ᠥᠪᠥᠷ ᠮᠣᠩᠭᠤᠯ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2016/5/12
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾᠎ ᠢ ᠲᠠᠷᠬᠠᠭᠠᠵᠤ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠡᠭᠦᠯ ᠪᠣᠯᠪᠠᠰᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠲᠠᠯ᠎ᠠ ᠪᠠᠷ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃      ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠯᠤᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠡᠷᠬᠡᠪᠰᠢ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ᠂ ᠰᠤᠷᠭᠠᠭᠤᠯᠢ ᠪᠤᠯᠤᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠡᠭᠡ ᠶᠠᠪᠤᠳᠠᠯ ᠪᠣᠯᠭᠠᠨ ᠠᠳᠬᠤᠬᠤ ᠬᠡᠷᠡᠭᠲᠡᠶ᠃ ᠡᠯ᠎ᠡ ᠭᠠᠵᠠᠷ ᠤᠳ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠎ ᠪᠠᠨ ᠪᠦᠷᠢᠨᠰᠢᠬᠦᠯᠵᠤ᠂ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠬᠤ ᠬᠠᠷᠢᠴᠠᠩᠭᠤᠢ ᠪᠦᠬᠦᠢ ᠠᠵᠢᠯ ᠤᠨ ᠪᠡᠯᠡᠳᠬᠡᠯ ᠲᠥᠰᠦᠯ ᠢ ᠪᠦᠷᠢᠨᠰᠢᠭᠦᠯᠵᠤ᠂ ᠡᠷᠡᠭᠦᠯ ᠡᠩᠭᠡ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠠᠢ ᠬᠡᠪᠡ᠃      ᠮᠡᠳᠡᠭᠳᠡᠯ ᠳᠤ ᠱᠠᠭᠠᠷᠳᠠᠭᠰᠠᠨ ᠨᠢ᠂ ᠲᠤᠰ ᠭᠠᠵᠠᠷ ᠣᠷᠣᠨ ᠲᠤᠰ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠦᠨᠡᠨᠬᠦ ᠶᠠᠪᠤᠭᠳᠠᠭᠤᠰᠢᠲᠠᠶ ᠶᠡᠷᠦᠩᠬᠡᠶᠢᠯᠡᠨ ᠵᠠᠰᠠᠬᠤ ᠲᠥᠰᠦᠯ ᠲᠤᠭᠲᠠᠭᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠪᠤᠵᠠᠷ ᠪᠤᠬᠢᠷᠳᠤᠯ ᠪᠠ ᠡᠷᠦᠢ ᠬᠤᠷᠤᠢ ᠦᠭᠡᠢ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠬᠦ ᠬᠡᠷᠡᠭᠲᠠᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠬᠢᠨᠠᠨ ᠡᠵᠡᠮᠳᠡᠬᠦ ᠪᠠ ᠮᠡᠳᠡᠬᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠪᠠᠶᠢᠭᠤᠯᠤᠮᠵᠢ ᠪᠤᠯᠤᠨ ᠲᠤᠰᠬᠠᠶ ᠬᠥᠮᠦᠨ ᠢ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠦᠯᠦᠭᠴᠢ ᠪᠠᠷ ᠵᠢᠭᠠᠨ ᠲᠣᠭᠲᠠᠭᠠᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠬᠢᠨᠠᠨ ᠡᠵᠡᠮᠳᠡᠬᠦ ᠪᠠ ᠮᠡᠳᠡᠭᠦᠯᠬᠦ ᠠᠵᠢᠯ ᠢ ᠬᠠᠷᠢᠭᠤᠴᠠᠬᠤ ᠬᠡᠷᠡᠭᠲᠠᠢ᠃ ᠬᠠᠯᠳᠠᠪᠤᠷᠢᠲᠤ ᠡᠪᠡᠳᠴᠢᠨ ᠲᠠᠢ ᠬᠦᠮᠦᠨ ᠪᠤᠶᠤ ᠬᠠᠯᠳᠠᠪᠤᠷᠢᠲᠤ ᠡᠪᠡᠳᠴᠢᠨ ᠤ ᠰᠡᠵᠢᠭ ᠲᠠᠢ ᠡᠪᠡᠳᠴᠢᠲᠡᠨ ᠢ ᠤᠯᠵᠤ ᠮᠡᠳᠡᠮᠡᠭᠴᠡ᠂ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠡᠷᠡᠭᠦᠯ ᠬᠠᠮᠠᠭᠠᠯᠠᠯ ᠪᠣᠯᠤᠨ ᠢᠳᠡᠭᠡᠨ ᠪᠠ ᠡᠮ ᠤᠨ ᠵᠦᠢᠯ ᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠪᠬᠢᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠰᠢᠢᠳᠪᠦᠷᠢᠯᠡᠵᠤ᠂ ᠬᠠᠯᠳᠠᠪᠤᠷᠢᠲᠤ ᠡᠪᠡᠳᠴᠢᠨ ᠢ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠤᠨᠤᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠬᠡᠷᠡᠭᠲᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠤᠬᠢᠶᠠᠨ ᠪᠠᠶᠢᠭᠤᠯᠵᠤ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠬᠠᠯᠳᠠᠪᠤᠷᠢᠲᠤ ᠡᠪᠡᠳᠴᠢᠨ ᠡᠭᠦᠰᠬᠦ ᠪᠠ ᠬᠠᠯᠳᠠᠪᠤᠷᠢᠯᠠᠵᠤ ᠮᠡᠳᠡᠬᠦ ᠡᠯ᠎ᠡ ᠵᠦᠢᠯ ᠤᠨ ᠲᠡᠯᠳᠡ ᠭᠡᠮ ᠢ ᠪᠦᠬᠦ ᠲᠠᠯ᠎ᠠ ᠪᠠᠷ ᠠᠷᠢᠯᠭᠠᠬᠤ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号