᠯᠡᠭᠦᠯᠬᠦ ᠲᠥᠯᠥᠪᠯᠡᠭᠡ ᠵᠡᠷᠭᠡ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠬᠢᠵᠦ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠳᠡᠭᠡᠭᠰᠢᠯᠡᠭᠦᠯᠦᠯᠲᠡ ᠶᠢ ᠲᠦᠯᠬᠢᠨ ᠠᠬᠢᠭᠤᠯᠤᠨ᠎ᠠ᠃ | ᠨᠢᠭᠡ ᠳᠤ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠬᠢᠨᠠᠨ ᠲᠤᠭᠲᠠᠭᠠᠯᠲᠠ ᠶᠢᠨ ᠰᠦᠢᠳᠬᠡᠯ ᠬᠤᠷᠢᠶᠠᠬᠤ | ᠪᠠᠷᠢᠮᠵᠢᠶ᠎ᠠ ᠵᠡᠷᠭᠡ ᠶᠢ ᠵᠢᠷᠤᠮᠵᠢᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ︾ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠷᠢᠮᠵᠢᠶ᠎ᠠ ᠶᠢ ᠴᠠᠭ ᠲᠤᠬᠠᠶ ᠳᠤᠨᠢ | ᠲᠣᠬᠢᠷᠠᠭᠤᠯᠵᠤ᠂ ᠤᠨᠴᠠᠯᠢᠭᠳᠤ ᠲᠥᠷᠥᠯ ᠲᠡᠮᠳᠡᠭᠲᠦ ᠪᠠ ᠰᠣᠳᠣᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠣᠯᠪᠠᠰᠤᠷᠠᠭᠤᠯᠤᠯ ᠤᠨ ᠳᠡᠰ ᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ᠂ | ᠬᠤᠲᠠ ᠪᠠᠯᠭᠠᠰᠤ ᠶᠢᠨ 13 ᠲᠦᠮᠡᠨ ᠬᠥᠮᠥᠨ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠥᠷᠲᠡᠭᠡᠵᠦ᠂ | ᠪᠣᠯᠪᠠᠰᠤᠷᠠᠭᠤᠯᠤᠯ ᠤᠨ ᠲᠠᠷᠠᠭ᠎ᠠ 11 ᠲᠦᠮᠡᠨ ᠬᠥᠮᠦᠨ ᠳᠤ ᠠᠵᠢᠯ ᠣᠯᠭᠤᠨ᠎ᠡ᠃ | ᠬᠤᠶᠠᠷ ᠲᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ | ᠢᠳᠡᠪᠬᠢᠲᠡᠶ ᠪᠦᠷᠢᠨᠰᠢᠭᠦᠯᠦᠨ ᠠᠬᠢᠭᠤᠯᠤᠨ᠎ᠠ᠃ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠲᠡᠳᠬᠦᠬᠦ ᠲᠥᠷᠥ ᠶᠢᠨ ᠪᠤᠳᠤᠯᠭ᠎ᠠ ᠶᠢ ᠲᠠᠰᠤᠷᠠᠯᠲᠠ ᠦᠭᠡᠢ | ᠪᠦᠷᠢᠨᠰᠢᠭᠦᠯᠵᠦ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ | ᠳᠠᠳᠤᠯᠭ᠎ᠠ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠲᠣᠪᠣᠶᠢᠯᠭᠠᠵᠤ᠂ ᠪᠣᠯᠪᠠᠰᠤᠷᠠᠭᠤᠯᠤᠯ ᠤᠨ ᠶᠠᠰᠤ ᠴᠢᠨᠠᠷ ᠢ | ᠳᠡᠭᠡᠭᠰᠢᠯᠡᠭᠦᠯᠦᠨ᠂ ᠳᠠᠳᠤᠯᠭ᠎ᠠ ᠪᠣᠯᠪᠠᠰᠤᠷᠠᠭᠤᠯᠤᠯ ᠤᠨ ᠴᠢᠳᠠᠪᠤᠷᠢ ᠪᠠᠷ ᠴᠢᠩᠭ᠎ᠠ ᠂ ᠣᠷᠣᠨ ᠪᠦᠰᠡ ᠶᠢᠨ | ᠨᠥᠯᠥᠭᠡᠯᠡᠬᠦ ᠬᠦᠴᠦᠨ ᠢᠶᠠᠷ ᠶᠡᠭᠡ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠴᠢᠬᠤᠯᠠᠴᠢᠯᠠᠨ | ᠴᠣᠭᠴᠠᠯᠠᠨ ᠪᠠᠶᠢᠭᠤᠯᠤᠨ᠎ᠠ᠃ | ᠭᠤᠷᠪᠠ ᠳᠤ ᠠᠵᠢᠯ ᠣᠯᠭᠤᠬᠤ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ | ᠠᠵᠢᠯᠴᠢᠨ ᠡᠯᠰᠡᠬᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠬᠦᠴᠢᠷᠲᠡᠢ ᠪᠠᠶᠢᠬᠤ ᠪᠠ ᠠᠵᠢᠯ | ᠰᠣᠩᠭᠤᠬᠤ ᠠᠵᠢᠯ ᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠠᠴᠠ ᠭᠠᠷᠲᠠᠵᠤ᠂ | ᠪᠣᠯᠪᠠᠰᠤᠷᠠᠭᠤᠯᠤᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ︽ᠲᠤᠰᠬᠠᠶ ᠮᠡᠷᠭᠡᠵᠢᠯ ᠢ | ᠰᠠᠭᠤᠷᠢᠠᠰᠢᠭᠤᠯᠬᠤ᠂ ᠰᠠᠭᠤᠷᠢᠨ ᠭᠠᠵᠠᠷ ᠢ ᠠᠵᠤ ᠦᠢᠯᠡᠰᠵᠢᠭᠦᠯᠬᠦ᠂ ᠠᠵᠤ ᠦᠢᠯᠡᠰ ᠢ ᠬᠡᠪᠴᠢᠶᠡᠵᠢᠭᠦᠯᠬᠦ︾ ᠰᠢᠨ᠎ᠡ | ᠡᠭᠦᠳᠦᠯᠲᠡ ᠶᠢᠨ ᠬᠥᠭᠵᠢᠯᠲᠡ ᠶᠢᠨ ᠵᠠᠭᠪᠤᠷ ᠢ ᠬᠠᠶᠢᠨ ᠰᠥᠪᠡᠭᠴᠢᠯᠡᠵᠦ᠂ ᠨᠢᠭᠡᠴᠡ ᠲᠣᠭᠲᠠᠭᠠᠬᠤ᠂ ᠬᠠᠨᠳᠤᠯᠠᠭ᠎ᠠ | ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ ᠪᠣᠯᠪᠠᠰᠤᠷᠠᠭᠤᠯᠤᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ | ᠭᠤᠷᠪᠠ ᠶᠢ ᠲᠣᠭᠲᠠᠭᠠᠬᠤ︾ ᠪᠣᠯᠪᠠᠰᠤᠷᠠᠭᠤᠯᠤᠯ ᠳᠤ ᠣᠷᠣᠯᠴᠠᠬᠤ ᠬᠥᠮᠦᠰ ᠤᠨ ᠡᠵᠡᠯᠡᠬᠦ ᠬᠠᠷᠢᠴᠠᠯ ᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠦᠲᠦᠴᠡ ᠶᠢ | ᠳᠡᠭᠡᠭᠰᠢᠯᠡᠭᠦᠯᠬᠦ ᠶᠢ ᠴᠢᠷᠮᠠᠶᠢᠨ ᠰᠠᠶᠢᠵᠢᠷᠠᠭᠤᠯᠣᠨ᠎ᠠ᠃ | ᠬᠥᠲᠥᠯᠥᠭᠴᠢ᠄ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠲᠠᠷᠢᠶᠠᠯᠠᠬᠤ ᠮᠠᠯᠵᠢᠬᠤ ᠣᠷᠣᠨ ᠤ ᠦᠯᠡᠭᠦᠦ | ᠬᠥᠳᠡᠯᠮᠦᠷᠢ ᠬᠦᠴᠦᠨ ᠳᠤ ᠠᠵᠢᠯ ᠤᠯᠭᠤᠵᠤ ᠠᠳᠠᠯ ᠦᠢᠯᠡᠰ ᠴᠤᠭᠴᠠᠯᠠᠬᠤ ᠶᠢ ᠬᠦᠴᠦ ᠲᠠᠯᠪᠢᠨ ᠠᠬᠢᠭᠤᠯᠬᠤ | ᠲᠠᠯ᠎ᠠ ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠠ ᠠᠷᠭ᠎ᠠ ᠬᠡᠮᠵᠢᠶ᠎ᠡ ᠪᠠᠶᠢᠬᠤ ᠪᠤᠢ︖ | ᠸᠠᠩ ᠶᠢᠦ ᠬᠤᠩ᠄ | ᠵᠢᠯ ᠤᠨ ᠳᠣᠲᠣᠷ᠎ᠠ ᠨᠢᠭᠡ ᠪᠦᠯᠦᠭ ᠠᠯᠳᠠᠷᠰᠢᠯ ᠤᠨ ᠬᠡᠮᠵᠢᠶ᠎ᠡ ᠪᠠᠷ ᠥᠨᠳᠥᠷ᠂ ᠠᠵᠢᠯ ᠣᠯᠭᠤᠯᠲᠠ ᠶᠢ | ᠳᠠᠶᠢᠴᠢᠯᠠᠬᠤ ᠦᠷ᠎ᠡ ᠪᠦᠲᠦᠮᠵᠢ ᠢᠯᠡᠷᠬᠡᠶ ᠬᠥᠳᠡᠯᠮᠦᠷᠢ ᠦᠢᠯᠡᠴᠢᠯᠡᠭᠡᠨ ᠤ ᠲᠥᠷᠥᠯ ᠳᠡᠮᠳᠡᠭᠲᠦ ᠶᠢ ᠦᠷᠭᠦᠯᠵᠢᠯᠡᠨ | ᠪᠤᠶᠢᠵᠢᠭᠤᠯᠵᠤ ᠡᠭᠦᠳᠦᠨ᠎ᠡ᠃ | ᠨᠢᠭᠡ ᠳᠤ ᠲᠦᠷᠦ ᠶᠢᠨ ᠪᠤᠳᠤᠯᠭ᠎ᠠ ᠶᠢᠨ ᠬᠦᠳᠡᠯᠭᠡᠭᠦᠷ ᠢᠶᠠᠷ ᠳᠠᠮᠵᠢᠭᠤᠯᠤᠨ ᠠᠵᠤ ᠠᠬᠤᠶᠢᠯᠠᠯ ᠤᠨ | ᠬᠦᠭᠵᠢᠯᠲᠡ ᠶᠢ ᠬᠥᠲᠥᠯᠥᠨ ᠵᠢᠯᠣᠭᠤᠳᠴᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠣᠭᠲᠠᠭᠤᠨ ᠠᠵᠢᠯ | ᠤᠯᠭᠤᠵᠤ ᠠᠳᠠᠯ ᠦᠢᠯᠡᠰ ᠴᠤᠭᠴᠠᠯᠠᠬᠤ ᠶᠢ ᠨᠢ ᠠᠬᠢᠭᠤᠯᠤᠨ᠎ᠠ᠃ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ | ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠰᠠᠶᠢᠨ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠪᠠ ︽ᠮᠠᠯᠴᠢᠨ ᠲᠠᠷᠢᠶᠠᠴᠢᠨ ᠬᠦᠴᠦ | ᠶᠠᠪᠤᠭᠰᠠᠳ ᠵᠡᠷᠭᠡ ᠬᠥᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠳᠡᠮᠵᠢᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠤᠯᠠᠮᠵᠢᠯᠠᠨ ᠲᠠᠷᠬᠠᠭᠠᠬᠤ ᠮᠡᠳᠡᠭᠳᠡᠯ︾ ᠢ | ᠪᠦᠬᠦ ᠲᠠᠯ᠎ᠠ ᠪᠠᠷ ᠲᠤᠤᠱᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦ ᠬᠤᠳᠠ | ᠪᠠᠯᠭᠠᠰᠣᠵᠢᠯᠳᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠷ ᠲᠦᠰᠢᠭ ᠪᠣᠯᠭᠠᠨ᠂ ᠲᠠᠷᠢᠶᠠᠯᠠᠩ ᠤᠨ | ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠤ ᠠᠷᠠᠯᠵᠢᠶ᠎ᠠ ᠰᠤᠯᠢᠯᠴᠠᠭ᠎ᠠ᠂ ᠠᠷᠠᠯᠵᠢᠶ᠎ᠠ ᠬᠤᠳᠠᠯᠳᠤᠭᠠᠨ ᠤ | ᠭᠦᠢᠯᠡᠯᠭᠡ ᠶᠢᠨ ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠪᠠᠷ ᠲᠠᠪᠴᠠᠩ ᠪᠣᠯᠭᠠᠵᠤ᠂ ᠥᠪᠡᠷᠮᠢᠴᠡ | ᠣᠨᠴᠠᠯᠢᠭ ᠪᠦᠬᠦᠢ ᠳᠠᠷᠢᠵᠤ ᠲᠡᠵᠢᠭᠡᠬᠦ ᠦᠢᠯᠡᠰ᠂ ᠠᠮᠤ ᠪᠤᠳᠠᠭ᠎ᠠ ᠪᠣᠯᠪᠠᠰᠤᠷᠠᠭᠤᠯᠬᠤ ᠦᠢᠯᠡᠰ ᠵᠡᠷᠭᠡ ᠣᠨᠴᠠᠯᠢᠭ | ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ᠂ ᠲᠤᠰᠬᠠᠶ ᠬᠤᠷᠰᠢᠶᠠᠵᠢᠯ ᠢ ᠬᠦᠭᠵᠢᠭᠦᠯᠵᠦ᠂ | ᠲᠤᠬᠠᠶ ᠶᠢᠨ ᠭᠠᠵᠠᠷ ᠲᠠᠭᠠᠨ ᠣᠶᠢᠷ᠎ᠠ ᠬᠠᠪᠢ ᠳᠠᠭᠠᠨ ᠰᠢᠯᠵᠢᠵᠦ ᠠᠵᠢᠯ ᠤᠯᠬᠤ ᠪᠠ ᠠᠳᠠᠯ ᠦᠢᠯᠡᠰ | ᠴᠣᠭᠴᠠᠯᠠᠬᠤ ᠪᠠᠨ ᠠᠬᠢᠭᠤᠯᠬᠤ ᠶᠢ ᠨᠢ ᠬᠥᠲᠥᠯᠥᠨ ᠵᠢᠯᠤᠭᠤᠳᠬᠤ ᠵᠤᠷᠢᠭᠵᠢᠭᠤᠯᠬᠤ ᠪᠠ ᠳᠡᠮᠵᠢᠯᠭᠡ ᠦᠵᠡᠭᠦᠯᠦᠨ᠎ᠡ᠃ | ᠣᠨᠴᠠᠯᠢᠭ ᠪᠦᠬᠦᠢ ᠠᠵᠤ ᠦᠢᠯᠡᠰ᠂ ᠢᠨᠲ᠋ᠧᠷ ᠰᠦᠯᠵᠢᠶ᠎ᠡ +᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ᠂ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠬᠦ ᠲᠠᠢ | ᠤᠶᠠᠯᠳᠤᠭᠤᠯᠵᠤ᠂ ᠵᠢᠵᠢᠭ ᠬᠤᠲᠠ ᠪᠠᠯᠭᠠᠰᠤ ᠵᠡᠷᠭᠡ ᠶᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ ᠮᠠᠯᠴᠢᠨ | ᠲᠠᠷᠢᠶᠠᠴᠢᠨ ᠬᠦᠴᠦ ᠶᠠᠪᠤᠭᠰᠠᠳ ᠢ ᠬᠦᠲᠦᠯᠦᠨ ᠵᠢᠯᠤᠭᠤᠳᠴᠦ ᠠᠳᠠᠯ ᠦᠢᠯᠡᠰ ᠴᠤᠭᠴᠠᠯᠠᠭᠤᠯᠤᠨᠠ᠃ | ᠬᠤᠶᠠᠷ ᠲᠤ ᠦᠢᠯᠡᠴᠢᠯᠡᠭᠡ ᠶᠢ ᠰᠢᠯᠢᠳᠡᠭᠵᠢᠭᠦᠯᠵᠦ ᠮᠠᠯᠴᠢᠨ ᠲᠠᠷᠢᠶᠠᠴᠢᠳ ᠤᠨ ᠠᠳᠠᠯ ᠦᠢᠯᠡᠰ ᠴᠤᠭᠴᠠᠯᠠᠬᠤ | ᠳᠤᠨᠢ ᠬᠠᠪᠰᠤᠷᠤᠯᠭ᠎ᠠ ᠦᠵᠡᠭᠦᠯᠦᠨ᠎ᠡ᠃ ᠮᠠᠯᠴᠢᠨ ᠲᠠᠷᠢᠶᠠᠴᠢᠨ ᠤ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠢ | ᠨᠡᠮᠡᠭᠳᠡᠭᠦᠯᠵᠦ᠂ ᠮᠠᠯᠴᠢᠨ ᠲᠠᠷᠢᠶᠠᠴᠢᠳ ᠶᠢᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠲᠣᠭᠲᠠᠭᠤᠨ ᠠᠵᠢᠯ ᠤᠯᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ 13 ᠲᠦᠮᠡᠨ | ᠮᠠᠯᠴᠢᠨ ᠲᠠᠷᠢᠶᠠᠴᠢᠳ ᠢ ᠰᠢᠯᠢᠵᠢᠭᠦᠯᠥᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠨ᠎ᠡ︔ ᠮᠠᠯᠴᠢᠨ | ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠪᠤᠶᠢᠵᠢᠭᠤᠯᠵᠤ᠂ ᠨᠡᠩ | ᠤᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠶᠢ | ᠨᠢ ᠳᠠᠶᠢᠴᠢᠯᠠᠨ᠎ᠠ᠃ | ᠭᠤᠷᠪᠠ ᠳᠤ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠶᠢ ᠥᠷᠭᠡᠳᠬᠡᠵᠦ᠂ ᠰᠢᠯᠵᠢᠭᠦᠯᠵᠦ ᠠᠵᠢᠯ | ᠤᠯᠭᠤᠬᠤ ᠶᠡᠷᠦᠩᠬᠡᠶ ᠬᠡᠮᠵᠢᠶ᠎ᠡ ᠶᠢ ᠦᠷᠭᠡᠳᠬᠡᠨ᠎ᠡ᠃ ᠵᠡᠭᠦᠨ ᠪᠠᠷᠠᠭᠤᠨ ᠬᠡᠰᠡᠭ᠂ ᠪᠡᠭᠡᠵᠢᠩ ᠥᠪᠥᠷ ᠮᠣᠩᠭᠤᠯ᠂ | ᠬᠦᠷᠰᠢ ᠵᠡᠷᠭᠡᠯᠡᠳᠡᠭᠡ ᠵᠡᠷᠭᠡ ᠶᠢᠨ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠶᠢ ᠡᠮᠬᠢ ᠵᠢᠷᠤᠮ ᠲᠠᠢ ᠰᠠᠶᠢᠲᠤᠷ | ᠬᠢᠵᠦ᠂ ᠰᠢᠯᠵᠢᠬᠦ ᠠᠴᠠ ᠪᠠᠨ ᠡᠮᠦᠨᠡᠬᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ | ᠲᠠᠨᠢᠯᠴᠠᠭᠤᠯᠭ᠎ᠠ᠂ ᠰᠢᠯᠵᠢᠭᠦᠯᠬᠦ ᠳᠤᠮᠳᠠᠬᠢ ᠠᠵᠢᠯ ᠤᠨ ᠪᠠᠶᠢᠷᠢ ᠶᠢᠨ ᠵᠣᠯᠭᠠᠭᠤᠯᠤᠯᠲᠠ ᠪᠠ ᠰᠢᠯᠵᠢᠭᠦᠯᠦᠭᠰᠡᠨ ᠤ | ᠳᠠᠷᠠᠭᠠᠬᠢ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠠᠳᠬᠤᠵᠤ᠂ ᠬᠥᠳᠡᠯᠮᠦᠷᠢ ᠦᠢᠯᠡᠴᠢᠯᠡᠭᠡ ᠭᠠᠷᠭᠠᠬᠤ | ᠲᠦᠪᠯᠡᠷᠡᠯ ᠤᠨ ᠭᠠᠵᠠᠷ ᠦᠢᠯᠡᠴᠢᠯᠡᠭᠡᠨ ᠤ ᠲᠥᠪ ᠪᠠᠶᠢᠭᠤᠯᠬᠤ ᠶᠢ ᠨᠢ ᠵᠣᠷᠢᠭᠵᠢᠭᠤᠯᠤᠨ ᠳᠡᠮᠵᠢᠵᠦ᠂ ᠠᠵᠢᠯ | ᠣᠯᠭᠤᠬᠤ ᠠᠳᠠᠯ ᠦᠢᠯᠡᠰ ᠴᠤᠭᠴᠠᠯᠠᠬᠤ ᠳᠤ ᠳᠦᠬᠦᠮ ᠲᠦᠳᠡ ᠦᠢᠯᠡᠴᠢᠯᠡᠭᠡ ᠬᠠᠩᠭᠠᠨ᠎ᠠ᠃ | ᠬᠥᠲᠥᠯᠥᠭᠴᠢ᠄ | ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ ᠪᠦᠭᠡᠳ ᠣᠯᠠᠨ ᠦᠨᠳᠦᠰᠦᠲᠡᠨ ᠲᠦᠪᠯᠡᠷᠡᠨ | ᠰᠠᠭᠤᠷᠢᠰᠢᠵᠤ᠂ ᠬᠥᠭᠵᠢᠯᠲᠡ ᠶᠢᠨ ᠪᠠᠶᠢᠳᠠᠯ ᠨᠢ ᠴᠦ ᠠᠳᠠᠯᠢ ᠦᠭᠡᠢ ᠪᠠᠶᠢᠳᠠᠭ᠃ ︽ᠶᠠᠳᠠᠭᠤ ᠶᠢ ᠲᠡᠳᠬᠦᠬᠦ | ᠰᠢᠪᠲᠤᠯᠤᠯᠲᠠ ᠶᠢᠨ ᠢᠨᠵᠧᠨᠧᠷᠢᠩ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ | ᠲᠡᠰᠢ ᠤᠷᠲᠤᠳᠬᠠᠬᠤ ᠪᠣᠯ ᠡᠷᠬᠡᠪᠰᠢ ᠨᠥᠬᠦᠵᠦ ᠪᠦᠷᠢᠳᠦᠭᠦᠯᠬᠦ ᠳᠤᠲᠠᠮᠠᠭ ᠲᠠᠯ᠎ᠠ ᠮᠦᠨ ᠪᠦᠭᠡᠳ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠬᠤᠭᠤᠴᠠᠭ᠎ᠠ ᠶᠣᠰᠣᠭᠠᠷ | ᠪᠡᠶᠡᠯᠡᠭᠦᠯᠬᠦ ᠳᠤ ᠰᠢᠢᠳᠪᠦᠷᠢᠯᠡᠭᠴᠢ ᠠᠴᠢ ᠬᠤᠯᠪᠣᠭᠳᠠᠯ ᠲᠠᠢ ᠶᠤᠮ᠃ ᠠᠵᠢᠯ ᠣᠯᠭᠤᠯᠲᠠ ᠪᠣᠯ ᠠᠷᠠᠳ ᠤᠨ | ᠠᠮᠢᠳᠤᠷᠠᠯ ᠤᠨ ᠦᠨᠳᠦᠰᠦᠪᠤᠯᠤᠭᠰᠠᠨ ᠤ ᠬᠤᠪᠢ ᠳᠤ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ | ᠰᠢᠪᠲᠤᠯᠤᠯᠲᠠ ᠶᠢᠨ ᠢᠨᠵᠧᠨᠧᠷᠢᠩ ᠳᠤ ᠶᠠᠮᠠᠷ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ ᠪᠤᠢ︖ | ᠸᠠᠩ ᠶᠢᠤ ᠬᠤᠩ᠄ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠠᠵᠢᠯ ᠤᠯᠭᠤᠬᠤ ᠠᠳᠠᠯ ᠦᠢᠯᠡᠰ | ᠴᠤᠭᠴᠠᠯᠠᠭᠤᠯᠬᠤ ᠪᠣᠯ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠲᠤᠶᠢᠯ ᠤᠨ ᠤᠨᠤᠪᠴᠢᠲᠠᠢ ᠪᠠᠷ | ᠶᠠᠳᠠᠭᠤ ᠶᠢ ᠲᠡᠳᠬᠦᠬᠦ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠮᠦᠨ᠂ ᠪᠢᠳᠡ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠯᠭᠤᠯᠲᠠ ᠪᠠᠷ | ᠶᠠᠳᠠᠭᠤ ᠶᠢ ᠲᠡᠳᠬᠦᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠬᠦ ᠪᠠᠷ ᠳᠠᠮᠵᠢᠭᠤᠯᠤᠨ᠂ ᠠᠵᠢᠯ ᠤᠯᠬᠤ ᠠᠳᠠᠯ ᠦᠢᠯᠡᠰ | ᠴᠤᠭᠴᠠᠯᠠᠬᠤ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ ᠶᠢ ᠬᠠᠪᠰᠤᠷᠤᠨ ᠠᠵᠢᠯ | ᠤᠯᠭᠤᠵᠤ ᠠᠳᠠᠯ ᠦᠢᠯᠡᠰ ᠴᠤᠭᠴᠠᠯᠠᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠨᠢ | ᠪᠡᠶᠡᠯᠡᠭᠦᠯᠦᠨ᠎ᠡ᠃ 2019 ᠣᠨ ᠪᠣᠯᠬᠤ ᠳᠤ᠂ ᠭᠤᠷᠪᠠ ᠶᠢ ᠦᠨᠡᠨᠬᠦ ᠪᠠᠲᠤᠯᠠᠬᠤ ᠬᠠᠷᠠᠯᠲᠠ ᠶᠢ ᠪᠡᠶᠡᠯᠡᠭᠦᠯᠦᠨ᠎ᠡ᠄ | ᠨᠢᠭᠡ ᠳᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠵᠢᠯ ᠤᠯᠬᠤ ᠠᠳᠠᠯ ᠦᠢᠯᠡᠰ ᠴᠤᠭᠴᠠᠯᠠᠬᠤ ᠬᠦᠰᠡᠯ | ᠡᠷᠡᠮᠡᠯᠵᠡᠯ ᠪᠠ ᠴᠢᠳᠠᠪᠤᠷᠢ ᠲᠠᠢ ᠬᠥᠳᠡᠯᠮᠦᠷᠢ ᠬᠦᠴᠦᠨ ᠳᠤ ︽ᠨᠢᠭᠡ ᠲᠤ ᠨᠢᠭᠡ ᠶᠢ ᠳᠠᠭᠠᠭᠠᠴᠢᠯᠠᠭᠤᠯᠬᠤ︾ | ᠨᠠᠷᠢᠯᠢᠭᠵᠢᠭᠤᠯᠤᠭᠰᠠᠨ ᠦᠢᠯᠡᠴᠢᠯᠡᠭᠡ ᠬᠠᠩᠭᠠᠬᠤ ᠶᠢ ᠦᠨᠡᠨ ᠬᠦ ᠪᠠᠲᠤᠯᠠᠨ᠎ᠠ︔ ᠬᠤᠶᠠᠷ ᠲᠤ ᠶᠠᠳᠠᠭᠤ ᠬᠦᠴᠢᠷᠳᠡᠯᠲᠡᠶ | ᠭᠡᠷ ᠪᠦᠯᠢ ᠶᠢᠨ ᠠᠵᠢᠯ ᠤᠯᠬᠤ ᠬᠦᠰᠡᠯ ᠡᠷᠡᠮᠡᠯᠵᠡᠯ ᠪᠠ ᠴᠢᠳᠠᠪᠤᠷᠢ ᠲᠠᠢ ᠪᠠᠶᠢᠬᠤ ᠬᠥᠳᠡᠯᠮᠦᠷᠢ ᠬᠦᠴᠦ ᠳᠤ ᠨᠠᠭᠠᠳᠤ | ᠵᠠᠬ᠎ᠠ ᠳᠠᠭᠠᠨ ᠨᠢᠭᠡ ᠬᠦᠮᠦᠨ ᠳᠤᠨᠢ ᠠᠵᠢᠯ ᠤᠯᠭᠤᠬᠤ ᠶᠢ ᠦᠨᠡᠨ ᠬᠦ ᠪᠠᠲᠤᠯᠠᠨ᠎ᠠ︔ ᠭᠤᠷᠪᠠ ᠳᠤ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠪᠤᠯᠪᠠᠰᠤᠷᠠᠭᠤᠯᠤᠯ ᠬᠦᠷᠲᠡᠬᠦ ᠬᠦᠰᠡᠯ ᠡᠷᠡᠮᠡᠯᠵᠡᠯ ᠲᠠᠢ ᠬᠦᠳᠡᠯᠮᠦᠷᠢ ᠬᠦᠴᠦ ᠳᠤ | ᠠᠵᠢᠯ ᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ ᠠᠵᠢᠯ ᠤᠯᠬᠤ ᠨᠢᠭᠡᠨ ᠮᠡᠷᠭᠡᠵᠢᠯ | ᠴᠢᠳᠠᠪᠤᠷᠢ ᠶᠢ ᠡᠵᠡᠮᠰᠢᠭᠦᠯᠬᠦ ᠶᠢ ᠦᠨᠡᠨ ᠬᠦ ᠪᠠᠲᠤᠯᠠᠨ᠎ᠠ᠃ ᠡᠨᠡ ᠵᠢᠯ ᠠᠴᠠ ᠡᠬᠢᠯᠡᠨ᠂ ᠳᠥᠷᠪᠡᠨ ᠵᠢᠯ ᠳᠤ 26 | ᠲᠦᠮᠡ ᠣᠷᠴᠢᠮ ᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠤᠯᠭᠤᠨ ᠶᠠᠳᠠᠭᠤ ᠶᠢ ᠲᠡᠳᠬᠦᠬᠦ | ᠡᠭᠦᠷᠭᠡ ᠶᠢ ᠪᠡᠶᠡᠯᠡᠭᠦᠯᠵᠦ᠂ 2016 ᠣᠨ ᠳᠤ ᠡᠭᠦᠷᠭᠡ ᠶᠢᠨ ᠶᠡᠷᠦᠩᠬᠡᠶ ᠲᠣᠭᠠᠨ ᠤ 30% ᠶᠢ ᠪᠡᠶᠡᠯᠡᠭᠦᠯᠵᠦ᠂ | 2017 ᠣᠨ᠂ 2018 ᠣᠨ ᠳᠤ ᠲᠤᠰ ᠲᠤᠰ 25% ᠶᠢ ᠪᠡᠶᠡᠯᠡᠭᠦᠯᠵᠦ᠂ 2019 ᠤᠨ ᠳᠤ 20% ᠶᠢ | ᠪᠡᠶᠡᠯᠡᠭᠦᠯᠦᠨ᠎ᠡ᠃ | ᠬᠥᠲᠥᠯᠥᠭᠴᠢ᠄ | ᠸᠠᠩ ᠲᠣᠪᠴᠢᠶᠠᠨ ᠳᠠᠷᠤᠭ᠎ᠠ ᠡ᠂ ᠲᠠ ᠮᠠᠨ ᠳᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ | ᠠᠵᠢᠯᠯᠠᠭ᠎ᠠ ᠨᠢ ᠭᠤᠣᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠠᠷᠠᠯᠲᠠᠲᠤ ᠡᠭᠦᠷᠭᠡ ᠪᠠᠨ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠲᠤᠬᠠᠢ ᠶᠠᠷᠢᠭᠠᠳ ᠦᠭᠭᠦᠨ᠎ᠡ ᠤᠤ︖ | ᠸᠠᠩ ᠶᠢᠤ ᠬᠤᠩ᠄ | ᠭᠤᠤᠯᠳᠠᠭᠤ ᠵᠢᠷᠭᠤᠭ᠎ᠠ ᠶᠢ ︽ᠭᠠᠴᠠᠭ᠎ᠠ ᠡᠷᠦᠬᠡ ᠳᠤ ᠤᠷᠤᠭᠤᠯᠬᠤ︾ ︵ᠲᠥᠷᠥ ᠶᠢᠨ ᠪᠣᠳᠣᠯᠭ᠎ᠠ ᠶᠢᠨ | ᠲᠡᠳᠬᠦᠮᠵᠢ ᠶᠢ ᠭᠠᠴᠠᠭ᠎ᠠ ᠡᠷᠦᠬᠡ ᠳᠤ ᠤᠷᠤᠭᠤᠯᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠭᠠᠴᠠᠭ᠎ᠠ | ᠡᠷᠦᠬᠡ ᠳᠤ ᠤᠷᠤᠭᠤᠯᠬᠤ᠂ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠭᠠᠴᠠᠭ᠎ᠠ ᠡᠷᠦᠬᠡ ᠳᠤ | ᠤᠷᠤᠭᠤᠯᠬᠤ᠂ ᠠᠵᠢᠯ ᠤᠨ ᠪᠠᠶᠢᠷᠢ ᠶᠢᠨ ᠬᠠᠪᠰᠤᠷᠤᠯᠭ᠎ᠠ ᠶᠢ ᠭᠠᠴᠠᠭ᠎ᠠ ᠡᠷᠦᠬᠡ ᠳᠤ ᠤᠷᠤᠭᠤᠯᠬᠤ᠂ ᠨᠠᠷᠢᠯᠢᠭ | ᠣᠨᠣᠴᠢᠲᠠᠶ ᠦᠢᠯᠡᠴᠢᠯᠡᠭᠡ ᠶᠢ ᠭᠠᠴᠠᠭ᠎ᠠ ᠡᠷᠦᠬᠡ ᠳᠤ ᠤᠷᠤᠭᠤᠯᠬᠤ᠂ ᠮᠡᠳᠡᠭᠡ ᠵᠠᠩᠭᠢ ᠶᠢᠨ ᠡᠬᠡ ᠲᠡᠩᠰᠠ ᠶᠢ | ᠭᠠᠴᠠᠭ᠎ᠠ ᠡᠷᠦᠬᠡ ᠳᠤ ᠤᠷᠤᠭᠤᠯᠬᠤ ︶ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ | ᠬᠦᠳᠡᠯᠮᠦᠷᠴᠢᠳ ᠲᠤ ᠠᠵᠢᠯ ᠤᠯᠭᠤᠨ ᠠᠳᠠᠯ ᠦᠢᠯᠡᠰ ᠴᠤᠭᠴᠠᠯᠠᠵᠤ ᠶᠠᠳᠠᠭᠤ ᠠᠴᠠ ᠠᠩᠭᠢᠵᠢᠷᠠᠬᠤ ᠶᠢ ᠠᠬᠢᠭᠤᠯᠵᠤ᠂ | ︽ᠨᠢᠭᠡ ᠬᠦᠮᠦᠨ ᠳᠤ ᠠᠵᠢᠯ ᠤᠯᠭᠤᠪᠠᠯ᠂ ᠨᠢᠭᠡ ᠬᠥᠮᠦᠨ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠶᠢ | ᠴᠢᠷᠮᠠᠶᠢᠨ ᠪᠡᠶᠡᠯᠡᠭᠦᠯᠦᠨ᠎ᠡ᠃ | ᠬᠥᠲᠥᠯᠥᠭᠴᠢ᠄ | ᠵᠠ ᠰᠡᠶᠢᠠ ᠪᠤᠯᠤᠯ᠎ᠠ᠂ ᠸᠠᠩ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠭᠰᠠᠨ ᠳᠤ ᠲᠤᠩ ᠲᠠᠯᠠᠷᠬᠠᠵᠤ | ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ | ᠬᠤᠭᠤᠴᠠᠭᠠᠨ ᠳᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠳᠠᠷᠠᠭᠠᠴᠢ ᠶᠢᠨ ᠬᠤᠭᠤᠴᠠᠭᠠᠨ ᠳᠤ | ᠪᠠᠶᠠᠷᠲᠠᠢ ᠵᠤᠯᠭᠠᠶ᠎ᠠ︕ | | | | ᠦᠪᠡᠷᠲᠡᠭᠡᠨ ᠵᠠᠰᠠᠬᠤ ᠤᠷᠤᠨ ᠤ ᠠᠵᠢᠯ ᠤᠯᠭᠤᠬᠤ ᠲᠤᠪᠴᠢᠶ᠎ᠠ ᠶᠢᠨ ᠳᠠᠷᠤᠭ᠎ᠠ ᠸᠠᠩ ᠶᠢᠦ ᠬᠤᠩ ᠦᠪᠦᠷ | ᠮᠤᠩᠭᠤᠯ ᠤᠨ ᠵᠡᠭᠦᠨ ᠭᠡᠰᠡᠭ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠤᠨ ᠢᠯᠡᠷᠬᠡᠶᠢᠯᠡᠯ ᠢ ᠰᠡᠬᠦᠵᠦ ᠦᠭᠪᠡ | | ᠦᠪᠡᠷᠲᠡᠭᠡᠨ ᠵᠠᠰᠠᠬᠤ ᠤᠷᠤᠨ ᠤ ᠠᠵᠢᠯ ᠤᠯᠭᠤᠬᠤ ᠲᠤᠪᠴᠢᠶ᠎ᠠ ᠶᠢᠨ ᠳᠠᠷᠤᠭ᠎ᠠ ᠸᠠᠩ ᠶᠢᠦ ᠬᠤᠩ | ᠪᠠᠶᠠᠨᠨᠠᠭᠤᠷ ᠬᠤᠲᠠ ᠶᠢᠨ ᠠᠳᠠᠯ ᠦᠢᠯᠡᠰ ᠴᠤᠭᠴᠠᠯᠠᠬᠤ ᠠᠵᠢᠯ ᠤᠯᠭᠤᠬᠤ ᠨᠡᠪᠴᠢᠭᠦᠯᠦᠷ ᠤᠨ ᠲᠦᠪ ᠲᠤ ᠰᠠᠭᠤᠭ᠎ᠠ | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠪᠠᠶᠢᠭ᠎ᠠ ᠨᠢ | | |