ᠪᠤᠭᠤᠲᠤ ᠬᠤᠲᠠ ᠶᠢᠨ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ13 | ᠲᠦᠮᠡᠨ ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠵᠦ ᠂ 11 ᠵᠠᠰᠠᠭ ᠵᠠᠬᠢᠷᠭᠠᠨ ᠤ ᠭᠠᠴᠠᠭ᠎ᠠ ᠪᠣᠯᠣᠨ 15 | ᠨᠡᠶᠢᠭᠡᠮ ᠲᠣᠭᠤᠷᠢᠭ ᠬᠤᠯᠪᠣᠭᠳᠠᠵᠤ᠂ 4.7 ᠲᠦᠮᠡᠨ ᠡᠷᠦᠬᠡ᠂ 12.4 ᠲᠦᠮᠡᠨ ᠰᠠᠭᠤᠭᠠᠯᠢ ᠠᠷᠠᠳ ᠲᠠᠢ ᠪᠠᠶᠢᠳᠠᠭ᠂ | ᠨᠡᠶᠢᠲᠡᠯᠢᠭ ᠪᠦᠬᠦᠢ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠪᠣᠯᠣᠨ᠎ᠠ᠃ 2013 ᠣᠨ ᠤ 3 | ᠳ᠋ᠤᠭᠠᠷ ᠰᠠᠷ᠎ᠠ ᠶᠢᠨ 5 ᠤ ᠡᠳᠦᠷ᠂ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ | ᠰᠢᠨᠡᠴᠢᠯᠡᠬᠦ ᠠᠵᠢᠯ ᠡᠬᠢᠯᠡᠵᠦ᠂ 2015 ᠣᠨ ᠤ 10 ᠳ᠋ᠤᠭᠠᠷ ᠰᠠᠷ᠎ᠠ ᠳᠤ ᠪᠦᠬᠦ ᠪᠠᠷᠢᠯᠭ᠎ᠠ ᠳᠠᠭᠤᠰᠴᠤ᠂ ᠰᠠᠭᠤᠭᠠᠯᠢ | ᠠᠷᠠᠳ ᠤᠳ ᠴᠦᠮ ᠰᠢᠨ᠎ᠡ ᠠᠰᠠᠷ ᠲᠤ ᠨᠡᠭᠦᠨ ᠣᠷᠣᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠷᠴᠢᠮ ᠤᠨ ᠨᠢᠭᠡ ᠬᠤᠪᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠠᠴᠠ ᠦᠵᠡᠪᠡᠯ᠂ 2015 ᠣᠨ ᠤ 10 ᠳ᠋ᠤᠭᠠᠷ ᠰᠠᠷ᠎ᠠ ᠶᠢᠨ | ᠡᠴᠦᠰ ᠪᠣᠯᠬᠤ ᠳᠤ᠂ ᠥᠪᠥᠷ ᠮᠣᠩᠭᠤᠯ ᠨᠡᠶᠢᠲᠡ 2157 ᠳ᠋ᠦᠩᠰᠢᠭᠤᠷ ᠲᠥᠭᠦᠷᠢᠭ ᠣᠷᠣᠭᠤᠯᠵᠤ᠂ | ᠲᠣᠭᠤᠷᠢᠭ ᠤᠨ132 ᠲᠦᠮᠡᠨ ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ | ᠰᠢᠨᠡᠴᠢᠯᠡᠵᠦ᠂ 500 ᠭᠠᠷᠤᠶ ᠲᠦᠮᠡᠨ ᠠᠷᠠᠳ ᠲᠤ ᠠᠰᠢᠭ ᠬᠥᠷᠲᠡᠪᠡ᠃ 2015 ᠣᠨ ᠳᠤ᠂ ᠤᠯᠤᠰ ᠠᠴᠠ | ᠪᠠᠭᠤᠯᠭᠠᠭᠰᠠᠨ19.9 ᠲᠦᠮᠡᠨ ᠢᠵᠢ ᠡᠯ᠎ᠡ ᠲᠥᠷᠥᠯ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠨ ᠰᠢᠨᠡᠴᠢᠯᠡᠬᠦ ᠡᠭᠦᠷᠭᠡ ᠶᠢᠨ ᠰᠠᠭᠤᠷᠢᠨ ᠳᠡᠭᠡᠷ᠎ᠡ᠂ ᠥᠪᠥᠷ ᠮᠣᠩᠭᠤᠯ 4.36 ᠢᠵᠢ ᠥᠭᠡᠷᠡᠴᠢᠯᠡᠨ | ᠰᠢᠨᠡᠴᠢᠯᠡᠬᠦ ᠰᠢᠨ᠎ᠡ ᠡᠭᠦᠷᠭᠡ ᠨᠡᠮᠡᠵᠦ᠂ ᠪᠦᠬᠦ ᠵᠢᠯ ᠳᠤ ᠨᠡᠶᠢᠲᠡ 24.2 ᠲᠦᠮᠡᠨ ᠢᠵᠢ ᠶᠢ ᠥᠭᠡᠷᠡᠴᠢᠯᠡᠨ | ᠰᠢᠨᠡᠴᠢᠯᠡᠬᠦ ᠪᠣᠯᠪᠠ᠂ 2016 ᠣᠨ ᠳᠤ 22.1 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢ | ᠰᠢᠨ᠎ᠡ ᠪᠠᠷ ᠥᠭᠡᠷᠡᠴᠢᠯᠡᠨ ᠪᠠᠶᠢᠭᠤᠯᠬᠤ ᠪᠣᠯᠤᠨ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠲᠠᠸᠠᠷ ᠤᠨ ᠣᠷᠣᠨ | ᠰᠠᠭᠤᠴᠠ ᠨᠡᠯᠢᠶᠡᠳ ᠣᠯᠠᠨ ᠦᠯᠡᠳᠡᠵᠦ ᠪᠠᠶᠢᠭ᠎ᠠ ᠪᠤᠳᠠᠳᠤ ᠪᠠᠶᠢᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ | ᠲᠠᠸᠠᠷ ᠤᠨ ᠣᠷᠣᠨ ᠰᠠᠭᠤᠴᠠ ᠶᠢ ᠰᠢᠭᠤᠳ ᠬᠤᠳᠠᠯᠳᠤᠨ ᠠᠪᠬᠤ ᠵᠡᠷᠭᠡ ᠬᠡᠯᠪᠡᠷᠢ ᠶᠢ ᠠᠪᠴᠤ᠂ ᠲᠦᠬᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠴᠢᠯᠡᠬᠦ ᠶᠢ ᠵᠣᠭᠤᠰᠴᠢᠯᠠᠨ ᠲᠥᠪᠬᠢᠨᠡᠭᠦᠯᠬᠦ | ᠪᠣᠯᠭᠠᠨ ᠠᠬᠢᠭᠤᠯᠵᠤ ᠪᠠᠶᠢᠨ᠎ᠠ᠃ |