| | | ᠪᠦᠬᠦ ᠤᠯᠤᠰ ᠤᠨ ᠤᠰᠤᠨ ᠰᠢᠨᠵᠢᠯᠡᠭᠡᠨ ᠤ ᠠᠵᠢᠯ ᠤᠨ ᠬᠤᠷᠠᠯᠳᠤᠭᠠᠨ ᠪᠣᠯᠤᠨ ᠪᠥᠬᠦ ᠣᠷᠣᠨ ᠤ ᠤᠰᠤᠨ | ᠠᠰᠢᠭᠯᠠᠯᠲᠠ ᠶᠢᠨ ᠠᠵᠢᠯ ᠵᠢᠴᠢ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠰᠤᠷᠲᠠᠯ ᠪᠠ ᠴᠢᠬᠡᠴᠢ ᠵᠠᠰᠠᠭ | ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ 5 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠤᠰᠤᠨ ᠰᠢᠨᠵᠢᠯᠡᠭᠡᠨ ᠤ ᠶᠡᠷᠦᠩᠬᠡᠶ | ᠲᠣᠪᠴᠢᠶ᠎ᠠ ᠬᠥᠬᠡᠬᠤᠲᠠ ᠳᠤ ᠪᠦᠬᠦ ᠣᠷᠣᠨ ᠤ ᠤᠰᠤᠨ ᠰᠢᠨᠵᠢᠯᠡᠭᠡᠨ ᠤ ᠠᠵᠢᠯ ᠵᠢᠴᠢ ᠤᠰᠤᠨ ᠰᠢᠨᠵᠢᠯᠡᠭᠡᠨ ᠤ | ᠰᠢᠰᠲ᠋ᠧᠮ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠠᠵᠢᠯ ᠤᠨ ᠬᠤᠷᠠᠯ ᠬᠢᠪᠡ᠃ ᠤᠰᠤᠨ ᠠᠰᠢᠭᠯᠠᠯᠲᠠ ᠶᠢᠨ | ᠲᠢᠩᠬᠢᠮ ᠤᠨ ᠳᠠᠷᠤᠭ᠎ᠠ ᠭᠡᠸ᠋ ᠹᠧᠩ ᠴᠣᠬᠤᠯᠠᠪᠤᠷᠢ ᠥᠭᠴᠦ᠂ ᠲᠢᠩᠬᠢᠮ ᠤᠨ ᠳᠡᠳ᠋ ᠳᠠᠷᠤᠭ᠎ᠠ ᠺᠠᠩ ᠶᠤᠸᠠᠢ ᠬᠤᠷᠠᠯ ᠢ | ᠵᠢᠯᠣᠭᠤᠳᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠦᠶᠡᠷ ᠰᠡᠷᠭᠡᠶᠢᠯᠡᠵᠦ | ᠭᠠᠩ ᠲᠠᠢ ᠲᠡᠮᠡᠴᠡᠬᠦ ᠠᠵᠢᠯ ᠤᠨ ᠠᠯᠪᠠᠨ ᠭᠡᠷ ᠤᠨ ᠡᠷᠬᠢᠯᠡᠭᠴᠢ ᠪᠠ ᠯᠢ ᠫᠢᠩ᠂ ᠤᠰᠤᠨ ᠠᠰᠢᠭᠯᠠᠯᠲᠠ ᠶᠢᠨ | ᠲᠢᠩᠬᠢᠮ ᠤᠨ ᠤᠰᠤᠨ ᠤ ᠡᠬᠢ ᠪᠠᠶᠠᠯᠢᠭ ᠤᠨ ᠭᠠᠵᠠᠷ ᠤᠨ ᠳᠠᠷᠤᠭ᠎ᠠ ᠸᠠᠩ ᠪᠣᠣ ᠯᠢᠨ᠂ ᠪᠠᠶᠢᠭᠤᠯᠭ᠎ᠠ ᠶᠢᠨ ᠨᠠᠮ ᠤᠨ | ᠬᠤᠷᠢᠶ᠎ᠠ ᠶᠢᠨ ᠲᠤᠰᠬᠠᠶ ᠲᠤᠰᠢᠶᠠᠯᠳᠤ ᠳᠡᠳ᠋ ᠱᠦᠵᠢ ᠵᠤᠤ ᠬᠤᠸᠠᠨ ᠰᠢᠶᠦ᠋ᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ | ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠼᠸᠠᠨ ᠱᠢ ᠠᠨ ᠬᠤᠷᠠᠯ ᠳᠤ ᠣᠷᠣᠯᠴᠠᠪᠠ᠃ ᠤᠰᠤᠨ | ᠰᠢᠨᠵᠢᠯᠡᠭᠡᠨ ᠤ ᠶᠡᠷᠦᠩᠬᠡᠶ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠱᠧᠩ ᠰᠢᠶᠤᠤ | ᠶᠢᠦ ᠬᠤᠷᠠᠯ ᠳᠡᠭᠡᠷ᠎ᠡ ︽ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠮᠠᠨ ᠤ ᠣᠷᠣᠨ ᠤ ︿13᠂ 5﹀ ᠶᠢᠨ ᠲᠥᠯᠥᠪᠯᠡᠭᠡᠨ ᠤ ᠤᠰᠤᠨ ᠰᠢᠨᠵᠢᠯᠡᠭᠡᠨ ᠤ ᠰᠢᠨ᠎ᠡ ᠬᠠᠭᠤᠳᠠᠰᠤ ᠶᠢ | ᠪᠢᠴᠢᠭᠯᠡᠶ᠎ᠡ︾ ᠭᠡᠰᠡᠨ ᠠᠵᠢᠯ ᠤᠨ ᠮᠡᠳᠡᠭᠦᠯᠦᠯᠲᠡ ᠬᠢᠪᠡ᠃ | ᠺᠠᠩ ᠶᠤᠸᠠᠢ ᠶᠠᠷᠢᠶᠠᠨ ᠳᠠᠭᠠᠨ ᠰᠢᠨ᠎ᠡ ᠴᠠᠭ ᠦᠶ᠎ᠡ ᠳᠠᠬᠢ ᠤᠰᠤᠨ ᠰᠢᠨᠵᠢᠯᠡᠭᠡᠨ ᠤ ᠠᠵᠢᠯ ᠤᠨ ᠰᠢᠨ᠎ᠡ | ᠪᠠᠶᠢᠳᠠᠯ᠂ ᠰᠢᠨ᠎ᠡ ᠱᠠᠭᠠᠷᠳᠠᠯᠭ᠎ᠠ ᠶᠢ ᠭᠦᠨᠵᠡᠭᠡᠶ ᠵᠠᠳᠠᠯᠵᠤ᠂ ︽13᠂ 5︾ ᠶᠢᠨ ᠬᠤᠭᠤᠴᠠᠭᠠᠨ ᠳᠤ ᠤᠰᠤᠨ | ᠰᠢᠨᠵᠢᠯᠡᠭᠡᠨ ᠤ ᠲᠠᠪᠠᠯᠲᠠᠲᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠤᠰᠤᠨ ᠰᠢᠨᠵᠢᠯᠡᠭᠡᠨ ᠤ ᠤᠰᠤᠨ | ᠠᠰᠢᠭᠯᠠᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠮᠡᠷᠭᠡᠵᠢᠯ ᠤᠨ ᠲᠤᠯᠭᠠᠭᠤᠷᠢᠯᠠᠬᠤ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠰᠢᠨ᠎ᠡ ᠡᠭᠦᠷᠭᠡ ᠶᠢ ᠲᠣᠳᠣᠷᠬᠠᠢ ᠳᠤᠷᠠᠳᠪᠠ︔ ᠤᠰᠤᠨ | ᠰᠢᠨᠵᠢᠯᠡᠭᠡᠨ ᠤ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠬᠦ ᠳᠤ ᠡᠷᠬᠡᠪᠰᠢ ᠵᠠᠩᠭᠢᠯᠠᠭ᠎ᠠ ᠶᠢᠨ ᠴᠥᠭᠡᠨ | ᠲᠤᠭ᠎ᠠ ᠶᠢ ᠣᠨᠢᠯᠠᠵᠤ᠂ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠣᠯᠭᠠᠭᠰᠠᠨ ᠤᠰᠦᠨ ᠰᠢᠨᠵᠢᠯᠡᠭᠡᠨ ᠤ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠰᠢᠨ᠎ᠡ ᠬᠠᠷᠠᠯᠲᠠ ᠶᠢ ᠣᠨᠣᠪᠴᠢᠲᠠᠢ ᠲᠣᠭᠲᠠᠭᠠᠪᠠ︔ | ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠰᠤᠨ ᠰᠢᠨᠵᠢᠯᠡᠭᠡᠨ ᠤ ᠰᠢᠰᠲ᠋ᠧᠮ ᠤᠨ | ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ | ᠠᠬᠢᠭᠤᠯᠵᠤ᠂ ᠰᠢᠨ᠎ᠡ ᠡᠭᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠪᠠ᠃ | ᠱᠧᠩ ᠰᠢᠶᠤᠤ ᠶᠢᠦ ᠢᠯᠡᠳᠬᠡᠯ ᠳᠡᠭᠡᠨ ︽12 · 5︾ ᠶᠢᠨ ᠤᠰᠤᠨ ᠰᠢᠨᠵᠢᠯᠡᠭᠡᠨ ᠤ ᠠᠵᠢᠯ ᠢ ᠨᠠᠷᠢᠨ | ᠬᠢᠨᠠᠮᠠᠭᠠᠶ ᠡᠷᠭᠢᠴᠡᠭᠦᠯᠦᠨ ᠳ᠋ᠦᠩᠨᠡᠵᠦ᠂ ︽13 · 5︾ ᠶᠢᠨ ᠤᠰᠤᠨ ᠰᠢᠨᠵᠢᠯᠡᠭᠡᠨ ᠤ ᠠᠵᠢᠯ ᠤᠨ ᠬᠠᠷᠠᠯᠲᠠᠲᠤ | ᠡᠭᠦᠷᠭᠡ ᠶᠢ ᠲᠣᠳᠣᠷᠬᠠᠶ ᠳᠤᠷᠠᠳᠤᠨ ᠭᠠᠷᠭᠠᠵᠤ᠂ 2016 ᠣᠨ ᠤ ᠤᠰᠤᠨ ᠰᠢᠨᠵᠢᠯᠡᠭᠡᠨ ᠤ ᠭᠤᠣᠯᠳᠠᠯᠭ᠎ᠠ ᠲᠠᠢ | ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠦᠭᠡᠳ ᠤᠰᠤᠨ ᠰᠢᠨᠵᠢᠯᠡᠭᠡᠨ ᠤ ᠰᠢᠰᠲ᠋ᠧᠮ ᠤᠨ ᠨᠠᠮ ᠤᠨ ᠰᠤᠷᠲᠠᠯ | ᠪᠠ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠵᠤ᠂ | ᠤᠰᠤᠨ ᠰᠢᠨᠵᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ | ᠲᠠᠯ᠎ᠠ ᠪᠠᠷ ᠰᠢᠨ᠎ᠡ ᠡᠭᠦᠷᠭᠡ ᠪᠠ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠃ | | |