ᠥᠪᠥᠷ ᠮᠣᠩᠭᠤᠯ ᠤᠨ 2015 ᠣᠨ ᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠠᠵᠢᠯ ᠤᠯᠤᠰ ᠤᠨ ᠬᠢᠨᠠᠨ ᠰᠢᠯᠭᠠᠯᠲᠠ ᠶᠢ ᠲᠤᠭᠤᠯᠪᠠ
ᠨᠡᠶᠢᠲᠡᠯᠡᠭᠰᠡᠨ ᠴᠠᠭ᠄
2016/5/12
     ᠤᠯᠤᠰ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ︽2015 ᠣᠨ ᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠪᠠ ᠦᠯᠡᠭᠦᠳᠡᠵᠦ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠰᠢᠯᠭᠠᠬᠤ ᠠᠵᠢᠯ ᠤᠨ ᠲᠤᠬᠠᠶ ᠮᠡᠳᠡᠭᠳᠡᠯ︾᠎ ᠤᠨ ᠲᠣᠬᠢᠷᠠᠭᠤᠯᠤᠯᠲᠠ ᠪᠠᠷ᠂ ᠣᠶᠢᠷ᠎ᠠ ᠳᠤ᠂ ᠤᠯᠤᠰ ᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠬᠠᠮᠲᠤᠷᠠᠨ ᠬᠢᠨᠠᠨ ᠰᠢᠯᠭᠠᠬᠤ ᠠᠵᠢᠯ ᠤᠨ ᠳᠤᠭᠤᠶᠢᠯᠠᠩ ᠥᠪᠥᠷ ᠮᠣᠩᠭᠤᠯ ᠤᠨ 2015 ᠣᠨ ᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠵᠤ᠂ ᠬᠢᠨᠠᠨ ᠰᠢᠯᠭᠠᠪᠠ᠃      2015 ᠣᠨ ᠳᠤ᠂ ᠤᠯᠤᠰ ᠠᠴᠠ ᠪᠠᠭᠤᠯᠭᠠᠭᠰᠠᠨ ᠥᠪᠥᠷ ᠮᠣᠩᠭᠤᠯ ᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠪᠠ ᠦᠯᠡᠭᠦᠳᠡᠵᠦ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠬᠠᠷᠠᠯᠲᠠ ᠶᠢᠨ ᠡᠭᠦᠷᠭᠡ ᠪᠣᠯ᠄ 90 ᠲᠦᠮᠡᠨ ᠲᠣᠨ ᠲᠡᠮᠦᠷ ᠬᠠᠶᠢᠯᠤᠭᠤᠯᠬᠤ᠂ 100 ᠲᠦᠮᠡᠨ ᠲᠣᠨ ᠪᠤᠯᠤᠳ ᠪᠣᠯᠪᠠᠰᠤᠷᠠᠭᠤᠯᠬᠤ᠂ 15 ᠲᠦᠮᠡᠨ ᠲᠣᠨ ᠬᠡᠦᠷᠡᠰᠦ᠂ 40 ᠲᠦᠮᠡᠨ ᠲᠣᠨ ᠲᠡᠮᠤᠷ ᠤᠨ ᠬᠠᠶᠢᠯᠤᠰᠢ᠂ 5 ᠲᠦᠮᠡᠨ ᠲᠣᠨ ᠬᠠᠷ᠎ᠠ ᠲᠤᠭᠤᠯᠭ᠎ᠠ ᠬᠠᠶᠢᠯᠤᠭᠤᠯᠬᠤ᠂ 120 ᠲᠦᠮᠡᠨ ᠲᠣᠨ ᠱᠦᠢᠨᠢ᠂ 40 ᠲᠦᠮᠡᠨ ᠺᠢᠯᠣᠸᠤᠯᠲ/ᠠᠮᠫᠧᠷ ᠎ ᠤᠨ ᠲᠤᠭᠤᠯᠭᠠᠨ ᠬᠡᠯᠬᠢᠶᠡᠲᠦ ᠴᠠᠬᠢᠯᠭᠠᠨ ᠵᠠᠢ ︵ᠲᠤᠶᠢᠯᠲᠤ ᠬᠠᠪᠲᠠᠰᠤ︶᠃ ᠬᠢᠨᠠᠨ ᠰᠢᠯᠭᠠᠬᠤ ᠦᠶ᠎ᠡ ᠪᠣᠯᠲᠠᠯ᠎ᠠ᠂ ᠥᠪᠥᠷ ᠮᠣᠩᠭᠤᠯ ᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠪᠠ ᠦᠯᠡᠭᠦᠳᠡᠵᠦ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢ᠄ 110 ᠲᠦᠮᠡᠨ ᠲᠣᠨ ᠲᠡᠮᠦᠷ ᠬᠠᠶᠢᠯᠤᠭᠤᠯᠬᠤ᠂ 110 ᠲᠦᠮᠡᠨ ᠲᠣᠨ ᠪᠤᠯᠤᠳ ᠪᠣᠯᠪᠠᠰᠤᠷᠠᠭᠤᠯᠬᠤ᠂ 50.23 ᠲᠦᠮᠡᠨ ᠲᠣᠨ ᠲᠡᠮᠤᠷ ᠤᠨ ᠬᠠᠶᠢᠯᠤᠰᠢ᠂ 5 ᠲᠦᠮᠡᠨ ᠲᠣᠨ ᠴᠠᠬᠢᠯᠠᠭᠤᠷ ᠴᠢᠯᠠᠭᠤ᠂ 7 ᠲᠦᠮᠡᠨ ᠲᠣᠨ ᠬᠠᠷ᠎ᠠ ᠲᠤᠭᠤᠯᠭ᠎ᠠ ᠬᠠᠶᠢᠯᠤᠭᠤᠯᠬᠤ᠂ 144 ᠲᠦᠮᠡᠨ ᠲᠣᠨ ᠱᠦᠢᠨᠢ᠂ 68 ᠲᠦᠮᠡᠨ ᠺᠢᠯᠣᠸᠤᠯᠲ/ᠠᠮᠫᠧᠷ ᠤᠨ ᠲᠤᠭᠤᠯᠭᠠᠨ ᠬᠡᠯᠬᠢᠶᠡᠲᠦ ᠴᠠᠬᠢᠯᠭᠠᠨ ᠵᠠᠢ ︵ᠲᠤᠶᠢᠯᠲᠤ ᠬᠠᠪᠲᠠᠰᠤ︶᠎ ᠶᠢ ᠰᠢᠭᠰᠢᠭᠳᠡᠭᠦᠯᠪᠡ᠃      ᠴᠠᠬᠢᠯᠭᠠᠨ ᠬᠦᠴᠦᠨ ᠤ ᠠᠵᠢᠯ ᠲᠥᠷᠥᠯ ᠳᠤ᠂ 2015 ᠣᠨ ᠳᠤ᠂ ᠤᠯᠤᠰ ᠠᠴᠠ ᠪᠠᠭᠤᠯᠭᠠᠭᠰᠠᠨ ᠥᠪᠥᠷ ᠮᠣᠩᠭᠤᠯ ᠤᠨ ᠵᠢᠵᠢᠭ ᠢᠯᠴᠢ ᠶᠢᠨ ᠴᠠᠬᠢᠯᠭᠠᠨ ᠢ ᠬᠠᠭᠠᠵᠤ ᠵᠣᠭᠰᠣᠭᠠᠬᠤ ᠬᠠᠷᠠᠯᠲᠠ ᠶᠢᠨ ᠡᠭᠦᠷᠭᠡ ᠨᠢ 9.1 ᠲᠦᠮᠡᠨ ᠺᠢᠯᠣᠸᠠᠲ᠂ ᠬᠠᠭᠠᠵᠤ ᠵᠣᠭᠰᠣᠭᠠᠬᠤ ᠶᠢ ᠪᠣᠳᠠᠲᠠᠶ ᠪᠡᠶᠡᠯᠡᠭᠦᠯᠦᠭᠰᠡᠨ ᠬᠡᠮᠵᠢᠶ᠎ᠡ ᠨᠢ 24.1 ᠲᠦᠮᠡᠨ ᠺᠢᠯᠣᠸᠠᠲ᠂ 8 ᠲᠥᠷᠥᠯ ᠵᠦᠢᠯ ᠬᠤᠯᠪᠣᠭᠳᠠᠪᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ᠪᠡᠶ᠎ᠡ ᠪᠠᠨ ᠱᠠᠭᠠᠷᠳᠠᠵᠤ᠂ ᠵᠢᠵᠢᠭ ᠬᠢᠮᠢ ᠶᠢᠨ ᠠᠵᠤ ᠦᠢᠯᠡᠳᠪᠦᠷᠢ ᠶᠢᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ 2 ᠲᠦᠮᠡᠨ ᠲᠣᠨ᠂ 3000 ᠲᠦᠮᠡᠨ ᠲᠣᠭᠤᠰᠬ᠎ᠠ ᠬᠢᠬᠦ ᠶᠢ ᠰᠢᠭᠰᠢᠭᠳᠡᠭᠦᠯᠪᠡ᠃      ᠬᠢᠨᠠᠨ ᠰᠢᠯᠭᠠᠬᠤ ᠠᠵᠢᠯ ᠤᠨ ᠳᠤᠭᠤᠶᠢᠯᠠᠩ ᠥᠪᠥᠷ ᠮᠣᠩᠭᠤᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠤᠭᠤᠲᠤ ᠬᠤᠳᠠ᠂ ᠦᠬᠠᠶ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ᠂ 8 ᠠᠵᠤ ᠠᠬᠤᠶᠢᠯᠠᠯ ᠤᠨ ᠠᠬᠤᠢ ᠲᠠᠯᠠᠪᠠᠢ ᠶᠢ ᠪᠠᠶᠢᠴᠠᠭᠠᠨ ᠦᠵᠡᠭᠡᠳ ᠳᠤᠷᠠᠳᠤᠭᠰᠠᠨ᠂ ᠬᠢᠨᠠᠨ ᠰᠢᠯᠭᠠᠭᠰᠠᠨ ᠰᠠᠨᠠᠯ ᠭᠡᠪᠡᠯ᠄ ᠥᠪᠥᠷ ᠮᠣᠩᠭᠤᠯ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠨᠢ ᠡᠷᠴᠢᠮᠲᠡᠢ᠂ ᠠᠷᠭ᠎ᠠ ᠬᠡᠮᠵᠢᠶ᠎ᠡ ᠨᠢ ᠵᠦᠢ ᠵᠣᠬᠢᠰᠲᠠᠶ ᠪᠦᠲᠦᠮᠵᠢᠲᠡᠶ᠂ 2015 ᠣᠨ ᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠳᠠᠪᠠᠭᠤᠯᠤᠨ ᠪᠡᠶᠡᠯᠡᠭᠦᠯᠪᠡ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号