2016 ᠣᠨ ᠤ ᠪᠦᠬᠦ ᠣᠷᠣᠨ ᠤ ᠶᠡᠭᠡ ᠰᠤᠷᠭᠠᠭᠤᠯᠢ ᠶᠢᠨ ᠣᠶᠣᠲᠠᠨ ᠠᠴᠠ ᠴᠡᠷᠢᠭ ᠡᠯᠰᠡᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2016/5/16
     5 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠤ ᠴᠡᠷᠢᠭ ᠡᠯᠰᠡᠬᠦ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠣᠯᠯᠠᠨ ᠡᠷᠭᠢᠯᠡᠵᠦ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠭᠰᠡᠨ 2016 ᠣᠨ ᠤ ᠪᠦᠬᠦ ᠣᠷᠣᠨ ᠤ ᠶᠡᠭᠡ ᠰᠤᠷᠭᠠᠭᠤᠯᠢ ᠶᠢᠨ ᠣᠶᠣᠲᠠᠨ ᠠᠴᠠ ᠴᠡᠷᠢᠭ ᠡᠯᠰᠡᠬᠦ ᠡᠬᠢᠯᠡᠯᠲᠡ ᠶᠢᠨ ᠶᠣᠰᠣᠯᠠᠯ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠳᠤ ᠶᠠᠪᠤᠭᠳᠠᠪᠠ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠵᠠᠬᠢᠷᠭᠠᠨ ᠤ ᠳᠠᠷᠤᠭ᠎ᠠ ᠵᠠᠩ ᠶᠢᠩ ᠺᠦᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠶᠠᠩ ᠵᠢᠶᠧ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ ᠱᠢ ᠪᠦᠦ ᠯᠦᠩ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠵᠠᠬᠢᠷᠭᠠᠨ ᠤ ᠳᠠᠷᠤᠭ᠎ᠠ ᠯᠦ ᠵᠢᠶᠠᠨ ᠶᠦᠩ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠵᠠᠩ ᠸᠧᠶ ᠨᠠᠷ ᠶᠣᠰᠣᠯᠠᠯ ᠳᠤ ᠣᠷᠣᠯᠴᠠᠪᠠ᠃ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠯᠢ ᠹᠧᠩ ᠡᠬᠢᠯᠡᠯᠲᠡ ᠶᠢᠨ ᠶᠣᠰᠣᠯᠠᠯ  ᠢ ᠡᠷᠭᠢᠯᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ ᠤᠨ ᠡᠷᠬᠢᠯᠡᠭᠴᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠱᠲ᠋ᠠᠪ ᠤᠨ ᠳᠠᠷᠤᠭ᠎ᠠ ᠪᠠᠶ  ᠱᠤ᠋ ᠭᠤᠸᠠᠩ 2016 ᠣᠨ ᠤ ᠪᠦᠬᠦ ᠣᠷᠣᠨ ᠤ ᠶᠡᠭᠡ ᠰᠤᠷᠭᠠᠭᠤᠯᠢ ᠶᠢᠨ ᠣᠶᠣᠲᠠᠨ ᠠᠴᠠ ᠴᠡᠷᠢᠭ ᠡᠯᠰᠡᠬᠦ ᠠᠵᠢᠯ ᠡᠬᠢᠯᠡᠭᠰᠡᠨ ᠢ ᠨᠡᠶᠢᠲᠡᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号