5 ᠳ᠋ᠤᠭᠠᠷ ᠰᠠᠷ᠎ᠠ ᠶᠢᠨ 14 ᠤ ᠡᠲᠦᠷ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ 71 ᠳ᠋ᠤᠭᠡᠷ | ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠭᠠᠷᠠᠭ ᠤᠨ ᠠᠮᠠᠷᠠᠯᠲᠠ ᠶᠢᠨ ᠲᠠᠶᠢᠯᠤᠮᠵᠢ ᠡᠷᠬᠢᠯᠡᠨ᠂ ᠲᠦᠪ ᠤᠨ | ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠵᠢᠭᠠᠨ ᠰᠤᠳᠤᠯᠬᠤ ᠭᠠᠵᠠᠷ ᠤᠨ ᠵᠠᠩ ᠷᠦᠩ ᠴᠧᠨ | ᠫᠷᠤᠹᠧᠰᠰᠤᠷ ᠢ ᠤᠷᠢᠵᠤ᠂ ︽︿ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ﹀ ᠶᠢ | ᠰᠠᠶᠢᠳᠤᠷ ᠠᠳᠬᠤᠵᠤ᠂ ᠨᠠᠮ ᠤᠨ ᠬᠡᠰᠢᠭᠦᠨ ᠺᠠᠳ᠋ᠷᠴᠤᠳ ᠤᠨ ᠰᠤᠷᠳᠠᠯ ᠤᠨ ᠪᠠᠶᠢᠭᠤᠯᠤᠯᠳᠠ ᠶᠢ ᠦᠷᠭᠦᠯᠵᠢᠯᠡᠨ | ᠠᠬᠢᠭᠤᠯᠤᠶ᠎ᠠ︾ ᠬᠡᠭᠦ ᠲᠤᠰᠬᠠᠢ ᠰᠡᠳᠦᠪ ᠢᠶᠠᠷ ᠮᠡᠳᠡᠭᠦᠯᠦᠯᠳᠡ ᠬᠢᠯᠬᠡᠪᠡ᠃ | ᠵᠠᠩ ᠷᠦᠩ ᠴᠧᠨ ᠫᠷᠤᠹᠧᠰᠰᠤᠷ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ | ᠰᠤᠷᠤᠯᠴᠠᠯᠭ᠎ᠠ ᠬᠦᠮᠦᠵᠢᠯ ᠤᠨ ᠲᠤᠭᠤᠷᠢᠨ ᠳᠤ᠂ ᠨᠠᠮ ᠤᠨ ᠲᠦᠷᠢᠮ ᠤᠨ ᠢᠷᠡᠯᠳᠡ ᠵᠢᠴᠢ ᠨᠠᠮ ᠤᠨ ᠲᠡᠤᠭᠡᠨ | ᠬᠦᠭᠵᠢᠯᠳᠡ ᠲᠤᠮᠳᠠᠬᠢ ᠴᠢᠬᠤᠯᠠ ᠠᠴᠢ ᠬᠤᠯᠪᠤᠭᠳᠠᠯ ᠢ ᠬᠦᠨᠵᠡᠭᠡᠢ ᠲᠠᠶᠢᠯᠪᠤᠷᠢᠯᠡᠬᠤ ᠶᠢᠨ ᠬᠠᠮᠳᠤ ᠤᠳᠤᠬᠠᠨ ᠤ | ᠨᠠᠮ ᠤᠨ ᠬᠡᠰᠢᠭᠦᠨ ᠺᠠᠳ᠋ᠷᠴᠤᠳ ᠤᠨ ᠨᠠᠮᠴᠢ ᠴᠢᠨᠠᠷ᠂ ᠨᠠᠮ ᠤᠨ ᠰᠤᠷᠳᠠᠯ ᠤᠨ ᠲᠠᠯ᠎ᠠ ᠪᠠᠷ ᠤᠷᠤᠰᠢᠵᠤ ᠪᠠᠶᠢᠭ᠎ᠠ ᠭᠤᠤᠯ | ᠠᠰᠠᠭᠤᠳᠠᠯ ᠢ ᠭᠤᠤᠯᠳᠠᠯᠭ᠎ᠠ ᠲᠠᠢ ᠵᠠᠳᠠᠯᠵᠤ᠂ ᠨᠠᠮᠴᠢ ᠴᠢᠨᠠᠷ ᠤᠨ ᠭᠡᠪ ᠪᠤᠯᠪᠠᠰᠤᠷᠠᠯ ᠢ ᠲᠡᠭᠡᠭᠰᠢᠯᠡᠭᠦᠯᠭᠦ ᠪᠠ ᠨᠠᠮᠴᠢ | ᠴᠢᠨᠠᠷ ᠤᠨ ᠰᠤᠷᠳᠠᠯ ᠢ ᠴᠢᠩᠭᠠᠳᠬᠠᠬᠤ ᠲᠤᠬᠠᠢ ᠦᠢᠯᠡᠳᠦᠯᠭᠡ ᠶᠢᠨ ᠱᠠᠭᠠᠷᠳᠠᠯᠭ᠎ᠠ ᠶᠢ ᠲᠤᠳᠤᠷᠬᠠᠢ ᠲᠤᠷᠠᠳᠤᠭᠰᠠᠨ | ᠪᠠᠶᠢᠨ᠎ᠠ᠃ ᠬᠤᠷᠠᠯ ᠠᠴᠠ ᠱᠠᠭᠠᠷᠳᠠᠬᠰᠠᠨ ᠨᠢ᠂ ᠦᠷᠭᠡᠨ ᠤᠯᠠᠨ ᠤᠳᠤᠷᠢᠳᠬᠤ ᠺᠠᠳ᠋ᠷᠴᠤᠳ ᠲᠠᠶᠢᠯᠦᠮᠵᠢ ᠶᠢᠨ | ᠠᠭᠤᠯᠭ᠎ᠠ ᠶᠢ ᠬᠦᠨᠵᠡᠭᠡᠢ ᠤᠢᠢᠯᠠᠭᠠᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠬᠠᠮᠢᠶ᠎ᠠ ᠪᠦᠬᠦᠢ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠢᠮᠪᠠᠢ ᠲᠤᠤᠱᠯᠠᠭᠤᠯᠤᠨ ᠭᠡᠷᠡᠭᠵᠢᠬᠦᠯᠵᠤ᠂ | ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ | ᠴᠢᠨᠠᠬᠰᠢᠳᠠ ᠲᠡᠭᠡᠭᠰᠢᠯᠡᠬᠦᠯᠵᠤ᠂ ᠪᠦᠬᠦ ᠤᠷᠤᠨ ᠤ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ | ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯ ᠳᠤ ᠦᠨᠡᠨ ᠪᠤᠳᠠᠳᠠᠢ ᠠᠮᠵᠢᠯᠳᠠ ᠤᠯᠬᠤ ᠶᠢ ᠪᠠᠳᠤᠯᠠᠬᠤ | ᠬᠡᠷᠡᠭᠳᠡᠢ ᠬᠡᠵᠡᠢ᠃ | ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠪᠤᠯᠤᠨ ᠬᠡᠰᠡᠭ ᠠᠵᠦ ᠠᠬᠤᠢᠢᠯᠠᠯ᠂ ᠠᠵᠢᠯ | ᠦᠢᠯᠡᠰ ᠤᠨ ᠨᠢᠭᠡᠴᠡ ᠶᠢᠨ ᠭᠠᠵᠠᠷ ᠤᠨ ᠲᠡᠰ ᠠᠴᠠ ᠲᠡᠭᠡᠭᠰᠢᠬᠢ ᠺᠠᠳ᠋ᠷᠴᠤᠳ ᠭᠤᠤᠯ ᠬᠤᠷᠠᠯ ᠤᠨ ᠲᠠᠯᠠᠪᠠᠢ ᠳᠤ | ᠲᠠᠶᠢᠯᠦᠮᠵᠢ ᠶᠢ ᠰᠤᠨᠤᠰᠴᠤ᠂ ᠡᠯ᠎ᠠ ᠠᠶᠢᠮᠠᠭ ᠬᠤᠳᠠ ᠪᠣᠯᠣᠨ ᠬᠤᠰᠢᠭᠤ ᠰᠢᠶᠠᠨ ︵ᠬᠤᠳᠠ᠂ ᠲᠤᠭᠤᠷᠢᠭ︶ ᠤ | ᠤᠳᠤᠷᠢᠳᠬᠤ ᠺᠠᠳ᠋ᠷᠴᠤᠳ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠰᠢᠭᠤᠳ ᠨᠡᠪᠳᠡᠷᠡᠬᠦᠯᠭᠡ ᠪᠠᠷ | ᠲᠠᠶᠢᠯᠦᠮᠵᠢ ᠶᠢ ᠬᠦᠯᠢᠶᠡᠨ ᠠᠪᠴᠤ ᠰᠤᠨᠤᠰᠪᠠ᠃ | | |