ᠥᠪᠡᠷᠲᠡᠭᠡᠨ ᠵᠠᠰᠠᠬᠤ ᠣᠷᠣᠨ ᠤ ︽7.5︾᠎ ᠶᠢᠨ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠲᠥᠯᠥᠪᠵᠢᠭᠦᠯᠭᠡ ᠶᠢ ᠲᠤᠭᠤᠷᠪᠢᠨ ᠪᠢᠴᠢᠬᠦ ᠠᠵᠢᠯ ᠢ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/5/13
     ︽ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠠᠷᠠᠳ ᠢᠷᠭᠡᠨ ᠤ ᠳᠤᠮᠳᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠷᠨᠢᠭᠦᠯᠬᠦ ᠲᠤᠬᠠᠶ ᠳᠣᠯᠣᠳᠤᠭᠠᠷ ᠲᠠᠪᠤᠨ ᠵᠢᠯ ᠤᠨ ᠲᠥᠯᠥᠪᠵᠢᠭᠦᠯᠭᠡ ︵2016-2020 ᠤᠨ︶︾ ᠪᠠ ︽ᠲᠦᠷᠦ ᠶᠢᠨ ᠠᠵᠢᠯᠲᠠᠨ ᠤ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠳᠦᠷᠢᠮ ᠢ ᠪᠦᠷᠢᠨᠰᠢᠭᠦᠯᠬᠦ ᠲᠤᠬᠠᠶ ᠰᠠᠨᠠᠯ︾᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠶ ᠳᠤᠭᠤᠶᠢᠯᠠᠩ ᠤᠨ ᠠᠯᠪᠠᠨ ᠭᠡᠷ ︽7.5︾᠎ ᠶᠢᠨ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠲᠥᠯᠥᠪᠵᠢᠭᠦᠯᠭᠡ ᠶᠢ ᠲᠤᠭᠤᠷᠪᠢᠨ ᠪᠢᠴᠢᠬᠦ ᠠᠵᠢᠯ ᠤᠨ ᠲᠤᠬᠠᠶ ᠰᠤᠲᠤᠯᠤᠨ ᠶᠠᠷᠢᠯᠴᠠᠬᠤ ᠬᠤᠷᠠᠯ ᠬᠢᠪᠡ᠃ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠳᠠᠷᠤᠭ᠎ᠠ᠂ ︽7.5︾᠎ ᠶᠢᠨ ᠬᠠᠤᠯᠢ  ᠲᠦᠭᠡᠮᠡᠯᠵᠢᠭᠦᠯᠬᠦ ᠲᠦᠯᠦᠪᠵᠢᠭᠦᠯᠭᠡ ᠶᠢ ᠲᠤᠭᠤᠷᠪᠢᠨ ᠪᠢᠴᠢᠬᠦ ᠳᠤᠭᠤᠶᠢᠯᠠᠩ ᠤᠨ ᠳᠡᠳ᠋ ᠳᠠᠷᠤᠭ᠎ᠠ ᠵᠠᠩ ᠳ᠋ᠧ ᠴᠧᠩ ᠬᠤᠷᠠᠯ ᠳᠤ ᠣᠷᠣᠯᠴᠠᠪᠠ᠃      ᠳᠡᠳ᠋ ᠲᠢᠩᠬᠢᠮ ᠤᠨ ᠳᠠᠷᠤᠭ᠎ᠠ ᠵᠠᠩ ᠳ᠋ᠧ ᠴᠧᠩ ︽7.5︾᠎ ᠶᠢᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠷᠪᠢᠨ ᠪᠢᠴᠢᠬᠦ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠨᠢᠭᠡ ᠳᠤ ᠲᠥᠪ ᠬᠤᠷᠢᠶᠠᠨ ᠤ ᠱᠠᠭᠠᠷᠳᠠᠯᠭ᠎ᠠ ᠪᠣᠯᠤᠨ ᠵᠣᠷᠢᠭ ᠰᠠᠨᠠᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠬᠤᠶᠠᠷ ᠲᠤ ᠭᠠᠵᠠᠷ ᠣᠷᠣᠨ ᠤ ᠣᠨᠴᠠᠯᠢᠭ ᠢ ᠢᠯᠡᠷᠡᠭᠦᠯᠬᠦ᠂ ᠢᠯᠠᠩᠭᠤᠶ᠎ᠠ ᠦᠨᠳᠦᠰᠦᠲᠡᠨ ᠤ ᠭᠠᠵᠠᠷ ᠣᠷᠣᠨ ᠤ ᠤᠨᠴᠠᠯᠢᠭ ᠢ ᠢᠯᠡᠷᠡᠭᠦᠯᠬᠦ ᠬᠡᠷᠡᠭᠲᠡᠢ︔ ᠭᠤᠷᠪᠠ ᠳᠤ ᠤᠯᠠᠮᠵᠢᠯᠠᠯ ᠲᠠᠢ ᠪᠠᠶᠢᠬᠤ ᠲᠤᠬᠠᠶᠢᠯᠠᠪᠠᠯ ᠮᠠᠨ ᠤ ᠤᠷᠤᠨ ᠤ 30 ᠵᠢᠯ ᠲᠤᠷᠰᠢ ᠬᠠᠤᠯᠢ ᠲᠦᠭᠡᠮᠡᠯᠵᠢᠭᠦᠯᠬᠦ ᠠᠵᠢᠯ ᠤᠨ ᠲᠤᠷᠰᠢᠯᠭ᠎ᠠ ᠪᠠ ᠠᠷᠭ᠎ᠠ ᠶᠢ ᠲᠤᠰᠬᠠᠬᠤ ᠬᠡᠷᠡᠭᠲᠡᠶ︔ ᠲᠦᠷᠪᠡ ᠳᠤ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠬᠦ ᠬᠡᠷᠡᠭᠲᠡᠢ︔ ᠲᠠᠪᠤ ᠳᠤ ᠴᠢᠩᠭ᠎ᠠ ᠬᠢᠵᠠᠭᠠᠷᠯᠠᠬᠤ ᠲᠣᠭᠲᠠᠴᠠ ᠲᠠᠢ ᠪᠠᠶᠢᠵᠤ᠂ ᠡᠷᠬᠡ ᠰᠦᠷᠲᠦ ᠴᠢᠨᠠᠷ ᠢ ᠢᠯᠡᠷᠡᠭᠦᠯᠬᠦ ᠬᠡᠷᠡᠭᠲᠡᠢ ᠭᠡᠪᠡ᠃      ᠡᠯ᠎ᠡ ᠠᠶᠢᠮᠠᠭ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠢᠨ ᠤᠬᠠᠭᠤᠯᠭ᠎ᠠ ᠶᠢ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ ᠪᠣᠯᠤᠨ ᠬᠠᠤᠯᠢ ᠲᠦᠷᠢᠮ ᠤᠬᠠᠭᠤᠯᠭ᠎ᠠ ᠶᠢᠨ ᠰᠠᠯᠠᠭᠠᠨ ᠳᠠᠷᠤᠭ᠎ᠠ︔ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠂ ᠮᠥᠩᠭᠦᠨ ᠭᠦᠢᠯᠭᠡᠭᠡᠨ ᠤ ᠠᠯᠪᠠᠨ ᠭᠡᠷ ᠤᠨ ᠬᠠᠤᠯᠢ ᠶᠢᠨ ᠤᠬᠠᠭᠤᠯᠭ᠎ᠠ ᠶᠢᠨ ᠠᠵᠢᠯ ᠤᠨ ᠬᠠᠷᠢᠭᠤᠴᠠᠯᠭᠠᠲᠠᠨ︔ ᠥᠪᠡᠷᠲᠡᠭᠡᠨ ᠵᠠᠰᠠᠬᠤ ᠣᠷᠣᠨ ᠤ ︽7.5︾᠎ ᠶᠢᠨ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠲᠥᠯᠥᠪᠵᠢᠭᠦᠯᠭᠡ ᠶᠢ ᠲᠤᠭᠤᠷᠪᠢᠨ ᠪᠢᠴᠢᠬᠦ ᠳᠤᠭᠤᠶᠢᠯᠠᠩ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号