ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠬᠰᠠᠨ ︽ᠵᠡᠬᠦᠨ | ᠬᠤᠶᠢᠳᠤ ᠶᠢᠨ ᠭᠠᠵᠠᠷ ᠤᠷᠤᠨ ᠵᠡᠷᠭᠡ ᠬᠠᠭᠤᠴᠢᠨ ᠠᠵᠦ ᠦᠢᠯᠡᠳᠪᠦᠷᠢ ᠶᠢᠨ ᠰᠠᠭᠤᠷᠢᠨ ᠢ ᠪᠦᠬᠦ ᠲᠠᠯ᠎ᠠ ᠪᠠᠷ | ᠬᠦᠭᠵᠢᠬᠦᠯᠦᠨ ᠮᠠᠨᠳᠤᠭᠤᠯᠬᠤ ᠲᠤᠬᠠᠢ ᠰᠠᠨᠠᠯ ᠤᠳ︾ ᠨᠢ ᠵᠡᠬᠦᠨ ᠬᠤᠶᠢᠳᠤ ᠶᠢᠨ ᠭᠠᠵᠠᠷ ᠤᠷᠤᠨ ᠤ ᠰᠢᠨ᠎ᠠ ᠨᠢᠬᠡᠨ | ᠡᠬᠡᠯᠵᠢ ᠶᠢᠨ ᠬᠦᠭᠵᠢᠯᠳᠡ ᠮᠠᠨᠳᠤᠯᠳᠠ ᠶᠢᠨ ᠰᠢᠨ᠎ᠠ ᠠᠶᠠᠨ ᠤ ᠭᠠᠷᠤᠭ᠎ᠠ ᠪᠤᠯᠤᠬᠰᠠᠨ ᠶᠤᠮ᠃ ︽ᠰᠠᠨᠠᠯ ᠤᠳ︾ ᠪᠤᠯ | ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠵᠤ | ᠵᠠᠰᠠᠬ ᠢ ᠡᠷᠬᠢᠯᠡᠬᠦ ᠰᠢᠨ᠎ᠠ ᠣᠨᠣᠯᠵᠢᠬᠤᠨ᠂ ᠰᠢᠨ᠎ᠠ ᠰᠡᠳᠬᠢᠴᠡ᠂ ᠰᠢᠨ᠎ᠠ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠦ᠂ ᠶᠡᠷᠦᠩᠬᠡᠢ ᠱᠦᠵᠢ ᠶᠢᠨ ᠵᠡᠬᠦᠨ ᠬᠤᠶᠢᠳᠤ ᠶᠢᠨ ᠭᠠᠵᠠᠷ ᠤᠷᠤᠨ ᠢ ᠪᠦᠬᠦ ᠲᠠᠯ᠎ᠠ ᠪᠠᠷ | ᠬᠦᠭᠵᠢᠬᠦᠯᠦᠨ ᠮᠠᠨᠳᠤᠭᠤᠯᠬᠤ ᠲᠤᠬᠠᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠬᠡᠢ | ᠲᠤᠤᠱᠯᠠᠭᠤᠯᠵᠦ᠂ ᠤᠳᠤᠬᠠᠨ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠵᠡᠬᠦᠨ ᠬᠤᠶᠢᠳᠤ ᠶᠢᠨ ᠭᠠᠵᠠᠷ ᠤᠷᠤᠨ | ᠵᠡᠷᠭᠡ ᠬᠠᠭᠤᠴᠢᠨ ᠠᠵᠦ ᠦᠢᠯᠡᠳᠪᠦᠷᠢ ᠶᠢᠨ ᠰᠠᠭᠤᠷᠢᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠡᠷᠦᠩᠬᠡᠢ | ᠰᠡᠳᠬᠢᠴᠡ᠂ ᠬᠦᠭᠵᠢᠯᠳᠡ ᠶᠢᠨ ᠬᠠᠷᠠᠯᠳᠠ᠂ ᠭᠤᠤᠯ ᠡᠬᠦᠷᠬᠡ ᠪᠠ ᠴᠢᠬᠤᠯᠠ ᠠᠷᠭ᠎ᠠ ᠠᠪᠴᠠᠯ ᠢ ᠴᠢᠨᠠᠬᠰᠢᠳᠠ | ᠲᠤᠳᠤᠷᠬᠠᠢᠢᠯᠠᠵᠦ᠂ ᠰᠢᠨ᠎ᠠ ᠪᠠᠶᠢᠳᠠᠯ ᠲᠤᠤᠷᠠᠬᠢ ᠵᠡᠬᠦᠨ ᠬᠤᠶᠢᠳᠤ ᠤᠷᠤᠨ ᠤ ᠪᠦᠬᠦ ᠲᠠᠯ᠎ᠠ ᠶᠢᠨ ᠬᠦᠭᠵᠢᠯᠳᠡ | ᠮᠠᠨᠳᠤᠯᠳᠠ ᠶᠢ ᠬᠦᠲᠦᠯᠦᠨ ᠲᠠᠭᠠᠭᠤᠯᠬᠤ ᠪᠡ ᠠᠬᠢᠭᠤᠯᠬᠤ ᠬᠦᠲᠦᠯᠪᠦᠷᠢ ᠶᠢᠨ ᠴᠢᠨᠠᠷᠳᠠᠢ ᠪᠢᠴᠢᠭ | ᠮᠠᠲ᠋ᠧᠷᠢᠶᠠᠯ ᠮᠦᠨ᠃ | 2007 ᠣᠨ ᠳᠤ᠂ ᠲᠦᠪ ᠠᠴᠠ ᠦᠪᠦᠷ ᠮᠤᠩᠭᠤᠯ ᠤᠨ ᠵᠡᠬᠦᠨ ᠪᠡᠶ᠎ᠠ ᠶᠢᠨ ᠬᠦᠯᠦᠨ ᠪᠤᠶᠢᠷ᠂ ᠬᠢᠩᠭᠠᠨ᠂ | ᠲᠦᠩᠯᠢᠶᠤᠤ᠂ ᠤᠯᠠᠭᠠᠨᠬᠠᠳᠠ᠂ ᠰᠢᠯᠢ ᠶᠢᠨ ᠭᠤᠤᠯ ᠵᠡᠷᠬᠡ ᠲᠠᠪᠤᠨ ᠠᠶᠢᠮᠠᠬ ᠬᠤᠳᠠ ᠶᠢ ᠵᠡᠬᠦᠨ ᠬᠤᠶᠢᠳᠤ ᠤᠷᠤᠨ ᠢ | ᠬᠦᠭᠵᠢᠬᠦᠯᠦᠨ ᠮᠠᠨᠳᠤᠭᠤᠯᠬᠤ ᠬᠡᠪᠴᠢᠶᠡᠨ ᠳᠤ ᠤᠷᠤᠭᠤᠯᠤᠬᠰᠠᠨ ᠨᠢ ᠦᠪᠦᠷ ᠮᠤᠩᠭᠤᠯ ᠤᠨ ᠵᠡᠬᠦᠨ ᠪᠡᠶ᠎ᠠ ᠶᠢᠨ | ᠭᠠᠵᠠᠷ ᠤᠷᠤᠨ ᠤ ᠬᠦᠭᠵᠢᠯᠳᠡ ᠶᠢ ᠲᠦᠷᠬᠡᠳᠬᠡᠬᠦ ᠳᠤ ᠡᠷᠬᠢᠮ ᠨᠠᠨᠳᠢᠨ ᠠᠵᠠ ᠲᠤᠬᠢᠶᠠᠯ ᠬᠠᠩᠭᠠᠬᠰᠠᠨ ᠮᠦᠷᠲᠡᠭᠡᠨ | ᠪᠠᠰᠠ ᠪᠦᠬᠦ ᠤᠷᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠬᠦᠴᠦᠷᠬᠡᠭ ᠶᠡᠭᠡ ᠬᠦᠳᠡᠯᠬᠡᠬᠦ ᠬᠦᠴᠦᠨ | ᠤᠯᠭᠤᠬᠰᠠᠨ ᠪᠠᠶᠢᠨ᠎ᠠ᠃ ᠦᠪᠦᠷ ᠮᠤᠩᠭᠤᠯ ᠲᠦᠪ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠰ ᠪᠡᠶ᠎ᠠ ᠶᠢᠨ ᠬᠠᠷᠢᠴᠠᠩᠭᠤᠢ ᠲᠠᠪᠠᠭᠤᠯᠢᠭ ᠢᠶᠠᠨ | ᠪᠠᠳᠠᠷᠠᠭᠤᠯᠬᠤ ᠶᠢ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠪᠠ ᠤᠷᠤᠨ ᠪᠦᠰᠡ ᠶᠢᠨ ᠬᠦᠭᠵᠢᠯᠳᠡ ᠳᠤ | ᠦᠢᠯᠡᠴᠢᠯᠡᠬᠦ ᠪᠠᠶᠢᠯᠳᠤᠬᠤ ᠪᠤᠳᠤᠯᠭ᠎ᠠ ᠲᠠᠢ ᠤᠷᠭᠠᠨᠢᠬ ᠢᠶᠠᠷ ᠨᠢᠬᠡᠳᠬᠡᠵᠦ᠂ ᠠᠵᠦ ᠠᠬᠤᠢ ᠨᠡᠶᠢᠬᠡᠮ ᠤᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠦᠬᠦ ᠲᠠᠯ᠎ᠠ ᠪᠠᠷ ᠠᠬᠢᠭᠤᠯᠵᠦ᠂ ᠬᠢᠯᠢ ᠬᠢᠵᠠᠭᠠᠷ ᠤᠨ ᠦᠨᠳᠦᠰᠦᠳᠡᠨ ᠤ | ᠭᠠᠵᠠᠷ ᠤᠷᠤᠨ ᠤ ᠰᠢᠨᠵᠢᠯᠡᠬᠦ ᠤᠬᠠᠭᠠᠨᠴᠢ ᠪᠠᠷ ᠬᠦᠭᠵᠢᠭᠰᠡᠨ᠂ ᠤᠷᠤᠨ ᠢᠶᠠᠨ ᠬᠦᠴᠦᠷᠭᠡᠭᠵᠢᠬᠦᠯᠵᠦ ᠠᠷᠠᠳ ᠢ | ᠪᠠᠶᠠᠵᠢᠭᠤᠯᠤᠬᠰᠠᠨ ᠨᠢᠬᠡᠨ ᠰᠢᠨ᠎ᠠ ᠵᠠᠮ ᠢ ᠨᠡᠬᠡᠬᠡᠭᠰᠡᠨ ᠪᠠᠶᠢᠨ᠎ᠠ᠃ | ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠢᠳᠡ ᠶᠡᠷᠦᠩᠬᠡᠢ ᠱᠦᠵᠢ | ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠳᠤ ᠰᠢᠨᠵᠢᠯᠨᠨ ᠪᠠᠶᠢᠴᠠᠭᠠᠬᠤ ᠦᠶ᠎ᠠ ᠶᠢᠨ | ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠪᠠᠷ ᠵᠦᠭᠯᠡᠬᠦᠷ ᠪᠤᠯᠭᠠᠬᠤ ᠶᠢ ᠪᠠᠷᠢᠮᠳᠠᠯᠠᠵᠦ᠂ ᠴᠠᠬ ᠦᠶ᠎ᠠ ᠲᠠᠢ ᠵᠡᠷᠭᠡᠴᠡᠨ | ᠤᠷᠤᠬᠰᠢᠯᠠᠵᠤ ᠬᠦᠭᠵᠢᠯᠳᠡ ᠶᠢᠨ ᠰᠡᠳᠬᠢᠴᠡ ᠪᠠᠨ ᠡᠯᠪᠡᠭᠵᠢᠬᠦᠯᠦᠨ ᠲᠡᠬᠦᠯᠳᠡᠷᠵᠢᠬᠦᠯᠵᠦ᠂ ᠤᠳᠤᠬᠢᠴᠢᠯᠠᠬᠰᠠᠨ | ᠦᠪᠦᠷ ᠮᠤᠩᠭᠤᠯ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠦ᠂ ᠪᠦᠬᠦ ᠤᠷᠤᠨ ᠤ | ᠦᠬᠡᠷᠡᠴᠢᠯᠡᠯᠳᠡ ᠨᠡᠬᠡᠬᠡᠯᠳᠡ ᠪᠣᠯᠣᠨ ᠤᠳᠤᠭᠢᠴᠢᠯᠠᠯᠳᠠ ᠶᠢᠨ ᠪᠦᠲᠦᠬᠡᠨ ᠪᠠᠶᠢᠭᠤᠯᠤᠯᠳᠠ ᠰᠢᠨ᠎ᠠ ᠭᠠᠷᠤᠭ᠎ᠠ ᠲᠡᠭᠡᠷ᠎ᠠ | ᠵᠤᠬᠰᠤᠬᠰᠠᠨ ᠶᠤᠮ᠃ ᠭᠤᠷᠪᠠᠨ ᠵᠢᠯ ᠤᠨ ᠲᠤᠷᠰᠢ᠂ ᠶᠡᠷᠦᠩᠬᠡᠶᠢᠯᠡᠭᠰᠡᠨ ᠠᠵᠦ ᠠᠬᠤᠢ ᠶᠢᠨ ᠪᠤᠳᠠᠳᠤ ᠬᠦᠴᠦᠨ ᠨᠢᠬᠡ | ᠶᠡᠭᠡ ᠲᠡᠭᠳᠡᠷ ᠲᠤ ᠭᠠᠷᠴᠤ᠂ ᠤᠷᠤᠨ ᠨᠤᠲᠤᠬ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 1.59 ᠲᠦᠮᠡᠨ | ᠳ᠋ᠦᠩᠰᠢᠭᠤᠷ ᠲᠦᠬᠦᠷᠢᠭ ᠠᠴᠠ 1.8 ᠲᠦᠮᠡᠨ ᠳ᠋ᠦᠩᠰᠢᠭᠤᠷ ᠲᠦᠬᠦᠷᠢᠭ ᠪᠤᠯᠵᠦ ᠨᠡᠮᠡᠭᠳᠡᠬᠡᠳ ᠵᠢᠯ ᠲᠤᠮᠳᠠᠴᠢ ᠪᠠᠷ 8. | 2% ᠢᠶᠠᠷ ᠨᠡᠮᠡᠭᠳᠡᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ 1552.8 ᠳ᠋ᠦᠩᠰᠢᠭᠤᠷ | ᠲᠦᠬᠦᠷᠢᠭ ᠠᠴᠠ 1963.5 ᠳ᠋ᠦᠩᠰᠢᠭᠤᠷ ᠲᠦᠬᠦᠷᠢᠭ ᠪᠤᠯᠵᠦ ᠨᠡᠮᠡᠭᠳᠡᠬᠡᠳ ᠵᠢᠯ ᠲᠤᠮᠳᠠᠴᠢ ᠪᠠᠷ 8.1% ᠢᠶᠠᠷ | ᠨᠡᠮᠡᠭᠳᠡᠵᠤ᠂ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ | ᠤᠨ ᠲᠤᠮᠳᠠᠴᠢ ᠲᠦᠪᠰᠢᠨ ᠠᠴᠠ ᠲᠠᠪᠠᠵᠠᠢ᠃ ᠠᠵᠦ ᠦᠢᠯᠡᠰ ᠤᠨ ᠬᠦᠭᠵᠢᠯᠳᠡ ᠶᠢᠨ ᠲᠡᠰ ᠲᠠᠪᠬᠤᠷᠭ᠎ᠠ ᠨᠢᠬᠡ ᠶᠡᠭᠡ | ᠲᠡᠭᠳᠡᠷ ᠲᠤ ᠭᠠᠷᠴᠤ᠂ ᠠᠮᠤ ᠪᠤᠳᠠᠭ᠎ᠠ ᠶᠢᠨ ᠤᠨᠠᠯᠳᠠ 565.4 ᠳ᠋ᠦᠩᠰᠢᠭᠤᠷ ᠵᠢᠩ ᠳᠤ ᠬᠦᠷᠴᠦ᠂ ᠮᠠᠯ ᠤᠨ ᠲᠤᠭ᠎ᠠ | 1.36 ᠳ᠋ᠦᠩᠰᠢᠭᠤᠷ ᠲᠤ ᠬᠦᠷᠴᠦ᠂ ᠨᠡᠬᠦᠷᠡᠰᠦ ᠶᠢᠨ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠪᠠ | GDP ᠳᠠᠬᠢ ᠬᠠᠷᠢᠴᠠᠯ ᠲᠤᠰᠪᠤᠷᠢ 31%᠂ 15.4% ᠪᠠᠶᠢᠭᠰᠠᠨ ᠠᠴᠠ 23%᠂ 11% ᠪᠤᠯᠤᠨ | ᠪᠠᠭᠤᠷᠠᠵᠦ᠂ ᠲᠡᠭᠡᠳᠦ ᠰᠢᠨ᠎ᠠ ᠮᠡᠷᠬᠡᠵᠢᠯ᠂ ᠦᠩᠬᠡᠳᠦ ᠲᠡᠮᠦᠷᠯᠢᠭ᠂ ᠮᠠᠰᠢᠨ ᠲᠤᠨᠤᠬᠯᠠᠯ ᠦᠢᠯᠡᠳᠬᠦ ᠪᠠ ᠮᠠᠯ ᠤᠨ | ᠠᠰᠢᠬ ᠰᠢᠮ᠎ᠠ ᠲᠠᠷᠢᠶᠠᠯᠠᠩ ᠤᠨ ᠪᠦᠲᠦᠬᠡᠭᠳᠡᠬᠦᠨ ᠢ ᠡᠳ᠋ᠰᠢᠬᠦᠯᠦᠨ ᠪᠤᠯᠪᠠᠰᠤᠷᠠᠭᠤᠯᠬᠤ ᠠᠵᠦ ᠦᠢᠯᠡᠰ ᠤᠨ ᠠᠵᠤ | ᠠᠬᠤᠢ ᠳᠤ ᠦᠵᠡᠬᠦᠯᠦᠭᠰᠡᠨ ᠬᠤᠪᠢ ᠨᠡᠮᠡᠷᠢ ᠶᠢᠨ ᠨᠤᠷᠮ᠎ᠠ 33.4% ᠪᠠᠶᠢᠭᠰᠠᠨ ᠠᠴᠠ 49% ᠪᠤᠯᠵᠦ ᠨᠡᠮᠡᠭᠳᠡᠨ᠂ | ᠦᠢᠯᠡᠴᠢᠯᠡᠬᠡᠨ ᠤ ᠦᠢᠯᠡᠰ ᠤᠨ ᠡᠵᠡᠯᠡᠬᠦ ᠬᠠᠷᠢᠴᠠᠯ ᠨᠢ 34.4% ᠪᠠᠶᠢᠭᠰᠠᠨ ᠠᠴᠠ 40% ᠪᠤᠯᠵᠦ ᠨᠡᠮᠡᠭᠳᠡᠭᠰᠡᠨ | ᠪᠠᠶᠢᠨ᠎ᠠ᠃ ᠠᠷᠠᠳ ᠤᠨ ᠠᠮᠢᠳᠤᠷᠠᠯ ᠤᠨ ᠲᠦᠪᠰᠢᠨ ᠨᠢᠬᠡ ᠶᠡᠭᠡ ᠲᠡᠭᠳᠡᠷ ᠲᠤ ᠭᠠᠷᠴᠤ᠂ ᠭᠤᠷᠪᠠᠨ ᠵᠢᠯ ᠳᠤ ᠶᠠᠳᠠᠭᠤ | ᠬᠦᠴᠢᠷᠳᠡᠯ ᠲᠠᠢ ᠬᠦᠮᠦᠨ ᠠᠮᠠ ᠶᠢ 99 ᠲᠦᠮᠡ ᠪᠠᠭᠠᠰᠬᠠᠵᠦ᠂ ᠬᠤᠳᠠ ᠪᠠᠯᠭᠠᠰᠤ ᠶᠢᠨ 81 ᠲᠦᠮᠡᠨ ᠬᠦᠮᠦᠨ ᠳᠤ | ᠰᠢᠨ᠎ᠠ ᠪᠠᠷ ᠠᠵᠢᠯ ᠤᠯᠭᠤᠵᠦ᠂ ᠮᠠᠯᠵᠢᠬᠤ ᠲᠠᠷᠢᠶᠠᠯᠠᠬᠤ ᠤᠷᠤᠨ ᠤ 51.6 ᠲᠦᠮᠡᠨ ᠡᠷᠦᠬᠡ ᠶᠢᠨ ᠨᠤᠷᠠᠬᠤ | ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠬᠡᠵᠦ᠂ ᠪᠠᠲᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢ 71.7 | ᠲᠦᠮᠡᠨ ᠢᠵᠢ ᠪᠠᠷᠢᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ | ᠪᠤᠯᠬᠤ ᠤᠷᠤᠯᠭ᠎ᠠ 23150 ᠲᠦᠬᠦᠷᠢᠭ ᠪᠠ 7611 ᠲᠦᠬᠦᠷᠢᠭ ᠪᠠᠶᠢᠬᠰᠡᠨ ᠠᠴᠠ 30594 ᠲᠦᠬᠦᠷᠢᠭ ᠪᠠ | 10776 ᠲᠦᠬᠦᠷᠢᠭ ᠪᠤᠯᠵᠦ ᠨᠡᠮᠡᠭᠳᠡᠬᠡᠳ ᠵᠢᠯ ᠲᠤᠮᠳᠠᠴᠢ ᠪᠠᠷ 10.1% ᠪᠠ 11.6% ᠢᠶᠠᠷ ᠨᠡᠮᠡᠭᠳᠡᠭᠰᠡᠨ | ᠪᠠᠶᠢᠨ᠎ᠠ᠃ ᠬᠤᠳᠠ ᠬᠦᠳᠡᠭᠡ ᠶᠢᠨ ᠬᠦᠭᠵᠢᠯᠳᠡ ᠶᠢᠨ ᠲᠦᠷᠰᠦ ᠪᠠᠶᠢᠳᠠᠯ ᠨᠢᠬᠡ ᠶᠡᠭᠡ ᠲᠡᠭᠳᠡᠷ ᠲᠤ ᠭᠠᠷᠴᠤ᠂ | ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ 57.7% ᠪᠠᠶᠢᠬᠰᠡᠨ ᠠᠴᠠ | ᠲᠠᠬᠡᠭᠰᠢᠯᠡᠬᠡᠳ 60.3% ᠪᠤᠯᠵᠤ᠂ 84.4% ᠤᠨ ᠵᠠᠰᠠᠬ ᠵᠠᠬᠢᠷᠭᠠᠨ ᠤ ᠭᠠᠴᠠᠭ᠎ᠠ ᠲᠤᠰᠬᠤᠨ ᠨᠤᠷᠠᠬᠤ ᠠᠶᠤᠯᠳᠠᠢ | ᠬᠡᠷ ᠪᠠᠶᠢᠰᠢᠩ ᠢ ᠵᠠᠰᠠᠨ ᠰᠢᠨᠡᠳᠬᠡᠬᠦ᠂ ᠠᠮᠤᠷ ᠲᠦᠪᠰᠢᠨ ᠤᠰᠤ ᠤᠮᠳᠠ᠂ ᠵᠡᠬᠡᠯᠢ ᠭᠤᠳᠤᠮᠵᠢ ᠶᠢ ᠬᠠᠳᠠᠭᠤᠷᠠᠭᠤᠯᠬᠤ᠂ | ᠴᠠᠬᠢᠯᠭᠠᠨ ᠪᠠ ᠴᠢᠮᠡᠭᠡ ᠬᠤᠯᠪᠤᠭ᠎ᠠ ᠶᠢ ᠨᠡᠪᠲᠡᠷᠡᠬᠦᠯᠬᠦ ᠵᠡᠷᠭᠡ ︽ᠠᠷᠪᠠ ᠶᠢ ᠪᠦᠷᠢᠨ ᠪᠦᠷᠬᠦᠬᠦᠯᠬᠦ︾ ᠶᠢ ᠪᠡᠶᠡᠯᠡᠬᠦᠯᠵᠦ᠂ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪᠰᠢᠨ ᠶᠡᠬᠡᠪᠡᠷ ᠲᠡᠭᠡᠭᠰᠢᠯᠡᠭᠰᠡᠨ | ᠪᠠᠶᠢᠨ᠎ᠠ᠃ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠲᠦᠪᠰᠢᠨ ᠨᠢᠬᠡ ᠶᠡᠭᠡ ᠲᠡᠭᠳᠡᠷ ᠲᠤ ᠭᠠᠷᠴᠤ᠂ | ᠦᠪᠦᠷ ᠮᠤᠩᠭᠤᠯ ᠤᠨ ᠵᠡᠬᠦᠨ ᠪᠡᠶ᠎ᠠ ᠶᠢᠨ ᠭᠠᠵᠠᠷ ᠤᠷᠤᠨ ᠤ ᠬᠦᠭᠵᠢᠯᠳᠡ ᠶᠢᠨ ᠠᠯᠬᠤᠴᠠ ᠢᠯᠡᠳᠳᠡ | ᠲᠦᠷᠬᠡᠳᠤᠬᠡᠳ ᠨᠢᠳᠤᠨᠤᠨ ᠤᠷᠤᠨ ᠨᠤᠲᠤᠬ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠠ ᠡᠩ ᠤᠨ ᠤᠯᠠᠨ | ᠨᠡᠶᠢᠳᠡ ᠶᠢᠨ ᠲᠦᠰᠦᠪ ᠤᠨ ᠤᠷᠤᠯᠭ᠎ᠠ ᠨᠢ ᠲᠤᠰᠪᠤᠷᠢ ᠪᠦᠬᠦ ᠤᠷᠤᠨ ᠤ ᠲᠤᠮᠳᠠᠴᠢ ᠲᠦᠪᠰᠢᠨ ᠠᠴᠠ ᠵᠠᠭᠤᠨ ᠤ | ᠬᠠᠷᠢᠴᠠᠯ ᠢᠶᠠᠷ 0.3 ᠬᠤᠪᠢ ᠪᠠ 2.6 ᠬᠤᠪᠢ ᠲᠠᠪᠠᠵᠤ᠂ ᠬᠦᠬᠡᠬᠤᠳᠠ ᠪᠤᠭᠤᠳᠤ ᠵᠡᠷᠭᠡ ᠲᠠᠪᠠᠭᠤᠯᠢᠭ ᠭᠠᠵᠠᠷ | ᠤᠷᠤᠨ ᠤ ᠲᠠᠶᠢᠴᠢᠯᠠᠨ ᠲᠠᠭᠠᠭᠤᠯᠬᠤ ᠦᠢᠯᠡᠳᠦᠯ ᠴᠢᠨᠠᠬᠰᠢᠳᠠ ᠴᠢᠩᠭᠠᠷᠠᠵᠦ᠂ ᠬᠤᠪᠢᠰᠬᠠᠯ ᠤᠨ ᠡᠷᠳᠡ | ᠴᠢᠯᠦᠭᠡᠯᠡᠭᠳᠡᠭᠰᠡᠨ ᠤᠷᠤᠨ᠂ ᠴᠦᠬᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠤᠷᠤᠨ᠂ ᠬᠢᠯᠢ | ᠬᠢᠵᠠᠭᠠᠷ ᠤᠨ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠭᠵᠢᠯᠳᠡ ᠶᠢᠨ ᠲᠦᠪᠰᠢᠨ ᠦᠷᠬᠦᠯᠵᠢᠯᠨᠨ ᠲᠡᠭᠡᠭᠰᠢᠯᠡᠪᠡ᠃ | ᠬᠦᠭᠵᠢᠯᠳᠡ ᠶᠢᠨ ᠪᠠᠲᠤᠯᠠᠭ᠎ᠠ ᠶᠢᠨ ᠴᠢᠳᠠᠪᠤᠷᠢ ᠨᠢᠬᠡ ᠶᠡᠭᠡ ᠲᠡᠭᠳᠡᠷ ᠲᠤ ᠭᠠᠷᠴᠤ᠂ ᠲᠦᠷᠭᠡᠨ ᠤ ᠵᠠᠰᠠᠮᠠᠯ ᠵᠠᠮ ᠪᠠ | ᠨᠢᠬᠡᠳᠦᠬᠡᠷ ᠲᠡᠰ ᠤᠨ ᠵᠠᠰᠠᠮᠠᠯ ᠵᠠᠮ ᠤᠨ ᠤᠷᠳᠤ 7766 ᠺᠢᠯᠤᠮᠧᠲᠷ ᠪᠠᠶᠢᠬᠰᠡᠨ ᠠᠴᠠ 1.1 ᠲᠦᠮᠡᠨ ᠺᠢᠯᠤᠮᠧᠲᠷ | ᠪᠤᠯᠵᠦ ᠨᠡᠮᠡᠭᠳᠡᠨ᠂ ᠲᠡᠮᠦᠷ ᠵᠠᠮ ᠤᠨ ᠡᠵᠡᠩᠨᠡᠯᠳᠡ ᠶᠢᠨ ᠤᠷᠳᠤ 1.06 ᠲᠦᠮᠡᠨ ᠺᠢᠯᠤᠮᠧᠲᠷ ᠪᠠᠶᠢᠬᠰᠡᠨ ᠠᠴᠠ | ᠨᠡᠮᠡᠭᠳᠡᠬᠡᠳ 1.35 ᠲᠦᠮᠡᠨ ᠺᠢᠯᠤᠮᠧᠲᠷ ᠪᠤᠯᠵᠤ᠂ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ | 14 ᠪᠠᠶᠢᠬᠰᠡᠨ ᠠᠴᠠ 24 ᠪᠤᠯᠵᠦ ᠨᠡᠮᠡᠭᠳᠡᠨ᠂ ᠦᠪᠦᠷ ᠮᠤᠩᠭᠤᠯ ᠤᠨ ᠪᠠᠷᠠᠭᠤᠨ ᠪᠡᠶ᠎ᠠ ᠠᠴᠠ ᠲᠢᠶᠠᠨᠵᠢᠨ ᠬᠦᠷᠬᠦ᠂ | ᠰᠢᠯᠢ ᠶᠢᠨ ᠭᠤᠤᠯ ᠠᠶᠢᠮᠠᠬ ᠠᠴᠠ ᠵᠢᠶᠠᠩᠰᠤ ᠬᠦᠷᠬᠦ ᠵᠡᠷᠭᠡ 4 ᠵᠤᠷᠪᠤᠰ ᠤᠨᠴᠠ ᠦᠨᠳᠦᠷ ᠬᠦᠴᠦᠳᠡᠯᠳᠤ ᠴᠠᠬᠢᠯᠭᠠᠨ | ᠢ ᠭᠠᠳᠠᠬᠰᠢ ᠬᠦᠷᠬᠡᠬᠦ ᠱᠤᠭᠤᠮ ᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠵᠦ᠂ ᠬᠠᠳᠤᠨ ᠭᠤᠤᠯ ᠤᠨ ᠦᠶᠡᠷ ᠢ | ᠰᠡᠷᠭᠡᠶᠢᠯᠡᠬᠦ᠂ ᠬᠠᠶᠢᠷᠤᠪ ᠤᠨ ᠲᠤᠬᠤᠢ ᠶᠢᠨ ᠬᠦᠢᠰᠤ ᠪᠠᠷᠢᠯᠭ᠎ᠠ ᠵᠡᠷᠭᠡ 12 ᠴᠢᠬᠤᠯᠠ ᠶᠡᠭᠡ ᠤᠰᠤᠨ | ᠠᠰᠢᠬᠯᠠᠯᠳᠠ ᠶᠢᠨ ᠪᠠᠷᠢᠯᠭ᠎ᠠ ᠶᠢ ᠲᠦᠯᠦᠪᠵᠢᠬᠦᠯᠦᠨ ᠬᠡᠷᠡᠭᠵᠢᠬᠦᠯᠵᠦ᠂ ᠤᠢ ᠰᠢᠭᠤᠢ ᠶᠢᠨ ᠪᠦᠷᠬᠦᠪᠴᠢ ᠶᠢᠨ ᠨᠤᠷᠮ᠎ᠠ | 21% ᠳᠤ ᠬᠦᠷᠴᠦ᠂ ᠨᠤᠲᠤᠭ ᠪᠡᠯᠴᠢᠬᠡᠷ ᠤᠨ ᠲᠤᠮᠳᠠᠴᠢ ᠤᠷᠭᠤᠮᠠᠯ ᠤᠨ ᠪᠦᠷᠬᠦᠴᠡ 44% ᠳᠤ ᠬᠦᠷᠦᠭᠰᠡᠨ | ᠪᠠᠶᠢᠨ᠎ᠠ᠃ | ᠤᠳᠤᠬᠠᠨ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠤᠯ ᠵᠡᠭᠦᠨ ᠬᠤᠶᠢᠳᠤ ᠤᠷᠤᠨ ᠢ ᠪᠦᠬᠦ ᠲᠠᠯ᠎ᠠ ᠪᠠᠷ | ᠮᠠᠨᠳᠤᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠢᠳᠡ ᠨᠠᠮ ᠤᠨ ᠲᠦᠪ ᠬᠤᠷᠢᠶᠠᠨ ᠤ ᠰᠢᠢᠳᠪᠦᠷᠢᠳᠦ | ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠲᠤᠭᠤᠷᠢᠨ ᠳᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ | ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠰᠢᠨ᠎ᠠ ᠬᠦᠭᠵᠢᠯᠳᠡ ᠶᠢᠨ ᠣᠨᠣᠯᠵᠢᠬᠤᠨ ᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠦᠨᠡᠨᠬᠦ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠡᠯ᠎ᠠ ᠲᠦᠷᠦᠯ ᠤᠨ ᠠᠵᠢᠯ | ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠤᠯᠠᠮ ᠨᠢᠭᠡ ᠠᠯᠬᠤᠮ ᠡᠭᠦᠳᠦᠨ ᠨᠡᠭᠡᠭᠡᠨ᠎ᠠ᠃ ᠪᠠᠶᠢᠭᠤᠯᠤᠮᠵᠢ | ᠲᠤᠭᠳᠠᠴᠠ ᠶᠢ ᠲᠡᠭᠦᠯᠳᠡᠷᠵᠢᠭᠦᠯᠬᠦ ᠪᠠᠷ ᠡᠬᠢ ᠦᠨᠳᠦᠰᠦ ᠶᠢ ᠵᠠᠰᠠᠬᠤ ᠠᠷᠭ᠎ᠠ ᠪᠤᠳᠤᠯᠭ᠎ᠠ ᠪᠠᠨ ᠪᠤᠯᠭᠠᠬᠤ ᠶᠢ | ᠪᠠᠷᠢᠮᠳᠠᠯᠠᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠦᠷᠭᠡᠳᠭᠡᠵᠦ᠂ ᠵᠠᠬ᠎ᠠ | ᠲᠡᠯᠭᠡᠭᠦᠷ ᠲᠠᠢ ᠪᠦᠷᠢᠮᠦᠰᠦᠨ ᠵᠠᠯᠭᠠᠯᠳᠤᠭᠰᠠᠨ᠂ ᠲᠤᠳᠤᠭᠠᠳᠤ ᠶᠢᠨ ᠠᠮᠢᠵᠢᠷᠠᠯ ᠤᠨ ᠬᠦᠴᠦᠨ ᠪᠢᠯᠬᠠᠭᠰᠠᠨ ᠰᠢᠨ᠎ᠠ | ᠪᠠᠶᠢᠭᠤᠯᠤᠮᠵᠢ ᠰᠢᠨ᠎ᠠ ᠲᠤᠭᠳᠠᠴᠠ ᠶᠢ ᠲᠦᠷᠭᠡᠳᠭᠡᠨ ᠪᠦᠷᠢᠯᠳᠦᠭᠦᠯᠦᠨ᠎ᠠ᠃ ᠦᠪᠦᠷ ᠮᠤᠩᠭᠤᠯ ᠤᠨ ᠦᠩᠭᠡᠷᠡᠭᠰᠡᠨ ᠤ | ᠬᠦᠭᠵᠢᠯᠳᠡ ᠶᠢᠨ ᠠᠮᠵᠢᠯᠳᠠ ᠪᠦᠳᠦᠮᠵᠢ ᠦᠭᠡᠷᠡᠴᠢᠯᠡᠯᠳᠡ ᠨᠡᠭᠡᠭᠡᠯᠳᠡ ᠠᠴᠠ ᠢᠷᠡᠯᠳᠡ ᠲᠠᠢ᠂ ᠤᠳᠤᠬᠠᠨ ᠤ | ᠬᠦᠭᠵᠢᠯᠳᠡ ᠶᠢᠨ ᠲᠤᠮᠳᠠᠬᠢ ᠵᠦᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠢᠷᠡᠭᠡᠳᠦᠢ ᠶᠢᠨ ᠨᠡᠩ ᠶᠡᠭᠡ ᠰᠢᠨ᠎ᠠ | ᠬᠦᠭᠵᠢᠯᠳᠡ ᠶᠢ ᠪᠡᠶᠡᠯᠡᠭᠦᠯᠬᠦ ᠳᠤ ᠪᠠᠰᠠ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠨᠡᠭᠡᠭᠡᠯᠳᠡ ᠬᠢᠬᠦ ᠶᠢ | ᠦᠷᠭᠡᠳᠭᠡᠬᠦ ᠬᠡᠷᠡᠭᠳᠡᠢ᠃ ᠪᠢᠳᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ | ᠴᠢᠬᠤᠯᠠᠴᠢᠯᠠᠨ ᠠᠳᠬᠤᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ | ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠡᠯ᠎ᠠ ᠲᠦᠷᠦᠯ ᠤᠨ | ᠦᠭᠡᠷᠡᠴᠢᠯᠡᠯᠳᠡ ᠶᠢᠨ ᠡᠭᠦᠷᠭᠡ ᠶᠢ ᠨᠢᠭᠡᠳᠦᠯᠳᠡᠢ ᠲᠦᠯᠦᠪᠯᠡᠨ ᠠᠬᠢᠭᠤᠯᠵᠤ᠂ ︽ᠬᠠᠮᠢᠶ᠎ᠠ ᠪᠦᠬᠦᠢ ᠰᠠᠨᠠᠯ︾ ᠳᠤ | ᠲᠤᠭᠳᠠᠭᠰᠠᠨ ᠡᠯ᠎ᠠ ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠶᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ | ᠪᠠᠶᠢᠭᠤᠯᠤᠮᠵᠢ ᠲᠤᠭᠳᠠᠴᠠ ᠶᠢᠨ ᠬᠠᠷᠰᠢ ᠰᠠᠭᠠᠳ ᠢ ᠲᠠᠰᠤᠷᠠᠯᠳᠠ ᠦᠭᠡᠢ ᠡᠪᠳᠡᠵᠦ᠂ ᠬᠦᠭᠵᠢᠯᠳᠡ ᠶᠢᠨ ᠠᠮᠢᠵᠢᠷᠠᠯ | ᠤᠨ ᠬᠦᠴᠦᠨ ᠬᠦᠳᠡᠯᠭᠡᠬᠦ ᠬᠦᠴᠦᠨ ᠢ ᠴᠢᠩᠭᠠᠳᠬᠠᠨ᠎ᠠ᠃ | ᠦᠪᠦᠷ ᠮᠤᠩᠭᠤᠯ ︽ᠵᠡᠭᠦᠨ ᠬᠤᠶᠢᠳᠤ ᠤᠷᠤᠨ᠂ ᠤᠮᠠᠷᠠᠳᠤ ᠤᠷᠤᠨ᠂ ᠪᠠᠷᠠᠭᠤᠨ ᠬᠤᠶᠢᠳᠤ ᠤᠷᠤᠨ︾ ᠳᠤ | ᠪᠠᠶᠢᠷᠢᠯᠠᠵᠤ᠂ ᠭᠠᠳᠠᠭᠰᠢ ᠪᠠᠨ ᠤᠷᠤᠰ ᠮᠤᠩᠭᠤᠯ ᠲᠠᠢ ᠵᠠᠬ᠎ᠠ ᠨᠡᠶᠢᠯᠡᠵᠦ᠂ ᠬᠢᠯᠢ ᠲᠠᠭᠠᠦ ᠨᠡᠭᠡᠭᠡᠯᠳᠡ ᠬᠢᠬᠦ ᠶᠢ | ᠦᠷᠭᠡᠳᠭᠡᠬᠦ ᠤᠨᠴᠠᠭᠠᠢ ᠲᠠᠪᠠᠭᠤᠯᠢᠭ ᠲᠠᠢ᠃ ᠪᠢᠳᠡ ᠶᠡᠷᠦᠩᠬᠡᠢ ᠱᠦᠵᠢ ᠶᠢᠨ ᠦᠪᠦᠷ ᠮᠤᠩᠭᠤᠯ ᠢ ᠡᠭᠡ ᠤᠯᠤᠰ ᠤᠨ | ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠪᠤᠯᠭᠠᠨ ᠪᠦᠳᠦᠭᠡᠨ ᠪᠠᠶᠢᠭᠤᠯᠬᠤ ᠵᠢᠭᠠᠪᠤᠷᠢ ᠶᠢᠨ ᠱᠠᠭᠠᠷᠳᠠᠯᠭ᠎ᠠ | ᠶᠤᠰᠤᠭᠠᠷ᠂ ︽ᠨᠢᠭᠡ ᠪᠦᠰᠡ ᠨᠢᠭᠡ ᠵᠠᠮ︾ ᠤᠨ ᠪᠦᠳᠦᠬᠡᠨ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠲᠠᠢ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠤᠮᠠᠷᠡᠳᠤ ᠤᠷᠤᠨ ᠳᠤ ᠬᠠᠨᠳᠤᠭᠤᠯᠤᠭᠰᠠᠨ᠂ ᠲᠤᠳᠤᠷ᠎ᠠ | ᠭᠠᠵᠠᠷ ᠲᠤ ᠦᠢᠯᠡᠴᠢᠯᠡᠭᠰᠡᠨ ᠭᠠᠳᠠᠭᠰᠢ ᠨᠡᠭᠡᠭᠡᠯᠳᠡ ᠬᠢᠬᠦ ᠰᠢᠨ᠎ᠠ ᠪᠠᠶᠢᠷᠢᠰᠢᠯ ᠢ ᠴᠢᠷᠮᠠᠶᠢᠨ ᠪᠤᠢ ᠪᠤᠯᠭᠠᠨ᠎ᠠ᠃ | ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ ᠪᠠᠷ ᠭᠤᠤᠯ ᠰᠢᠪᠳᠤᠯᠤᠯᠳᠠ ᠶᠢᠨ ᠴᠢᠭᠯᠡᠯ ᠢᠶᠠᠨ ᠪᠤᠯᠭᠠᠬᠤ | ᠶᠢ ᠪᠠᠷᠢᠮᠳᠠᠯᠠᠵᠤ᠂ ︽ᠲᠠᠪᠤᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠶᠢ ᠶᠡᠬᠡᠪᠡᠷ ᠴᠢᠩᠭᠠᠳᠬᠠᠵᠤ᠂ | ᠤᠯᠠᠮᠵᠢᠯᠠᠯᠳᠤ ᠠᠵᠤ ᠦᠢᠯᠡᠰ ᠢ ᠰᠢᠨ᠎ᠠ ᠬᠡᠯᠪᠡᠷᠢᠵᠢᠭᠦᠯᠬᠦ᠂ ᠰᠢᠨ᠎ᠠ ᠪᠠᠷ ᠮᠠᠨᠳᠤᠭᠰᠠᠨ ᠠᠵᠤ ᠦᠢᠯᠡᠰ ᠢ | ᠬᠡᠪᠴᠢᠶᠡᠵᠢᠭᠦᠯᠬᠦ᠂ ᠲᠤᠯᠭᠠᠭᠤᠷᠢ ᠠᠵᠤ ᠦᠢᠯᠡᠰ ᠢ ᠤᠯᠠᠨ ᠡᠰᠢᠵᠢᠭᠦᠯᠬᠦ ᠬᠦᠭᠵᠢᠯᠳᠡ ᠶᠢᠨ ᠪᠠᠶᠢᠷᠢᠰᠢᠯ ᠢ | ᠢᠳᠡᠪᠭᠢᠳᠡᠢ ᠪᠤᠢ ᠪᠤᠯᠭᠠᠨ᠎ᠠ᠃ ᠤᠢᠢᠷ᠎ᠠ ᠶᠢᠨ ᠵᠢᠯ ᠤᠨ ᠲᠤᠷᠰᠢ᠂ ᠪᠢᠳᠡ ᠠᠵᠤ ᠠᠬᠤᠢ ᠶᠢᠨ ᠪᠦᠳᠦᠴᠡ ᠪᠠᠨ | ᠲᠤᠬᠢᠷᠠᠭᠤᠯᠤᠨ ᠰᠢᠯᠢᠳᠡᠭᠵᠢᠭᠦᠯᠬᠦ ᠲᠤᠭᠤᠷᠢᠨ ᠳᠤ ᠤᠯᠤᠰ ᠤᠨ ᠴᠡᠪᠡᠷ ᠡᠨᠧᠷᠬᠢ ᠭᠠᠷᠭᠠᠬᠤ ᠰᠠᠭᠤᠷᠢᠨ᠂ ᠤᠳᠤ | ᠦᠶ᠎ᠠ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠵᠢᠱᠢᠶ᠎ᠠ ᠦᠵᠡᠭᠦᠯᠬᠦ ᠰᠠᠭᠤᠷᠢᠨ᠂ | ᠦᠩᠭᠡᠳᠦ ᠲᠡᠮᠦᠷᠯᠢᠭ ᠪᠤᠯᠤᠨ ᠤᠳᠤ ᠦᠶ᠎ᠠ ᠶᠢᠨ ᠲᠤᠨᠤᠭᠯᠠᠯ ᠦᠢᠯᠡᠳᠬᠦ ᠵᠡᠷᠭᠡ ᠰᠢᠨ᠎ᠠ ᠬᠡᠯᠪᠡᠷᠢ ᠶᠢᠨ ᠠᠵᠤ ᠦᠢᠯᠡᠰ | ᠤᠨ ᠰᠠᠭᠤᠷᠢᠨ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠵᠦ | ᠡᠳ᠋ᠰᠢᠭᠦᠯᠦᠨ ᠭᠠᠳᠠᠬᠰᠢ ᠭᠠᠷᠭᠠᠬᠤ ᠰᠠᠭᠤᠷᠢᠨ᠂ ᠲᠠᠯ᠎ᠠ ᠨᠤᠳᠤᠭ ᠤᠨ ᠰᠤᠶᠤᠯ ᠢ ᠬᠠᠷᠠᠭᠤᠯᠤᠭᠰᠠᠨ᠂ ᠤᠮᠠᠷᠠᠳᠤ | ᠬᠢᠯᠢ ᠶᠢᠨ ᠤᠨᠴᠠᠯᠢᠭ ᠢ ᠦᠵᠡᠬᠦᠯᠦᠭᠰᠡᠨ ᠵᠤᠭᠠᠴᠠᠵᠤ ᠲᠤᠭᠤᠷᠢᠬᠤ ᠰᠡᠯᠡᠬᠦᠴᠡᠨ ᠠᠮᠠᠷᠠᠬᠤ ᠰᠠᠭᠤᠷᠢᠨ ᠢ ᠪᠦᠳᠦᠬᠡᠨ | ᠪᠠᠶᠢᠭᠤᠯᠬᠤ ᠠᠵᠤ ᠦᠢᠯᠡᠰ ᠤᠨ ᠪᠠᠶᠢᠷᠢ ᠲᠤᠭᠳᠠᠭᠠᠯᠳᠠ ᠶᠢ ᠲᠤᠭᠳᠠᠭᠠᠭᠠᠳ ᠪᠤᠢ᠃ ᠴᠢᠷᠮᠠᠶᠢᠯᠭ᠎ᠠ ᠪᠠᠷ ᠲᠠᠮᠵᠢᠨ ︽ | ᠲᠠᠪᠤᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠢᠯᠡᠳᠳᠡ ᠦᠷ᠎ᠠ ᠪᠦᠳᠦᠮᠵᠢ ᠤᠯᠵᠤ᠂ ᠪᠦᠬᠦ ᠤᠷᠤᠨ ᠤ | ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ ᠬᠡᠪᠴᠢᠶ᠎ᠠ ᠪᠦᠬᠦ ᠤᠯᠤᠰ ᠤᠨ ᠲᠡᠷᠢᠭᠦᠨ ᠳᠤ ᠵᠢᠭᠰᠠᠵᠤ᠂ | ᠤᠳᠤ ᠦᠶ᠎ᠠ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ᠂ ᠡᠭᠦᠯᠡᠨ | ᠪᠤᠳᠤᠯᠳᠠ ᠵᠡᠷᠭᠡ ᠠᠵᠤ ᠦᠢᠯᠡᠰ ᠤᠨ ᠬᠡᠪᠴᠢᠶ᠎ᠠ ᠪᠦᠬᠦ ᠤᠯᠤᠰ ᠤᠨ ᠡᠮᠦᠨᠡᠭᠦᠷ ᠵᠢᠭᠰᠠᠵᠤ᠂ ᠦᠩᠭᠡᠳᠦ ᠲᠡᠮᠦᠷᠯᠢᠭ᠂ | ᠮᠠᠰᠢᠨ ᠲᠤᠨᠤᠭᠯᠠᠯ ᠦᠢᠯᠡᠳᠬᠦ ᠵᠡᠷᠭᠡ ᠠᠵᠤ ᠦᠢᠯᠡᠰ ᠤᠨ ᠬᠢᠷᠢ ᠲᠦᠪᠰᠢᠨ ᠦᠷᠭᠦᠯᠵᠢᠯᠡᠨ ᠲᠡᠭᠡᠭᠰᠢᠯᠡᠵᠦ᠂ | ᠵᠤᠭᠠᠴᠠᠯ ᠤᠨ ᠦᠢᠯᠡᠰ ᠨᠢ ᠠᠵᠤ ᠠᠬᠤᠢ ᠶᠢᠨ ᠰᠢᠨ᠎ᠠ ᠨᠡᠮᠡᠭᠳᠡᠯ ᠴᠡᠭ ᠪᠤᠯᠤᠭᠰᠠᠨ ᠪᠠᠶᠢᠨ᠎ᠠ᠃ ᠪᠢᠳᠡ ᠦᠷᠭᠦᠯᠵᠢᠯᠡᠨ | ︽ᠲᠠᠪᠤᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠪᠠᠷ ᠪᠦᠳᠦᠴᠡ ᠶᠢᠨ ᠲᠤᠬᠢᠷᠠᠭᠤᠯᠤᠯᠳᠠ ᠪᠠ | ᠬᠡᠯᠪᠡᠷᠢ ᠶᠢᠨ ᠬᠤᠪᠢᠷᠠᠭᠤᠯᠤᠯᠳᠠ ᠶᠢᠨ ᠴᠢᠬᠤᠯᠠ ᠭᠠᠷᠤᠭ᠎ᠠ ᠪᠠᠨ ᠪᠤᠯᠭᠠᠵᠤ᠂ ︽ᠨᠡᠮᠡᠬᠦ ᠬᠠᠰᠤᠬᠤ ᠦᠷᠡᠵᠢᠭᠦᠯᠬᠦ | ᠬᠤᠪᠢᠶᠠᠬᠤ︾ ᠶᠢ ᠴᠤᠭᠭᠠᠷ ᠬᠢᠬᠦ ᠶᠢ ᠪᠠᠷᠢᠮᠳᠠᠯᠠᠵᠤ᠂ ᠤᠯᠠᠮᠵᠢᠯᠠᠯᠳᠤ ᠠᠵᠤ ᠦᠢᠯᠡᠰ ᠢ ᠶᠡᠬᠡᠪᠡᠷ ᠰᠢᠨᠡᠳᠭᠡᠨ ᠵᠠᠰᠠᠵᠤ | ᠲᠡᠭᠡᠭᠰᠢᠯᠡᠭᠦᠯᠦᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠢ | ᠢᠳᠡᠪᠬᠢᠳᠡᠢ ᠪᠤᠶᠢᠵᠢᠭᠤᠯᠵᠤ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠭᠦᠯᠵᠦ᠂ | ᠮᠡᠳᠡᠭᠡ ᠵᠠᠩᠭᠢᠵᠢᠯᠳᠠ ᠪᠠ ᠠᠵᠤ ᠦᠢᠯᠡᠳᠪᠦᠷᠢᠵᠢᠯᠳᠡ ᠶᠢ ᠭᠦᠡᠵᠡᠭᠡᠢ ᠠᠭᠤᠰᠤᠯᠴᠠᠭᠤᠯᠬᠤ ᠶᠢ ᠠᠬᠢᠭᠤᠯᠤᠨ᠂ ᠮᠠᠨ ᠤ | ᠤᠷᠤᠨ ᠤ ᠠᠵᠤ ᠦᠢᠯᠡᠰ ᠤᠨ ᠲᠤᠮᠳᠠ ᠲᠡᠭᠡᠳᠦ ᠲᠦᠪᠰᠢᠨ ᠳᠤ ᠠᠬᠢᠬᠤ ᠶᠢ ᠠᠬᠢᠭᠤᠯᠤᠨ᠎ᠠ᠃ | ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠢ ᠰᠠᠶᠢᠳᠤᠷ | ᠬᠢᠬᠦ ᠶᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠨ ᠠᠳᠬᠤᠵᠤ᠂ ᠮᠠᠯᠴᠢᠨ ᠲᠠᠷᠢᠶᠠᠴᠢᠨ ᠳᠤ ᠠᠰᠢᠭ | ᠬᠦᠷᠳᠡᠭᠡᠬᠦ ᠲᠦᠷᠦ ᠶᠢᠨ ᠪᠤᠳᠤᠯᠭ᠎ᠠ ᠶᠢᠨ ᠡᠷᠴᠢᠮ ᠢ ᠦᠨᠡᠨᠬᠦ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠢ | ᠴᠢᠷᠮᠠᠶᠢᠨ ᠬᠦᠴᠦᠷᠭᠡᠭᠵᠢᠭᠦᠯᠤᠨᠠ᠂ ᠮᠠᠯᠴᠢᠨ ᠲᠠᠷᠢᠶᠠᠴᠢᠨ ᠢ ᠪᠠᠶᠠᠵᠢᠭᠤᠯᠤᠨ᠎ᠠ᠂ ᠮᠠᠯᠵᠢᠬᠤ ᠲᠠᠷᠢᠶᠠᠯᠠᠬᠤ ᠤᠷᠤᠨ ᠢ | ᠭᠤᠶᠤᠵᠢᠭᠤᠯᠤᠨ᠎ᠠ᠃ ᠦᠪᠦᠷ ᠮᠤᠩᠭᠤᠯ ᠪᠤᠯ ᠮᠠᠯ ᠠᠵᠤ ᠠᠬᠤᠢ ᠲᠠᠷᠢᠶᠠᠯᠠᠩ ᠤᠨ ᠲᠤᠮᠤ ᠤᠷᠤᠨ᠂ ᠮᠦᠨᠴᠤ ᠪᠦᠬᠦ | ᠤᠯᠤᠰ ᠤᠨ ᠠᠮᠤ ᠪᠤᠳᠠᠭ᠎ᠠ ᠶᠢᠨ 13 ᠭᠤᠤᠯ ᠭᠠᠷᠤᠯᠳᠠ ᠶᠢᠨ ᠤᠷᠤᠨ ᠪᠤᠯᠤᠨ ᠠᠮᠤ ᠪᠤᠳᠠᠭ᠎ᠠ ᠶᠢ ᠭᠠᠳᠠᠭᠰᠢ | ᠭᠠᠷᠭᠠᠬᠤ 6 ᠮᠤᠵᠢ ᠤᠷᠤᠨ ᠤ ᠨᠢᠭᠡ ᠮᠦᠨ᠃ ᠦᠨᠢᠶᠡᠨ ᠰᠦ᠂ ᠬᠤᠨᠢᠨ ᠮᠢᠬ᠎ᠠ᠂ ᠬᠤᠨᠢᠨ ᠨᠤᠤᠰᠤ᠂ ᠢᠮᠠᠭᠠᠨ | ᠨᠤᠯᠤᠤᠷ ᠤᠨ ᠭᠠᠷᠤᠯᠳᠠ ᠴᠦᠮ ᠪᠦᠬᠦ ᠤᠯᠤᠰ ᠤᠨ ᠲᠦᠷᠦᠭᠦᠨ ᠳᠤ ᠵᠢᠭᠰᠠᠵᠤ ᠪᠤᠢ︔ ᠪᠦᠬᠦ ᠤᠷᠤᠨ ᠳᠤ 1000 | ᠲᠦᠮᠡ ᠭᠠᠷᠤᠢ ᠬᠦᠮᠦᠨ ᠮᠠᠯᠵᠢᠬᠤ ᠲᠠᠷᠢᠶᠠᠯᠠᠬᠤ ᠤᠷᠤᠨ ᠳᠤ ᠠᠮᠢᠳᠤᠷᠠᠵᠤ᠂ 580 ᠲᠦᠮᠡ ᠭᠠᠷᠤᠢ ᠬᠦᠮᠦᠨ | ᠰᠢᠭᠤᠳ ᠮᠠᠯ ᠠᠵᠤ ᠠᠬᠤᠢ ᠲᠠᠷᠢᠶᠠᠯᠠᠩ ᠢ ᠡᠷᠬᠢᠯᠡᠵᠦ ᠪᠠᠶᠢᠨ᠎ᠠ᠂ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ | ᠤᠷᠤᠨ᠂ ᠮᠠᠯᠴᠢᠨ ᠲᠠᠷᠢᠶᠠᠴᠢᠨ︾ ᠤ ᠠᠵᠢᠯ ᠶᠡᠷᠦ ᠠᠴᠠ ᠪᠦᠬᠦ ᠲᠠᠯ᠎ᠠ ᠶᠢᠨ ᠠᠵᠢᠯ ᠤᠨ ᠲᠤᠳᠤᠷ᠎ᠠ ᠴᠢᠬᠤᠯᠠ ᠪᠠᠶᠢᠷᠢ | ᠰᠠᠭᠤᠷᠢ ᠲᠠᠢ ᠶᠤᠮ᠃ ᠪᠢᠳᠡ ᠨᠠᠮ ᠤᠨ ᠮᠠᠯᠵᠢᠬᠤ ᠲᠠᠷᠢᠶᠠᠯᠠᠬᠤ ᠤᠷᠤᠨ ᠳᠠᠬᠢ ᠡᠯ᠎ᠠ ᠲᠦᠷᠦᠯ ᠤᠨ ᠴᠢᠭᠯᠡᠯᠳᠡ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯ ᠠᠵᠤ ᠠᠬᠤᠢ | ᠲᠠᠷᠢᠶᠠᠯᠠᠩ ᠤᠨ ᠤᠳᠤᠬᠢᠴᠢᠯᠠᠯᠳᠠ ᠪᠠᠷ ᠭᠤᠤᠯ ᠰᠢᠪᠳᠤᠯᠤᠯᠳᠠ ᠶᠢᠨ ᠴᠢᠭᠯᠡᠯ ᠪᠤᠯᠭᠠᠨ ᠠᠮᠤ ᠪᠤᠳᠠᠭᠠᠨ ᠤ | ᠦᠢᠯᠡᠳᠪᠦᠷᠢᠯᠡᠯ ᠢ ᠰᠠᠶᠢᠳᠤᠷ ᠠᠳᠬᠤᠬᠤ ᠶᠢ ᠡᠭᠦᠷᠢᠳᠡ ᠪᠠᠷᠢᠮᠳᠠᠯᠠᠵᠤ᠂ ᠤᠳᠤ ᠦᠶ᠎ᠠ ᠶᠢᠨ ᠮᠠᠯ ᠠᠵᠤ ᠠᠬᠤᠢ ᠶᠢ | ᠶᠡᠬᠡᠪᠡᠷ ᠬᠦᠭᠵᠢᠭᠦᠯᠦᠨ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ | ᠠᠬᠢᠭᠤᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠬᠢᠷᠢ ᠲᠦᠪᠰᠢᠨ ᠢ ᠲᠤᠭᠳᠠᠭᠤᠨ ᠢᠶᠠᠷ ᠲᠡᠭᠡᠭᠰᠢᠯᠡᠭᠦᠯᠵᠦ᠂ | ᠮᠠᠯᠵᠢᠬᠤ ᠲᠠᠷᠢᠶᠠᠯᠠᠬᠤ ᠤᠷᠤᠨ ᠴᠡᠴᠡᠭᠯᠡᠨ ᠬᠦᠭᠵᠢᠭᠰᠡᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠴᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠤᠯᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ | ᠤᠨ ᠪᠦᠳᠦᠭᠡᠭᠳᠡᠭᠦᠨ ᠤ ᠬᠠᠩᠭᠠᠯᠭ᠎ᠠ ᠶᠢ ᠪᠠᠳᠤᠯᠠᠬᠤ ᠳᠤ ᠢᠯᠡᠭᠦᠭᠡᠨ ᠬᠤᠪᠢ ᠨᠡᠮᠡᠷᠢ ᠦᠵᠡᠭᠦᠯᠦᠨ᠎ᠡ᠃ | ᠰᠢᠨ᠎ᠠ ᠶᠢ ᠡᠭᠦᠳᠭᠦ ᠪᠠ ᠦᠢᠯᠡᠰ ᠪᠤᠰᠬᠠᠬᠤ ᠶᠢ ᠠᠬᠢᠭᠤᠯᠬᠤ ᠪᠠᠷ ᠬᠦᠴᠦᠷᠭᠡᠭ ᠶᠡᠭᠡ ᠬᠦᠳᠡᠯᠭᠡᠭᠦ | ᠬᠦᠴᠤᠨ ᠢᠶᠠᠨ ᠪᠤᠯᠭᠠᠬᠤ ᠶᠢ ᠪᠠᠷᠢᠮᠳᠠᠯᠠᠵᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠭᠰᠠᠨ ᠬᠦᠭᠵᠢᠯᠳᠡ ᠶᠢᠨ | ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ᠂ ᠰᠢᠨ᠎ᠠ ᠶᠢ ᠡᠭᠦᠳᠭᠦ ᠪᠠᠷ ᠭᠤᠤᠯ ᠪᠤᠯᠭᠠᠭᠰᠠᠨ ᠬᠦᠳᠦᠯᠦᠨ | ᠳᠠᠭᠠᠭᠤᠯᠬᠤ ᠪᠠ ᠳᠤᠯᠭᠠᠭᠤᠷᠢᠯᠠᠬᠤ ᠠᠵᠤ ᠠᠬᠤᠢ ᠶᠢᠨ ᠰᠢᠰᠲ᠋ᠧᠮ ᠪᠤᠯᠤᠨ ᠬᠦᠭᠵᠢᠯᠳᠡ ᠶᠢᠨ ᠵᠠᠭᠪᠤᠷ ᠢ ᠲᠦᠷᠭᠡᠨ | ᠪᠦᠷᠢᠯᠳᠦᠭᠦᠯᠦᠨ᠎ᠠ᠃ ᠰᠢᠨ᠎ᠠ ᠶᠢ ᠡᠭᠦᠳᠭᠦ ᠶᠢ ᠠᠳᠬᠤᠵᠤ ᠪᠠᠶᠢᠬᠤ ᠨᠢ ᠬᠦᠭᠵᠢᠯᠳᠡ ᠶᠢ ᠠᠳᠬᠤᠵᠤ ᠪᠠᠶᠢᠬᠤ ᠲᠠᠢ | ᠠᠳᠠᠯᠢᠬᠠᠨ᠂ ᠰᠢᠨ᠎ᠠ ᠶᠢ ᠡᠭᠦᠳᠭᠦ ᠶᠢ ᠪᠤᠳᠤᠯᠭᠢᠯᠠᠵᠤ ᠪᠠᠶᠢᠬᠤ ᠨᠢ ᠢᠷᠡᠭᠡᠳᠦᠢ ᠪᠠᠨ ᠪᠤᠳᠤᠯᠭᠢᠯᠠᠵᠤ ᠪᠠᠶᠢᠬᠤ ᠲᠠᠢ | ᠠᠳᠠᠯᠢᠬᠠᠨ ᠶᠤᠮ᠃ ᠪᠢᠳᠡ ᠰᠢᠨ᠎ᠠ ᠶᠢ ᠡᠭᠦᠳᠭᠦ ᠬᠦᠭᠵᠢᠯᠳᠡ ᠶᠢᠨ ᠣᠨᠣᠯᠵᠢᠬᠤᠨ ᠢ ᠪᠠᠳᠤ ᠪᠠᠬᠢ ᠪᠤᠢ ᠪᠤᠯᠭᠠᠵᠤ᠂ | ᠰᠢᠨ᠎ᠠ ᠶᠢ ᠡᠭᠦᠳᠭᠦ ᠶᠢ ᠵᠤᠷᠢᠭᠵᠢᠭᠤᠯᠤᠨ ᠳᠡᠮᠵᠢᠭᠦ ᠶᠢ ᠨᠡᠩ ᠳᠤᠪᠤᠶᠢᠮ᠎ᠠ ᠪᠠᠶᠢᠷᠢᠨ ᠳᠤ ᠳᠠᠯᠪᠢᠵᠤ᠂ ᠤᠯᠠᠨ ᠢᠶᠠᠷ | ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠲᠦᠷᠢᠮ ᠤᠨ ᠤᠷᠴᠢᠨ ᠳᠤᠭᠤᠷᠢᠨ ᠢ | ᠲᠦᠷᠭᠡᠳᠭᠡᠨ ᠪᠠᠶᠢᠭᠤᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ᠂ ᠠᠵᠤ ᠦᠢᠯᠡᠰ ᠤᠨ | ᠰᠢᠨ᠎ᠠ ᠶᠢ ᠡᠭᠦᠳᠭᠦ᠂ ᠠᠵᠤ ᠠᠬᠤᠢᠢᠯᠠᠯ ᠤᠨ ᠰᠢᠨ᠎ᠠ ᠶᠢ ᠡᠭᠦᠳᠭᠦ᠂ ᠵᠠᠬ᠎ᠠ ᠳᠡᠯᠭᠡᠭᠦᠷ ᠤᠨ ᠰᠢᠨ᠎ᠠ ᠶᠢ ᠡᠭᠦᠳᠭᠦ᠂ | ᠪᠦᠳᠦᠭᠡᠭᠳᠡᠭᠦᠨ ᠤ ᠰᠢᠨ᠎ᠠ ᠶᠢ ᠡᠭᠦᠳᠭᠦ᠂ ᠡᠵᠡᠩᠨᠡᠯᠳᠡ ᠶᠢᠨ ᠬᠡᠯᠪᠡᠷᠢ ᠶᠢᠨ ᠰᠢᠨ᠎ᠠ ᠶᠢ ᠡᠭᠦᠳᠭᠦ᠂ ᠬᠠᠮᠢᠶᠠᠷᠤᠯᠳᠠ ᠶᠢᠨ | ᠰᠢᠨ᠎ᠠ ᠶᠢ ᠡᠭᠦᠳᠭᠦ ᠶᠢ ᠳᠠᠰᠤᠷᠠᠯᠳᠠ ᠦᠭᠡᠢ ᠠᠬᠢᠭᠤᠯᠵᠤ᠂ ᠰᠢᠨ᠎ᠠ ᠶᠢ ᠡᠭᠦᠳᠭᠦ ᠶᠢ ᠳᠤᠳᠤᠭᠠᠳᠤ ᠬᠦᠭᠵᠢᠯᠳᠡ ᠶᠢᠨ | ᠬᠦᠳᠡᠯᠭᠡᠭᠦ ᠬᠦᠴᠤᠨ ᠤ ᠭᠤᠤᠯ ᠪᠦᠷᠢᠯᠳᠦᠯ ᠴᠢᠬ ᠢᠶᠠᠨ ᠪᠤᠯᠭᠠᠨ᠎ᠠ᠃ ᠰᠢᠨᠵᠢᠯᠡᠭᠦ ᠤᠬᠠᠭᠠᠨ ᠮᠡᠷᠭᠡᠵᠢᠯ ᠤᠨ | ᠰᠢᠨ᠎ᠠ ᠶᠢ ᠡᠭᠦᠳᠭᠦ ᠶᠢ ᠠᠵᠦ ᠦᠢᠯᠡᠰ ᠤᠨ ᠳᠡᠰ ᠳᠡᠪᠰᠢᠭᠦᠯᠬᠦ ᠲᠠᠢ ᠨᠢᠭᠳᠠ ᠤᠶᠠᠯᠳᠤᠭᠤᠯᠵᠤ᠂ ᠠᠵᠤ ᠦᠢᠯᠡᠰ ᠤᠨ | ᠬᠡᠯᠬᠢᠶᠡᠵᠢᠯ ᠤᠨ ᠲᠤᠭᠤᠷᠢᠨ ᠳᠤ ᠰᠢᠨ᠎ᠠ ᠶᠢ ᠡᠭᠦᠳᠭᠦ ᠬᠡᠯᠬᠢᠶᠡᠵᠢᠯ ᠢ ᠪᠠᠶᠢᠷᠢᠯᠡᠭᠤᠯᠤᠨ᠂ ᠰᠢᠨ᠎ᠠ ᠶᠢ ᠡᠭᠦᠳᠭᠦ | ᠬᠡᠯᠬᠢᠶᠡᠵᠢᠯ ᠤᠨ ᠲᠤᠭᠤᠷᠢᠨ ᠳᠤ ᠠᠵᠤ ᠦᠢᠯᠡᠰ ᠤᠨ ᠬᠡᠯᠬᠢᠶᠡᠵᠢᠯ ᠢᠶᠠᠨ ᠲᠡᠯᠡᠵᠤ᠂ ᠨᠡᠭᠦᠷᠡᠰᠦ ᠶᠢ ᠴᠡᠪᠡᠷᠰᠢᠭᠦᠯᠦᠨ | ᠦᠨᠳᠦᠷ ᠦᠷ᠎ᠠ ᠪᠦᠳᠦᠮᠵᠢ ᠲᠠᠢ ᠪᠠᠷ ᠠᠰᠢᠬᠯᠠᠬᠤ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠳᠡᠭᠡᠳᠦ ᠳᠡᠰ ᠤᠨ | ᠮᠠᠰᠢᠨ ᠳᠤᠨᠤᠭᠯᠠᠯ ᠦᠢᠯᠡᠳᠭᠦ᠂ ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ᠂ ᠪᠤᠬᠢᠷᠳᠤᠯ ᠦᠭᠡᠢ ᠮᠠᠯ ᠤᠨ ᠠᠰᠢᠭ | ᠰᠢᠮ᠎ᠠ ᠳᠠᠷᠢᠶᠠᠯᠠᠩ ᠤᠨ ᠪᠦᠳᠦᠭᠡᠭᠳᠡᠭᠦᠨ ᠢ ᠨᠡᠭᠡᠭᠡᠨ ᠬᠦᠭᠵᠢᠭᠦᠯᠬᠦ ᠵᠡᠷᠭᠡ ᠬᠦᠷᠢᠶ᠎ᠠ ᠴᠠᠷᠠᠭ᠎ᠠ ᠳᠤ ᠨᠢᠭᠡᠨ ᠪᠦᠯᠦᠭ | ᠴᠢᠬᠤᠯᠠ ᠶᠡᠭᠡ ᠰᠢᠨᠵᠢᠯᠡᠭᠦ ᠤᠬᠠᠭᠠᠨ ᠮᠡᠷᠭᠡᠵᠢᠯ ᠤᠨ ᠳᠤᠰᠬᠠᠢ ᠲᠦᠷᠦᠯ ᠵᠦᠢᠯ ᠢ ᠶᠠᠪᠤᠭᠤᠯᠬᠤ ᠶᠢ ᠲᠦᠷᠭᠡᠳᠭᠡᠵᠤ᠂ | ᠨᠢᠭᠡ ᠪᠦᠯᠦᠭ ᠰᠢᠪᠳᠤᠯᠤᠯᠳᠠ ᠶᠢᠨ ᠴᠢᠨᠠᠷᠳᠠᠢ ᠮᠡᠷᠭᠡᠵᠢᠯ ᠤᠨ ᠰᠢᠨ᠎ᠠ ᠶᠢ ᠡᠭᠦᠳᠦᠭᠰᠡᠨ ᠦᠷ᠎ᠠ ᠪᠦᠳᠦᠭᠡᠯ ᠢ | ᠪᠦᠷᠢᠯᠳᠦᠭᠦᠯᠵᠤ᠂ ᠰᠢᠨ᠎ᠠ ᠶᠢ ᠡᠭᠦᠳᠭᠦ ᠴᠢᠳᠠᠪᠤᠷᠢ ᠶᠢᠨ ᠪᠦᠭᠦ᠋ᠢᠯᠡ ᠴᠤᠭᠴᠠ ᠪᠠᠷ ᠳᠡᠭᠡᠭᠰᠢᠯᠡᠭᠦ ᠶᠢ ᠳᠠᠶᠢᠴᠢᠯᠠᠨ᠎ᠠ᠃ | ᠠᠮᠢ ᠠᠬᠤᠢ ᠤᠷᠴᠢᠨ ᠳᠤᠭᠤᠷᠢᠨ ᠪᠠ ᠨᠡᠶᠢᠭᠡᠮ ᠤᠨ ᠳᠤᠭᠳᠠᠭᠤᠨ ᠢ ᠬᠠᠮᠠᠭᠠᠯᠠᠬᠤ ᠪᠠᠷ ᠴᠢᠬᠤᠯᠠ | ᠪᠠᠳᠤᠯᠠᠭ᠎ᠠ ᠪᠠᠨ ᠪᠤᠯᠭᠠᠬᠤ ᠶᠢ ᠪᠠᠷᠢᠮᠳᠠᠯᠠᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ᠂ ᠠᠮᠤᠷ ᠠᠮᠤᠭᠤᠯᠠᠩ | ᠦᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠠᠨ ᠠᠬᠢᠭᠤᠯᠵᠤ᠂ ᠮᠠᠨ ᠤ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠭᠡ ᠤᠯᠤᠰ ᠤᠨ ᠤᠮᠠᠷᠠᠳᠤ ᠶᠢᠨ | ᠠᠮᠤᠷ ᠲᠦᠪᠰᠢᠨ ᠳᠤᠭᠳᠠᠭᠤᠨ ᠤ ᠬᠠᠯᠬᠠᠪᠴᠢ ᠶᠢ ᠪᠠᠬᠢᠵᠢᠭᠦᠯᠤᠨ᠎ᠠ᠃ ᠦᠪᠦᠷ ᠮᠤᠩᠭᠤᠯ ᠪᠤᠯ ᠮᠠᠨ ᠤ ᠤᠯᠤᠰ ᠤᠨ | ᠤᠮᠠᠷᠠᠳᠤ ᠤᠷᠤᠨ ᠳᠠᠬᠢ ᠨᠤᠳᠤᠭ ᠳᠡᠪᠢᠰᠭᠡᠷ ᠬᠠᠮᠤᠭ ᠠᠭᠤᠳᠠᠮ᠂ ᠲᠦᠷᠦᠯ ᠵᠦᠢᠯ ᠬᠠᠮᠤᠭ ᠪᠦᠷᠢᠨ ᠠᠮᠢ | ᠠᠬᠤᠢ ᠶᠢᠨ ᠴᠢᠳᠠᠪᠬᠢᠳᠤ ᠤᠷᠤᠨ ᠮᠦᠨ᠃ ᠮᠠᠨ ᠤ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠢ ᠰᠠᠶᠢᠳᠤᠷ | ᠬᠠᠮᠠᠭᠠᠯᠠᠵᠤ ᠪᠦᠳᠦᠭᠡᠨ ᠪᠠᠶᠢᠭᠤᠯᠬᠤ ᠪᠤᠯ ᠦᠪᠡᠷᠳᠡᠭᠡᠨ ᠵᠠᠰᠬᠠᠤ ᠤᠷᠤᠨ ᠤ ᠳᠤᠰ ᠪᠡᠶ᠎ᠠ ᠶᠢᠨ ᠬᠦᠭᠵᠢᠯᠳᠡ ᠶᠢᠨ | ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ᠂ ᠨᠡᠩ ᠴᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠱᠠᠭᠠᠷᠳᠠᠯᠭ᠎ᠠ ᠪᠤᠯᠤᠨ᠎ᠠ᠃ ᠪᠢᠳᠡ ᠪᠤᠬᠢᠷᠳᠤᠯ ᠦᠭᠡᠢ ᠬᠦᠭᠵᠢᠯᠳᠡ ᠶᠢᠨ ᠣᠨᠣᠯᠵᠢᠬᠤᠨ ᠢ ᠪᠠᠳᠤ | ᠱᠤᠭᠤᠵᠤ᠂ ᠠᠮᠢ ᠠᠬᠤᠢ ᠶᠢ ᠰᠡᠷᠭᠦᠭᠡᠭᠦ ᠪᠠ ᠤᠷᠴᠢᠨ ᠳᠤᠭᠤᠷᠢᠨ ᠢ ᠵᠠᠰᠠᠬᠤ ᠶᠢ ᠳᠤᠪᠤᠶᠢᠮ᠎ᠠ ᠠᠳᠬᠤᠵᠤ᠂ ᠡᠬᠢ | ᠪᠠᠶᠠᠯᠢᠭ ᠢ ᠠᠷᠪᠢᠯᠠᠬᠤ ᠪᠠ ᠡᠷᠬᠢᠯᠳᠡᠳᠦ ᠬᠦᠭᠵᠢᠯᠳᠡ ᠶᠢ ᠲᠦᠷᠭᠡᠳᠭᠡᠨ ᠠᠬᠢᠭᠤᠯᠵᠤ᠂ ᠠᠮᠢ ᠠᠬᠤᠢ ᠶᠢᠨ ᠪᠤᠯᠪᠠᠰᠤᠨ | ᠤ ᠲᠦᠷᠢᠮ ᠤᠨ ᠪᠠᠶᠢᠭᠤᠯᠤᠯᠳᠠ ᠪᠠ ᠰᠤᠶᠤᠯ ᠤᠨ ᠬᠦᠮᠦᠵᠢᠯ ᠢ ᠪᠦᠬᠦ ᠳᠠᠯ᠎ᠠ ᠪᠠᠷ ᠴᠢᠩᠭᠠᠳᠬᠠᠵᠤ᠂ ᠬᠦᠮᠦᠨ ᠬᠢᠭᠡᠳ | ᠪᠠᠶᠢᠭᠠᠯᠢ ᠡᠶ᠎ᠡ ᠵᠤᠬᠢᠴᠠᠩᠭᠤᠢ ᠪᠠᠷ ᠬᠦᠭᠵᠢᠭᠦ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠶᠢᠨ ᠰᠢᠨ᠎ᠠ ᠪᠠᠶᠢᠷᠢᠰᠢᠯ | ᠢ ᠴᠢᠷᠮᠠᠶᠢᠨ ᠪᠤᠢ ᠪᠤᠯᠭᠠᠵᠤ᠂ ᠦᠪᠦᠷ ᠮᠤᠩᠭᠤᠯ ᠤᠨ ᠢᠶᠠᠨ ᠠᠭᠤᠯᠠ ᠤᠰᠤ᠂ ᠠᠭᠠᠷ ᠳᠡᠭᠷᠢ ᠶᠢ ᠦᠨᠢ ᠡᠭᠦᠷᠢᠳᠠ | ᠨᠤᠮᠢᠨ ᠨᠤᠭᠤᠭᠠᠨ᠂ ᠴᠡᠪᠡᠷ ᠳᠤᠩᠭᠠᠯᠠᠭ ᠪᠠᠶᠢᠯᠭᠠᠨ᠎ᠠ᠃ ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ | ᠳᠤᠭᠳᠠᠭᠤᠨ ᠢ ᠪᠠᠳᠤᠯᠠᠬᠤ ᠪᠤᠯ ᠦᠪᠦᠷ ᠮᠤᠩᠭᠤᠯ ᠤᠨ ᠡᠷᠬᠡᠪᠰᠢ ᠰᠠᠶᠢᠳᠤᠷ ᠬᠦᠢᠴᠡᠳᠭᠡᠭᠦ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠬᠠᠷᠢᠭᠤᠴᠠᠯᠭ᠎ᠠ ᠮᠦᠨ᠃ ᠪᠢᠳᠡ ᠦᠨᠳᠦᠰᠦᠳᠡᠨ ᠤ ᠪᠦᠯᠬᠦᠮᠳᠡᠯ ᠤᠨ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠨᠡᠶᠢᠭᠡᠮ ᠤᠨ ᠳᠤᠭᠳᠠᠭᠤᠨ ᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ | ᠰᠠᠶᠢᠳᠤᠷ ᠬᠢᠵᠤ᠂ ᠮᠠᠨ ᠤ ᠤᠷᠤᠨ ᠤ ᠪᠦᠯᠭᠦᠮᠳᠡᠯ ᠡᠶ᠎ᠡ ᠵᠤᠬᠢᠴᠠᠩᠭᠤᠢ ᠳᠤᠭᠳᠠᠭᠤᠨ ᠤ ᠰᠠᠶᠢᠨ ᠰᠠᠶᠢᠬᠠᠨ ᠪᠠᠶᠢᠳᠠᠯ | ᠢ ᠦᠨᠢ ᠤᠳᠠᠭᠠᠨ ᠪᠠᠷᠢᠮᠳᠠᠯᠠᠨ᠎ᠠ᠃ | ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠦᠨᠳᠦᠰᠦᠨ ᠵᠤᠷᠢᠯᠭ᠎ᠠ ᠪᠠᠨ ᠪᠤᠯᠭᠠᠬᠤ ᠶᠢ | ᠪᠠᠷᠢᠮᠳᠠᠯᠠᠵᠤ᠂ ᠤᠯᠠᠨ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠠᠷᠠᠳ ᠲᠦᠮᠡᠨ ᠲᠠᠢ ᠰᠢᠭᠤᠳ | ᠬᠤᠯᠪᠤᠭᠳᠠᠵᠤ ᠪᠠᠶᠢᠭ᠎ᠠ ᠬᠠᠮᠤᠭ ᠪᠤᠳᠠᠳᠠᠢ ᠠᠰᠢᠭ ᠳᠤᠰᠠ ᠶᠢᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠤ᠂ | ᠦᠭᠡᠷᠡᠴᠢᠯᠡᠯᠳᠡ ᠬᠦᠭᠵᠢᠯᠳᠡ ᠶᠢᠨ ᠦᠷ᠎ᠠ ᠪᠦᠳᠦᠭᠡᠯ ᠢ ᠨᠡᠩ ᠰᠠᠶᠢᠨ ᠢᠶᠠᠷ ᠦᠨᠳᠦᠰᠦᠳᠡᠨ ᠨᠦᠬᠦᠳ ᠤᠨ ᠠᠷᠠᠳ | ᠲᠦᠮᠡᠨ ᠳᠤ ᠡᠳ᠋ᠯᠡᠭᠦᠯᠦᠨ᠎ᠠ᠃ ᠠᠷᠠᠳ ᠤᠯᠠᠨ ᠤ ᠦᠨᠡᠨ ᠪᠤᠳᠡᠳᠡᠢ ᠲᠦᠷᠦᠭᠳᠡᠯ ᠮᠡᠨ ᠤ ᠦᠭᠡᠷᠡᠴᠢᠯᠡᠯᠳᠡ | ᠬᠦᠭᠵᠢᠯᠳᠡ ᠶᠢᠨ ᠦᠷ᠎ᠠ ᠪᠦᠳᠦᠮᠵᠢ ᠶᠢ ᠰᠢᠯᠭᠠᠨ᠎ᠠ᠃ ᠤᠢᠢᠷ᠎ᠠ ᠶᠢᠨ ᠵᠢᠯ ᠳᠤ ᠦᠪᠦᠷ ᠮᠤᠩᠭᠤᠯ 70% ᠰᠢᠬᠠᠮ | ᠤᠨ ᠡᠳ᠋ ᠤᠨ ᠵᠠᠰᠠᠬ ᠤᠨ ᠬᠦᠴᠦᠨ ᠢ ᠲᠦᠪᠯᠡᠷᠡᠭᠦᠯᠤᠨ ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠳᠠ ᠳᠤ | ᠤᠷᠤᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠳ ᠢ ᠬᠡᠷᠡᠭᠵᠢᠭᠦᠯᠤᠨ ᠦᠨᠳᠦᠰᠦᠳᠡᠨ ᠨᠦᠬᠦᠳ ᠤᠨ | ᠤᠯᠠᠨ ᠲᠦᠮᠡᠨ ᠳᠤ ᠦᠨᠡᠨᠬᠦ ᠪᠤᠳᠠᠳᠠᠢ ᠠᠰᠢᠭ ᠬᠦᠷᠳᠡᠭᠡᠵᠠᠢ᠃ ᠬᠤᠶᠢᠰᠢᠳᠠ ᠶᠢᠨ ᠬᠦᠭᠵᠢᠯᠳᠡ ᠳᠤ᠂ ᠪᠢᠳᠡ ᠠᠷᠠᠳ | ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠵᠤ᠂ ᠮᠠᠯᠵᠢᠬᠤ | ᠳᠠᠷᠢᠶᠠᠯᠠᠬᠤ ᠤᠷᠤᠨ ᠤ ︽ᠠᠷᠪᠠ ᠶᠢ ᠪᠦᠷᠢᠨ ᠪᠦᠷᠭᠦᠭᠦᠯᠬᠦ︾ ᠬᠢᠭᠡᠳ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ᠂ ᠠᠵᠢᠯ ᠤᠯᠭᠤᠬᠤ ᠦᠢᠯᠡᠰ ᠪᠤᠰᠬᠠᠬᠤ᠂ ᠠᠷᠠᠳ ᠤᠯᠠᠨ ᠤ ᠠᠮᠤᠭᠤᠯᠠᠩ ᠤᠷᠤᠨ ᠰᠠᠭᠤᠴᠠ ᠵᠡᠷᠭᠡ | ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠷᠭᠦᠯᠵᠢᠯᠡᠨ ᠰᠠᠶᠢᠳᠤᠷ ᠠᠳᠬᠤᠵᠤ᠂ ᠤᠯᠠᠨ | ᠲᠦᠮᠡᠨ ᠤ ᠬᠠᠯᠠᠮᠵᠢᠯᠠᠵᠤ ᠪᠠᠶᠢᠭ᠎ᠠ ᠰᠤᠷᠭᠠᠨ ᠬᠦᠮᠦᠵᠢᠯ᠂ ᠠᠰᠢᠭ ᠤᠷᠤᠯᠭ᠎ᠠ᠂ ᠨᠡᠶᠢᠭᠡᠮ ᠤᠨ ᠪᠠᠳᠤᠯᠠᠪᠤᠷᠢ᠂ ᠡᠮ | ᠡᠮᠨᠡᠯᠭᠡ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠰᠠᠶᠢᠳᠤᠷ | ᠰᠢᠢᠳᠪᠦᠷᠢᠯᠡᠵᠤ᠂ ᠳᠤᠮᠳᠠ ᠳᠡᠭᠡᠳᠦ ᠲᠦᠪᠰᠢᠨ ᠤ ᠤᠯᠠᠨ ᠡᠰᠢᠯᠡᠭᠰᠡᠨ ᠨᠠᠰᠤᠳᠠᠨ ᠤ ᠠᠰᠠᠷᠠᠮᠵᠢ᠂ ᠡᠷᠡᠭᠦᠯ | ᠬᠠᠮᠠᠭᠠᠯᠠᠯ᠂ ᠰᠤᠶᠤᠯ ᠤᠷᠠᠯᠢᠭ ᠪᠡᠶ᠎ᠠ ᠶᠢᠨ ᠳᠠᠮᠢᠷ᠂ ᠰᠡᠯᠡᠭᠦᠴᠡᠯ ᠵᠡᠷᠭᠡ ᠦᠢᠯᠡᠴᠢᠯᠡᠭᠡ ᠬᠠᠩᠭᠠᠬᠤ ᠶᠢ ᠴᠢᠷᠮᠡᠶᠢᠨ | ᠨᠡᠮᠡᠭᠳᠡᠭᠦᠯᠵᠤ᠂ ᠦᠨᠳᠦᠰᠦᠳᠡᠨ ᠨᠦᠬᠦᠳ ᠤᠨ ᠤᠯᠠᠨ ᠲᠦᠮᠡᠨ ᠢᠶᠠᠨ ᠡᠳ᠋ ᠪᠤᠳᠠᠰ ᠠᠴᠠ ᠡᠬᠢᠯᠡᠨ ᠵᠤᠷᠢᠭ | ᠰᠠᠨᠠᠭᠠᠨ ᠳᠤᠨᠢ ᠬᠦᠷᠳᠡᠯ᠎ᠠ ᠨᠡᠩ ᠵᠢᠷᠭᠠᠯ ᠲᠠᠢ ᠠᠮᠢᠳᠤᠷᠠᠭᠤᠯᠤᠨ᠎ᠠ᠃ | ᠦᠪᠦᠷ ᠮᠤᠩᠭᠤᠯ ᠪᠤᠯ ᠵᠡᠭᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠴᠢᠬᠤᠯᠠ ᠪᠦᠷᠢᠯᠳᠦᠭᠦᠨ | ᠭᠡᠰᠡᠭ ᠮᠦᠨ᠂ ︽ᠰᠠᠨᠠᠯ ᠤᠳ︾ ᠢ ᠰᠠᠶᠢᠳᠤᠷ ᠨᠠᠶᠢᠳᠠᠪᠤᠷᠢᠵᠢᠭᠤᠯᠬᠤ ᠪᠤᠯ ᠤᠯᠤᠰ ᠲᠦᠷᠦ ᠶᠢᠨ ᠴᠢᠬᠤᠯᠠ ᠡᠭᠦᠷᠭᠡ | ᠪᠤᠯᠬᠤ ᠪᠠᠷ ᠪᠠᠷᠠᠬᠤ ᠦᠭᠡᠢ ᠬᠦᠭᠵᠢᠯᠳᠡ ᠶᠢᠨ ᠴᠢᠬᠤᠯᠠ ᠶᠡᠭᠡ ᠠᠵᠠ ᠳᠤᠬᠢᠶᠠᠯ ᠪᠤᠯᠤᠨ᠎ᠠ᠃ ᠪᠢᠳᠡ ᠤᠯᠤᠰ ᠲᠦᠷᠦ | ᠶᠢᠨ ᠤᠬᠠᠮᠰᠡᠷ᠂ ᠶᠡᠭᠡ ᠲᠠᠯ᠎ᠠ ᠶᠢᠨ ᠤᠬᠠᠮᠰᠡᠷ᠂ ᠭᠤᠤᠯᠯᠠᠬᠤ ᠤᠬᠠᠮᠰᠡᠷ᠂ ᠨᠢᠭᠡᠳᠤᠯᠳᠠᠢ ᠪᠠᠶᠢᠬᠤ ᠤᠬᠠᠮᠰᠡᠷ ᠢᠶᠠᠨ | ᠴᠢᠨᠠᠭᠰᠢᠳᠠ ᠴᠢᠩᠭᠠᠳᠬᠠᠵᠤ᠂ ᠰᠢ ᠶᠢᠨ ᠫᠢᠩ ᠨᠦᠭᠦᠷ ᠢᠶᠠᠷ ᠶᠡᠷᠦᠩᠭᠡᠢ ᠱᠦᠵᠢ ᠪᠤᠯᠭᠠᠭᠰᠠᠨ ᠨᠠᠮ ᠤᠨ ᠲᠦᠪ | ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠠᠵᠠ ᠳᠤᠬᠢᠶᠠᠯ ᠢ ᠠᠮᠵᠢᠨ ᠴᠦᠭᠦᠷᠡᠰᠢ ᠦᠭᠡᠢ | ᠴᠢᠷᠮᠠᠶᠢᠨ ᠤᠷᠤᠭᠰᠢᠯᠠᠵᠤ᠂ ᠪᠠᠶᠢᠷᠢ ᠲᠤᠭᠳᠠᠭᠠᠯᠳᠠ ᠪᠠᠨ ᠤᠯᠵᠤ᠂ ᠰᠠᠶᠢᠨ ᠳᠤᠷ᠎ᠠ ᠠᠴᠠ ᠪᠠᠨ ᠠᠵᠢᠯᠯᠠᠵᠤ᠂ | ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠯᠳᠠ ᠶᠢᠨ ᠪᠦᠳᠦᠭᠡᠨ | ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠳᠠᠰᠤᠷᠠᠯᠳᠠ ᠦᠭᠡᠢ ᠡᠭᠦᠳᠤᠨ᠂ ᠡᠭᠡ ᠤᠯᠤᠰ ᠤᠨ ᠤᠮᠠᠷᠠᠳᠤ ᠶᠢᠨ ᠡᠨᠡᠭᠦ | ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠨ ᠴᠤᠭᠴᠠᠯᠠᠨ᠎ᠠ᠃ | |