4 ᠳ᠋ᠣᠭᠡᠷ ᠰᠠᠷ᠎ᠠ ᠶᠢᠨ 19 — 20 ᠤ ᠡᠳᠦᠷ ᠪᠤᠯᠲᠠᠯ᠎ᠠ᠂ 5 ᠳ᠋ᠤᠭᠠᠷ ᠰᠠᠷ᠎ᠠ ᠶᠢᠨ 10 — 11 ᠤ | ᠡᠳᠦᠷ ᠪᠤᠯᠲᠠᠯ᠎ᠠ᠂ ᠥᠪᠥᠷ ᠮᠣᠩᠭᠤᠯ ᠤᠨ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ | ᠪᠠᠷᠠᠭᠤᠨ ᠬᠡᠰᠡᠭ ᠪᠣᠯᠣᠨ ᠵᠡᠭᠦᠨ ᠬᠡᠰᠡᠭ ᠤᠨ ᠬᠠᠷᠢᠭᠤ ᠮᠡᠳᠡᠭᠦᠯᠦᠯᠲᠡ ᠶᠢᠨ ᠬᠤᠷᠠᠯ ᠲᠤᠰ ᠲᠤᠰ ᠤᠷᠳᠤᠰ ᠬᠤᠳᠠ | ᠪᠣᠯᠣᠨ ᠤᠯᠠᠭᠠᠨᠬᠠᠳᠠ ᠬᠤᠳᠠ ᠳᠤ ᠬᠤᠷᠠᠯᠳᠤᠵᠠᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠢᠢᠯᠠᠩ ᠤᠨ | ᠳᠠᠷᠤᠭ᠎ᠠ ᠵᠠᠩ ᠯᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ | ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠢᠢᠯᠠᠩ ᠤᠨ ᠭᠡᠰᠢᠭᠦᠨ ᠯᠢᠦ ᠬᠤᠢ ᠬᠤᠷᠠᠯ ᠡᠷᠬᠢᠯᠡᠵᠠᠢ᠃ | ᠵᠠᠩ ᠯᠢ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠡ ︽ᠬᠠᠳᠠᠭᠠᠰᠤ︾ ᠶᠢᠨ ᠵᠤᠷᠢᠭ ᠰᠠᠨᠠᠭ᠎ᠠ ᠶᠢ | ᠪᠠᠳᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠪᠦᠬᠦ ᠠᠵᠢᠯ ᠤᠨ | ᠴᠢᠬᠤᠯᠠ ᠪᠠᠶᠢᠷᠢᠨ ᠳᠤ ᠲᠠᠯᠪᠢᠵᠦ᠂ ᠬᠠᠷᠠᠬᠠᠨ ᠴᠡᠭᠴᠡᠯᠡᠨ ᠰᠠᠶᠢᠵᠢᠷᠠᠭᠤᠯᠤᠭᠠᠳᠤᠢ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠭᠦᠯᠦᠨ᠂ ᠬᠦᠴᠦ ᠪᠠᠨ ᠲᠦᠪᠯᠡᠷᠡᠭᠦᠯᠦᠨ ᠳᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠰᠠᠶᠢᠳᠤᠷ ᠨᠠᠶᠢᠳᠠᠪᠤᠷᠢᠵᠢᠭᠤᠯᠤᠨ᠂ ᠠᠮᠵᠢᠯᠳᠠ ᠭᠠᠷᠭᠠᠬᠤ ᠬᠡᠷᠡᠭᠳᠡᠢ᠃ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠵᠠᠪᠠᠯ ᠭᠤᠤᠯ ᠴᠤᠭᠴᠠ ᠶᠢᠨ ᠬᠠᠷᠢᠭᠤᠴᠠᠯᠭ᠎ᠠ ᠶᠢ | ᠡᠬᠦᠷᠬᠡᠯᠡᠵᠦ᠂ ᠨᠠᠮ ᠤᠨ ᠬᠤᠷᠢᠶ᠎ᠠ ᠶᠢᠨ ᠱᠦᠵᠢ ᠵᠠᠪᠠᠯ ᠨᠢᠭᠡᠳᠦᠭᠡᠷ ᠬᠠᠷᠢᠭᠤᠴᠠᠯᠭ᠎ᠠ ᠶᠢᠨ ᠬᠦᠮᠦᠨ ᠤ ᠳᠤᠰᠢᠶᠠᠯ | ᠬᠠᠷᠢᠭᠤᠴᠠᠯᠭ᠎ᠠ ᠪᠠᠨ ᠡᠬᠦᠷᠬᠡᠯᠡᠨ᠂ ᠳᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠤᠬᠢᠶᠠᠨ | ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠱᠠᠳᠤ ᠲᠠᠷᠠᠭᠠᠯᠠᠨ ᠬᠠᠷᠢᠭᠤᠴᠠᠯᠭ᠎ᠠ ᠪᠠᠨ ᠬᠦᠢᠴᠡᠳᠭᠡᠵᠤ᠂ | ᠲᠠᠰ ᠲᠠᠰ ᠢᠶᠠᠷ ᠠᠬᠢᠭᠤᠯᠬᠤ ᠬᠡᠷᠡᠭᠳᠡᠢ︔ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠳᠤᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠠᠬᠢᠯᠭ᠎ᠠ ᠪᠠᠳᠤ ᠶᠢ ᠬᠡᠷᠡᠭᠵᠢᠬᠦᠯᠬᠦ ᠳᠤ ᠬᠢᠨᠠᠯᠳᠠ ᠲᠠᠯᠪᠢᠨ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠬᠠᠷᠢᠭᠤ | ᠳᠤᠰᠬᠠᠭᠰᠠᠨ ᠰᠠᠨᠠᠯ᠂ ᠳᠤᠷᠠᠳᠤᠭᠰᠠᠨ ᠱᠠᠭᠠᠷᠳᠠᠯᠭ᠎ᠠ᠂ ᠵᠦᠪᠯᠡᠨ ᠲᠤᠭᠲᠠᠭᠰᠠᠨ ᠬᠡᠷᠡᠭ ᠶᠠᠪᠤᠳᠠᠯ᠂ | ᠲᠤᠳᠤᠷᠬᠠᠢᠢᠯᠠᠭᠰᠠᠨ ᠡᠭᠦᠷᠭᠡ ᠬᠠᠷᠢᠭᠤᠴᠠᠯᠭ᠎ᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ︔ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠴᠢᠬᠤᠯᠠᠴᠢᠯᠠᠨ᠂ ᠮᠡᠳᠡᠭᠰᠡᠨ ᠳᠠᠷᠤᠢ ᠳᠠᠭᠠᠨ | ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠂ ᠳᠦᠷᠢᠮ ᠲᠤᠭᠲᠠᠭᠠᠯ ᠲᠤᠭᠲᠠᠭᠠᠬᠤ ᠠᠵᠢᠯ ᠢ | ᠠᠬᠢᠭᠤᠯᠤᠨ᠂ ᠨᠢᠭᠡ ᠲᠠᠯ᠎ᠠ ᠪᠠᠷ ᠪᠠᠶᠢᠴᠠᠭᠠᠵᠤ᠂ ᠨᠢᠭᠡ ᠲᠠᠯ᠎ᠠ ᠪᠠᠷ ᠰᠠᠶᠢᠵᠢᠷᠠᠭᠤᠯᠬᠤ ᠪᠠᠷ ᠳᠠᠮᠵᠢᠨ ᠴᠡᠭᠴᠡᠯᠡᠨ | ᠰᠠᠶᠢᠵᠢᠷᠠᠭᠤᠯᠬᠤ ᠠᠵᠢᠯ ᠢ ᠭᠦᠨᠵᠡᠭᠡᠶᠢᠷᠡᠭᠦᠯᠦᠨ᠂ ᠺᠠᠳ᠋ᠷ ᠤᠯᠠᠨ ᠲᠦᠮᠡᠨ ᠤ ᠡᠮᠦᠨ᠎ᠡ ᠮᠡᠳᠡᠭᠳᠡᠮ᠎ᠡ ᠠᠮᠵᠢᠯᠲᠠ | ᠭᠠᠷᠭᠠᠵᠤ᠂ ᠲᠤᠭᠤᠷᠢᠨ ᠪᠠᠶᠢᠴᠠᠭᠠᠬᠤ ᠠᠵᠢᠯ ᠤᠨ ᠡᠷᠬᠡ ᠰᠦᠷ ᠪᠠ ᠠᠶᠤᠯᠭᠠᠨ ᠵᠢᠷᠦᠭᠡᠰᠢᠶᠡᠯᠬᠡᠭᠦ ᠬᠦᠴᠦᠨ ᠢ | ᠨᠡᠮᠡᠭᠳᠡᠭᠦᠯᠦᠨ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠯᠤᠰ ᠲᠦᠷᠦ ᠪᠠ ᠨᠡᠶᠢᠭᠡᠮ | ᠤᠨ ᠦᠢᠯᠡᠳᠦᠯ ᠢ ᠳᠡᠭᠡᠭᠰᠢᠯᠡᠭᠦᠯᠬᠦ ᠭᠡᠷᠡᠭᠲᠡᠢ ᠭᠡᠪᠡ᠃ | ᠯᠢᠦ ᠬᠤᠢ ᠴᠢᠬᠤᠯᠠᠴᠢᠯᠠᠬᠰᠠᠨ ᠨᠢ᠂ ᠡᠯ᠎ᠠ ᠠᠶᠢᠮᠠᠭ ᠬᠤᠳᠠ ᠶᠢᠨ ᠨᠠᠮ ᠤᠨ ᠬᠤᠷᠢᠶ᠎ᠠ ᠶᠢᠨ ᠳᠤᠭᠤᠷᠢᠨ | ᠪᠠᠶᠢᠴᠠᠭᠠᠬᠤ ᠠᠵᠢᠯ ᠤᠨ ᠬᠠᠷᠢᠯᠴᠠᠬᠤ ᠳᠤᠭᠤᠢᠢᠯᠠᠩ ᠵᠠᠪᠠᠯ ᠳᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ | ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ | ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠨ᠂ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠳᠤᠬᠠᠢ ᠳᠤᠨᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠳᠤᠭᠤᠷᠢᠨ ᠪᠠᠶᠢᠴᠠᠭᠠᠬᠤ ᠠᠯᠪᠠᠨ ᠭᠡᠷ ᠲᠤ ᠮᠡᠳᠡᠬᠦᠯᠬᠦ ᠬᠡᠷᠡᠭᠳᠡᠢ︔ ᠳᠤᠭᠤᠷᠢᠨ ᠪᠠᠶᠢᠴᠠᠭᠠᠬᠤ ᠠᠵᠢᠯ ᠢ ᠬᠠᠷᠢᠭᠤ | ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ᠂ ᠰᠦᠪᠡᠭᠴᠢ ᠶᠢ ᠰᠢᠢᠳᠪᠦᠷᠢᠯᠡᠬᠦ ᠡᠬᠡ | ᠲᠠᠩᠰᠠ ᠪᠣᠯᠣᠨ ᠸᠠᠩ ᠵᠢᠶᠦ᠋ᠨ ᠱᠦᠵᠢ ᠶᠢᠨ ᠨᠠᠷᠠ ᠳᠤᠷᠠᠳᠤᠭᠰᠠᠨ ᠬᠦᠮᠦᠨ ᠵᠢᠴᠢ ᠬᠡᠷᠡᠭ ᠤᠨ ᠡᠬᠡ ᠲᠠᠩᠰᠠ ᠶᠢ | ᠴᠢᠨᠠᠬᠰᠢᠳᠡ ᠲᠡᠬᠦᠯᠳᠡᠷᠵᠢᠬᠦᠯᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ | ᠬᠤᠳᠠ᠂ ᠳᠤᠭᠤᠷᠢᠭ︶ ᠵᠠᠪᠠᠯ ᠡᠬᠡ ᠲᠠᠩᠰᠠ ᠪᠠᠶᠢᠭᠤᠯᠤᠨ ᠲᠠᠩᠰᠠ ᠬᠠᠷᠭᠤᠭᠤᠯᠵᠦ᠂ ᠳ᠋ᠤᠭᠠᠷ ᠲᠠᠭᠠᠷᠠᠭᠤᠯᠤᠨ | ᠲᠠᠩᠰᠠᠨ ᠠᠴᠠ ᠲᠠᠶᠢᠯᠵᠤ᠂ ᠠᠰᠠᠭᠤᠳᠠᠯ ᠪᠠ ᠰᠦᠪᠡᠭᠴᠢ ᠪᠦᠬᠦᠨ ᠬᠠᠷᠢᠭᠤ ᠳᠤᠰᠬᠠᠯ ᠲᠠᠢ ᠪᠠᠶᠢᠬᠤ᠂ ᠶᠠᠪᠤᠳᠠᠯ | ᠪᠦᠬᠦᠨ ᠨᠠᠶᠢᠳᠠᠪᠤᠷᠢᠵᠢᠭᠤᠯᠤᠯᠳᠠ ᠲᠠᠢ ᠪᠠᠶᠢᠬᠤ ᠶᠢ ᠪᠠᠳᠤᠯᠠᠬᠤ ᠬᠡᠷᠡᠭᠳᠡᠢ︔ ᠠᠶᠢᠮᠠᠭ ᠬᠤᠳᠠ᠂ ᠬᠤᠰᠢᠭᠤ ᠰᠢᠶᠠᠨ | ᠵᠠᠪᠠᠯ ︽ᠲᠦᠷᠪᠠ ᠶᠢ ᠪᠠᠷᠢᠮᠳᠠᠯᠠᠬᠤ︾ ᠵᠠᠷᠴᠢᠮ ᠢᠶᠠᠷ ᠳᠤᠭᠤᠷᠢᠨ ᠪᠠᠶᠢᠴᠠᠭᠠᠬᠤ ᠠᠵᠢᠯ ᠢ ᠰᠦᠪᠡᠭᠴᠢᠯᠡᠨ | ᠦᠷᠨᠢᠬᠦᠯᠵᠦ᠂ ᠵᠤᠷᠢᠭᠳᠠᠢ ᠰᠦᠪᠡᠭᠴᠢᠯᠡᠨ᠂ ᠤᠷᠢᠳᠠᠪᠠᠷ ᠬᠡᠷᠡᠭᠵᠢᠬᠦᠯᠦᠨ ᠤᠷᠢᠳᠠᠪᠠᠷ ᠳᠤᠷᠰᠢᠵᠤ᠂ ᠳᠤᠭᠤᠷᠢᠨ | ᠪᠠᠶᠢᠴᠠᠭᠠᠬᠤ ᠠᠵᠢᠯ ᠤᠨ ᠰᠦᠯᠵᠢᠶ᠎ᠠ ᠪᠠᠷ ᠬᠢᠨᠠᠯᠳᠠ ᠲᠠᠯᠪᠢᠬᠤ ᠪᠠᠶᠢᠷᠢᠯᠠᠭᠤᠯᠤᠯᠳᠠ ᠶᠢ ᠪᠤᠢ ᠪᠤᠯᠭᠠᠬᠤ ᠬᠡᠷᠡᠭᠳᠡᠢ | ᠬᠡᠪᠡ᠃ |