ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠪᠥᠬᠦ | ᠣᠷᠣᠨ ᠤ ᠲᠠᠪᠤ᠂ ᠵᠢᠷᠭᠤᠳᠤᠭᠠᠷ ᠡᠭᠡᠯᠵᠢ ᠶᠢᠨ ︽ᠢᠯᠠᠭ᠎ᠠ ᠴᠣᠬᠢᠬᠤ︾ ᠠᠵᠢᠯᠯᠠᠭ᠎ᠠ ᠶᠢ ᠨᠡᠶᠢᠲᠡᠯᠡᠨ ᠮᠡᠳᠡᠭᠡᠯᠡᠪᠡ᠃ | ᠲᠠᠪᠤᠳᠤᠭᠠᠷ ᠡᠭᠡᠯᠵᠢ ᠶᠢᠨ ︽ᠢᠯᠠᠭ᠎ᠠ ᠴᠣᠬᠢᠬᠤ︾ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠠᠶᠢᠮᠠᠭ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ | ᠨᠡᠶᠢᠲᠡ 71 ᠬᠤᠪᠢ ᠠᠰᠠᠭᠤᠳᠠᠯ ᠤᠨ ᠰᠦᠪᠡᠭᠴᠢ ᠶᠢ ᠲᠤᠰᠢᠶᠠᠨ ᠰᠢᠢᠳᠪᠦᠷᠢᠯᠡᠭᠦᠯᠵᠦ᠂ ᠨᠢᠭᠡᠨᠲᠡ ᠪᠦᠬᠦᠨ ᠢ | ᠰᠢᠢᠳᠪᠦᠷᠢᠯᠡᠵᠦ ᠳᠠᠭᠤᠰᠬᠠᠪᠠ᠃ ᠨᠡᠶᠢᠲᠡ 31 ᠬᠡᠷᠡᠭ ᠢ ᠬᠡᠷᠡᠭ ᠪᠣᠯᠭᠠᠨ ᠲᠠᠩᠰᠠᠯᠠᠵᠤ᠂ 41 ᠬᠥᠮᠦᠨ ᠳᠤ ᠨᠠᠮ | ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠦᠭᠴᠦ᠂ 3 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠲᠤᠰᠢᠶᠠᠵᠤ᠂ 6 ᠬᠥᠮᠦᠨ ᠢ ᠪᠣᠰᠤᠳ ᠠᠷᠭ᠎ᠠ ᠪᠠᠷ ᠰᠢᠢᠳᠪᠦᠷᠢᠯᠡᠨ᠂ ᠰᠠᠬᠢᠯᠭ᠎ᠠ ᠪᠠᠲᠤ ᠠᠴᠠ | ᠵᠥᠷᠢᠴᠡᠭᠰᠡᠨ ᠵᠣᠭᠤᠰ ᠢ 298.43 ᠲᠦᠮᠡᠨ ᠲᠥᠭᠦᠷᠢᠭ ᠬᠤᠷᠢᠶᠠᠨ ᠠᠪᠤᠭᠰᠠᠨ ᠪᠠᠶᠢᠨ᠎ᠠ᠃ ᠰᠢᠳᠬᠡᠯ | ᠣᠯᠣᠭᠰᠠᠳ ᠤᠨ ᠳᠣᠲᠣᠷ᠎ᠠ᠂ ᠰᠢᠶᠠᠨ ᠭᠠᠵᠠᠷ ᠤᠨ ᠳᠡᠰ ᠤᠨ 1 ᠺᠠᠳ᠋ᠷ᠂ ᠰᠢᠶᠠᠩ ᠰᠠᠯᠠᠭ᠎ᠠ ᠶᠢᠨ ᠳᠡᠰ ᠤᠨ 5 ᠺᠠᠳ᠋ᠷ | ᠪᠠᠶᠢᠪᠠ᠃ | ᠵᠢᠷᠭᠤᠳᠤᠭᠠᠷ ᠡᠭᠡᠯᠵᠢ ᠶᠢᠨ ︽ᠢᠯᠠᠭ᠎ᠠ ᠴᠣᠬᠢᠬᠤ︾ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠠᠶᠢᠮᠠᠭ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠳᠤ ᠨᠡᠶᠢᠲᠡ 81 ᠠᠰᠠᠭᠤᠳᠠᠯ ᠤᠨ ᠰᠦᠪᠡᠭᠴᠢ ᠶᠢ ᠲᠤᠰᠢᠶᠠᠨ ᠰᠢᠢᠳᠪᠦᠷᠢᠯᠡᠭᠦᠯᠵᠦ᠂ 78 ᠶᠢ ᠨᠢ | ᠨᠢᠭᠡᠨᠲᠡ ᠰᠢᠢᠳᠪᠦᠷᠢᠯᠡᠵᠦ ᠳᠠᠭᠤᠰᠬᠠᠨ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 96.3% ᠪᠣᠯᠤᠨ᠎ᠠ᠃ | ᠨᠢᠭᠡᠨᠲᠡ ᠬᠡᠷᠡᠭ ᠪᠣᠯᠭᠠᠨ ᠳᠠᠩᠰᠠᠯᠠᠭᠰᠠᠨ ᠨᠢ 35 ᠬᠡᠷᠡᠭ ᠪᠠᠶᠢᠵᠤ᠂ 43 ᠬᠥᠮᠦᠨ ᠳᠤ ᠨᠠᠮ ᠵᠠᠰᠠᠭ ᠤᠨ ᠰᠠᠬᠢᠯᠭ᠎ᠠ | ᠪᠠᠲᠤ ᠶᠢᠨ ᠰᠢᠳᠬᠡᠯ ᠣᠯᠭᠤᠨ᠂ 7 ᠬᠥᠮᠦᠨ ᠢ ᠪᠣᠰᠤᠳ ᠠᠷᠭ᠎ᠠ ᠪᠠᠷ ᠰᠢᠢᠳᠪᠦᠷᠢᠯᠡᠵᠦ᠂ ᠰᠠᠬᠢᠯᠭ᠎ᠠ ᠪᠠᠲᠤ ᠠᠴᠠ | ᠵᠥᠷᠢᠴᠡᠭᠰᠡᠨ ᠵᠣᠭᠤᠰ ᠢ 21.58 ᠲᠦᠮᠡᠨ ᠲᠥᠭᠦᠷᠢᠭ ᠬᠤᠷᠢᠶᠠᠨ ᠠᠪᠤᠭᠰᠠᠨ ᠪᠠᠶᠢᠨ᠎ᠠ᠃ ᠰᠢᠳᠬᠡᠯ | ᠣᠯᠣᠭᠰᠠᠳ ᠤᠨ ᠳᠣᠲᠣᠷ᠎ᠠ᠂ ᠰᠢᠶᠠᠨ ᠭᠠᠵᠠᠷ ᠤᠨ ᠳᠡᠰ ᠤᠨ 3 ᠺᠠᠳ᠋ᠷ᠂ ᠰᠢᠶᠠᠩ ᠰᠠᠯᠠᠭ᠎ᠠ ᠶᠢᠨ ᠳᠡᠰ ᠤᠨ 9 ᠺᠠᠳ᠋ᠷ | ᠪᠠᠶᠢᠪᠠ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠦᠷᠭᠦᠯᠵᠢᠯᠡᠨ ᠳᠠᠷᠤᠯᠲᠠ ᠨᠡᠮᠡᠵᠦ᠂ ︽ᠢᠯᠠᠭ᠎ᠠ ᠴᠣᠬᠢᠬᠤ︾ ᠲᠤᠰᠬᠠᠶ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠴᠢᠬᠤᠯᠠᠴᠢᠯᠠᠭᠰᠠᠨ ᠨᠢ᠂ | ᠣᠳᠣᠬᠠᠨ ᠤ ᠪᠠᠶᠢᠳᠠᠯ ᠳᠣᠣᠷ᠎ᠠ᠂ ︽ᠢᠯᠠᠭ᠎ᠠ ᠴᠣᠬᠢᠬᠤ︾ ᠠᠵᠢᠯᠯᠠᠭ᠎ᠠ ᠶᠢᠨ ᠡᠷᠴᠢᠮ ᠢ ᠴᠢᠩᠭᠠᠷᠠᠭᠤᠯᠬᠤ ᠠᠴᠠ | ᠪᠢᠰᠢ ᠰᠤᠯᠠᠷᠠᠭᠤᠯᠬᠤ ᠦᠭᠡᠢ ᠪᠠᠶᠢᠵᠤ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠳᠥᠷᠪᠡᠨ ᠰᠤᠷᠲᠠᠯ ᠪᠠ | ᠢᠯᠵᠠᠷᠠᠯ ᠤᠨ ᠠᠰᠠᠭᠤᠳᠠᠯ ᠢ ᠡᠷᠡᠰ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ︽ | ᠢᠯᠠᠭ᠎ᠠ ᠴᠣᠬᠢᠬᠤ︾ ᠠᠵᠢᠯᠯᠠᠭ᠎ᠠ ᠶᠢᠨ ᠶᠠᠰᠤ ᠴᠢᠨᠠᠷ ᠪᠠ ᠦᠷ᠎ᠡ ᠪᠦᠲᠦᠭᠡᠯ ᠢ ᠳᠡᠭᠡᠭᠰᠢᠯᠡᠭᠦᠯᠬᠦ ᠬᠡᠷᠡᠭᠲᠡᠶ ᠭᠡᠪᠡ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠵᠢᠭᠠᠵᠤ ᠭᠠᠷᠭᠠᠭᠰᠠᠨ ᠨᠢ᠂ | 2015 ᠣᠨ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠬᠢᠳᠠᠯ | ᠰᠤᠷᠪᠤᠯᠵᠢᠯᠠᠯ ᠤᠨ ᠭᠡᠷ ᠠᠴᠠ ᠬᠤᠶᠠᠷ᠂ ᠭᠤᠷᠪᠠᠳᠤᠭᠠᠷ ᠡᠭᠡᠯᠵᠢ ᠶᠢᠨ ︽ᠢᠯᠠᠭ᠎ᠠ ᠴᠣᠬᠢᠬᠤ︾ ᠠᠵᠢᠯᠯᠠᠭ᠎ᠠ ᠶᠢ | ᠰᠤᠭᠤᠴᠢᠨ ᠪᠠᠶᠢᠴᠠᠭᠠᠵᠤ ᠳᠠᠬᠢᠨ ᠬᠢᠨᠠᠪᠠ᠂ 6 ᠵᠦᠢᠯ ᠤᠨ ᠲᠤᠰᠬᠠᠭᠰᠠᠨ ᠠᠰᠠᠭᠤᠳᠠᠯ ᠤᠨ ᠰᠦᠪᠡᠭᠴᠢ ᠶᠢ | ᠰᠢᠢᠳᠪᠦᠷᠢᠯᠡᠬᠦ ᠶᠠᠪᠤᠴᠠ ᠳᠤᠮᠳᠠ ᠠᠯᠪᠠ ᠬᠠᠰᠢᠵᠤ ᠠᠮᠠ ᠪᠥᠭᠯᠡᠨ᠂ ᠦᠩᠭᠡᠨ ᠳᠡᠭᠡᠭᠦᠷ ᠨᠢ ᠬᠦᠪᠦᠵᠦ ᠦᠨᠡᠨ | ᠪᠣᠳᠠᠲᠠᠢ ᠳᠤ ᠭᠦᠨᠵᠡᠭᠡᠶᠢᠷᠡᠬᠦ ᠦᠭᠡᠢ᠂ ᠶᠡᠭᠡ ᠤᠴᠢᠷ ᠢ ᠪᠠᠭ᠎ᠠ ᠪᠣᠯᠭᠠᠨ ᠪᠠᠭ᠎ᠠ ᠤᠴᠢᠷ ᠢ ᠦᠭᠡᠶᠢᠰᠬᠡᠬᠦ᠂ ᠠᠭᠤᠵᠢᠭᠤ | ᠲᠠᠯᠪᠢᠨ ᠵᠥᠭᠡᠯᠡᠨ ᠰᠢᠢᠳᠪᠦᠷᠢᠯᠡᠵᠦ ᠪᠠᠶᠢᠬᠤ ᠵᠡᠷᠭᠡ ᠠᠰᠠᠭᠤᠳᠠᠯ ᠢ ᠢᠯᠡᠷᠡᠭᠦᠯᠵᠦ᠂ ᠡᠶᠢᠮᠦᠷᠬᠦ ᠠᠰᠠᠭᠤᠳᠠᠯ ᠪᠦᠬᠦᠨ ᠢ | ᠳᠠᠭᠠᠭᠠᠨ ᠰᠢᠢᠳᠪᠦᠷᠢᠯᠡᠭᠰᠡᠨ ᠨᠢᠭᠡᠴᠡ ᠳᠤ ᠨᠢ ᠪᠤᠴᠠᠭᠠᠯᠭᠠᠨ ᠳᠠᠬᠢᠨ ᠬᠢᠨᠠᠨ ᠪᠠᠶᠢᠴᠠᠯᠭᠠᠬᠤ ᠬᠡᠷᠡᠭᠲᠡᠶ᠃ ᠡᠭᠦᠨ ᠠᠴᠠ | ᠦᠭᠡᠷ᠎ᠠ 11 ᠵᠦᠢᠯ ᠤᠨ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠬᠠᠷᠢᠭᠤᠴᠠᠬᠤ ᠶᠣᠰᠤᠲᠠᠢ ᠬᠤᠯᠪᠣᠭᠳᠠᠯ | ᠪᠦᠬᠦᠢ ᠨᠢᠭᠡᠴᠡ ᠪᠠᠷ ᠨᠢ ᠨᠦᠬᠦᠨ ᠪᠠᠶᠢᠴᠠᠭᠠᠯᠭᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠡᠭᠦᠨ ᠢᠶᠠᠷ ᠴᠡᠭᠡᠷᠯᠡᠯ ᠪᠣᠯᠭᠠᠨ᠂ ᠴᠢᠩᠭ᠎ᠠ ᠨᠢᠮᠪᠠᠢ ᠬᠢᠨᠠᠨ ᠬᠠᠷᠭᠤᠭᠤᠯᠵᠤ᠂ ᠰᠤᠭᠤᠴᠢᠨ | ᠪᠠᠶᠢᠴᠠᠭᠠᠵᠤ ᠳᠠᠬᠢᠨ ᠬᠢᠨᠠᠬᠤ ᠵᠡᠷᠭᠡ ᠬᠡᠯᠪᠡᠷᠢ ᠪᠠᠷ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠬᠢᠨᠠᠯᠲᠠ | ᠲᠠᠯᠪᠢᠵᠤ᠂ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠳᠡᠭᠡᠷ᠎ᠡ ᠳᠤᠷᠠᠳᠤᠭᠰᠠᠨ ᠪᠠᠶᠢᠳᠠᠯ ᠡᠭᠦᠰᠬᠦ ᠶᠢ ᠪᠠᠭᠠᠰᠬᠠᠬᠤ ᠪᠠ ᠵᠠᠶᠢᠯᠠᠰᠬᠢᠬᠦ ᠬᠡᠷᠡᠭᠲᠡᠶ ᠭᠡᠪᠡ᠃ |