ᠪᠦᠬᠦ ᠣᠷᠣᠨ ᠤ ᠬᠥᠷᠥᠰᠥ ᠶᠢᠨ ᠨᠢᠭᠡ᠂ ᠬᠤᠶᠠᠷ᠂ ᠭᠤᠷᠪᠠᠳᠤᠭᠠᠷ ᠲᠦᠷᠦᠯ ᠤᠨ ᠴᠢᠬᠢᠭᠲᠦ ᠲᠠᠯᠠᠪᠠᠶ ᠨᠢ | ᠲᠤᠰ ᠲᠤᠰ 23.3᠂ 35.6᠂ 59.1 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠣᠷᠣᠨ ᠤ | ᠶᠡᠷᠦᠩᠭᠡᠢ ᠲᠠᠯᠠᠪᠠᠢ ᠶᠢᠨ 19.8%᠂ 30.2%᠂ 50.0% ᠢ ᠡᠵᠡᠯᠡᠨ᠎ᠡ᠃ 5 ᠳ᠋ᠤᠭᠠᠷ ᠰᠠᠷ᠎ᠠ ᠶᠢᠨ 4 ᠤ | ᠡᠳᠦᠷ ᠤᠨ ᠬᠢ ᠲᠠᠢ ᠠᠳᠠᠯᠢᠳᠬᠠᠪᠠᠯ᠂ ᠨᠢᠭᠡᠳᠦᠭᠡᠷ ᠲᠦᠷᠦᠯ ᠤᠨ ᠴᠢᠬᠢᠭᠲᠦ ᠲᠠᠯᠠᠪᠠᠢ ᠨᠢ 3 ᠵᠠᠭᠤᠨ ᠤ ᠴᠡᠭ | ᠨᠡᠮᠡᠭᠳᠡᠵᠤ᠂ ᠬᠤᠶᠠᠳᠤᠭᠠᠷ ᠲᠦᠷᠦᠯ ᠤᠨ ᠴᠢᠬᠢᠭᠲᠦ ᠲᠠᠯᠠᠪᠠᠢ ᠨᠢ 8 ᠵᠠᠭᠤᠨ ᠤ ᠴᠡᠭ ᠪᠠᠭᠠᠰᠴᠤ᠂ ᠭᠤᠷᠪᠠᠳᠤᠭᠠᠷ | ᠲᠦᠷᠦᠯ ᠤᠨ ᠴᠢᠬᠢᠭᠲᠦ ᠲᠠᠯᠠᠪᠠᠢ ᠨᠢ 5 ᠵᠠᠭᠤᠨ ᠤ ᠴᠡᠭ ᠨᠡᠮᠡᠭᠳᠡᠭᠰᠡᠨ ᠪᠠᠶᠢᠨ᠎ᠠ︔ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠪᠠᠯ᠂ ᠨᠢᠭᠡᠳᠦᠭᠡᠷ ᠲᠦᠷᠦᠯ ᠤᠨ ᠴᠢᠬᠢᠭᠲᠦ ᠲᠠᠯᠠᠪᠠᠢ ᠨᠢ 7 ᠵᠠᠭᠤᠨ ᠤ ᠴᠡᠭ | ᠨᠡᠮᠡᠭᠳᠡᠵᠤ᠂ ᠬᠤᠶᠠᠳᠤᠭᠠᠷ ᠲᠦᠷᠦᠯ ᠤᠨ ᠴᠢᠬᠢᠭᠲᠦ ᠲᠠᠯᠠᠪᠠᠢ ᠨᠢ 16 ᠵᠠᠭᠤᠨ ᠤ ᠴᠡᠭ ᠪᠠᠭᠠᠰᠴᠤ᠂ ᠭᠤᠷᠪᠠᠳᠤᠭᠠᠷ | ᠲᠦᠷᠦᠯ ᠤᠨ ᠴᠢᠬᠢᠭᠲᠦ ᠲᠠᠯᠠᠪᠠᠢ ᠨᠢ 9 ᠵᠠᠭᠤᠨ ᠤ ᠴᠡᠭ ᠨᠡᠮᠡᠭᠳᠡᠭᠰᠡᠨ ᠪᠠᠶᠢᠨ᠎ᠠ︔ ᠥᠩᠭᠡᠷᠡᠭᠰᠡᠨ ᠵᠢᠯ ᠤᠳ ᠤᠨ | ᠠᠳᠠᠯᠢ ᠬᠤᠭᠤᠴᠠᠭᠠᠨ ᠤ ᠲᠠᠢ ᠠᠳᠠᠯᠢᠳᠬᠠᠪᠠᠯ᠂ ᠨᠢᠭᠡᠳᠦᠭᠡᠷ ᠲᠦᠷᠦᠯ ᠤᠨ ᠴᠢᠬᠢᠭᠲᠦ ᠲᠠᠯᠠᠪᠠᠢ ᠨᠢ 4 ᠵᠠᠭᠤᠨ ᠤ | ᠴᠡᠭ ᠨᠡᠮᠡᠭᠳᠡᠵᠤ᠂ ᠬᠤᠶᠠᠳᠤᠭᠠᠷ ᠲᠦᠷᠦᠯ ᠤᠨ ᠴᠢᠬᠢᠭᠲᠦ ᠲᠠᠯᠠᠪᠠᠢ ᠨᠢ 5 ᠵᠠᠭᠤᠨ ᠤ ᠴᠡᠭ ᠪᠠᠭᠠᠰᠴᠤ᠂ | ᠭᠤᠷᠪᠠᠳᠤᠭᠠᠷ ᠲᠦᠷᠦᠯ ᠤᠨ ᠴᠢᠬᠢᠭᠲᠦ ᠲᠠᠯᠠᠪᠠᠢ ᠨᠢ 1 ᠵᠠᠭᠤᠨ ᠤ ᠴᠡᠭ ᠪᠠᠭᠠᠰᠤᠭᠰᠠᠨ ᠪᠠᠶᠢᠨ᠎ᠠ᠃ ᠣᠳᠣᠬᠠᠨ ᠳᠤ | ᠪᠥᠬᠦ ᠣᠷᠣᠨ ᠤ ᠬᠦᠷᠦᠰᠦᠨ ᠤ ᠴᠢᠬᠢᠭ ᠤᠨ ᠪᠠᠶᠢᠳᠠᠯ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ | ᠲᠠᠢ ᠤᠶᠢᠷᠡᠲᠤᠵᠤ ᠪᠠᠶᠢᠭ᠎ᠠ ᠪᠤᠯᠪᠠᠴᠤ᠂ ᠨᠢᠳᠤᠨᠤᠨ ᠤ ᠬᠢ ᠳᠤ ᠭᠦᠷᠬᠦ ᠦᠭᠡᠢ ᠪᠠᠶᠢᠨ᠎ᠠ᠃ ᠣᠷᠣᠨ ᠪᠦᠰᠡ ᠶᠢᠨ | ᠲᠠᠷᠬᠠᠯᠲᠠ ᠠᠴᠠ ᠦᠵᠡᠪᠡᠯ᠂ ᠳᠤᠮᠳᠠ ᠪᠠᠷᠠᠭᠤᠨ ᠪᠡᠶ᠎ᠡ ᠶᠢᠨ ᠬᠥᠷᠥᠰᠥᠨ ᠤ ᠴᠢᠬᠢᠭ ᠤᠨ ᠪᠠᠶᠢᠳᠠᠯ ᠪᠠᠷᠤᠭᠲᠠᠶ | ᠪᠠᠶᠢᠵᠤ᠂ ᠭᠤᠷᠪᠠᠳᠤᠭᠠᠷ ᠲᠦᠷᠦᠯ ᠤᠨ ᠴᠢᠬᠢᠭ ᠤᠨ ᠪᠠᠶᠢᠳᠠᠯ ᠢᠶᠠᠷ ᠭᠤᠤᠯᠯᠠᠵᠠᠢ᠃ ᠬᠥᠯᠥᠨ ᠪᠤᠶᠢᠷ ᠬᠤᠲᠠ ᠶᠢᠨ | ᠶᠡᠬᠡᠩᠬᠢ ᠬᠡᠰᠡᠭ᠂ ᠬᠢᠩᠭᠠᠨ ᠠᠶᠢᠮᠠᠭ ᠤᠨ ᠶᠡᠬᠡᠩᠬᠢ ᠬᠡᠰᠡᠭ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ | ᠲᠦᠩᠯᠢᠶᠣᠤ ᠬᠤᠲᠠ ᠶᠢᠨ ᠡᠮᠦᠨ᠎ᠡ ᠪᠡᠶ᠎ᠡ ᠪᠠ ᠤᠯᠠᠭᠠᠨᠬᠠᠳᠠ ᠬᠤᠲᠠ ᠶᠢᠨ ᠡᠮᠦᠨᠡᠲᠦ ᠪᠡᠶ᠎ᠡ ᠶᠢᠨ ᠬᠥᠷᠥᠰᠥᠨ ᠤ | ᠴᠢᠬᠢᠭ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠢᠭᠡ᠂ ᠬᠤᠶᠠᠳᠤᠭᠠᠷ ᠲᠥᠷᠥᠯ ᠤᠨ ᠴᠢᠭᠢᠭ ᠤᠨ ᠪᠠᠶᠢᠳᠠᠯ ᠢᠶᠠᠷ | ᠭᠤᠤᠯᠯᠠᠵᠠᠢ᠃ |