ᠥᠪᠥᠷ ᠮᠣᠩᠭᠤᠯ᠄ ᠳᠤᠷ᠎ᠠ ᠲᠠᠪᠠ ᠪᠠᠷ ᠲᠡᠷᠭᠡ ᠵᠢᠯᠤᠭᠤᠳᠤᠨ ᠨᠤᠲᠤᠭ ᠪᠡᠯᠴᠢᠭᠡᠷ ᠢ ᠳᠠᠷᠤᠬᠤ ᠨᠢ ᠴᠦ ᠬᠠᠤᠯᠢ ᠠᠴᠠ ᠵᠦᠷᠢᠴᠡᠭᠰᠡᠨ ᠶᠠᠪᠤᠳᠠᠯ ᠪᠣᠯᠤᠨ᠎ᠠ
ᠨᠡᠶᠢᠲᠡᠯᠡᠭᠰᠡᠨ ᠴᠠᠭ᠄
2016/5/16
      ᠣᠶᠢᠷ᠎ᠠ ᠳᠤ᠂ ᠥᠪᠥᠷ ᠮᠣᠩᠭᠤᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠬᠠᠮᠠᠭᠠᠯᠠᠬᠤ ᠦᠨᠳᠦᠰᠦᠨ ᠳᠦᠷᠢᠮ︾᠎ ᠳᠤ ᠵᠠᠰᠠᠪᠤᠷᠢ ᠣᠷᠣᠭᠤᠯᠪᠠ᠃ ︽ᠳᠦᠷᠢᠮ︾᠎ ᠳᠤ ᠵᠠᠰᠠᠪᠤᠷᠢ ᠣᠷᠤᠭᠤᠯᠤᠭᠰᠠᠨ ᠤ ᠲᠠᠷᠠᠭ᠎ᠠ᠂ ᠳᠤᠷ᠎ᠠ ᠲᠠᠪᠠ ᠪᠠᠷ ᠲᠡᠷᠭᠡ ᠵᠢᠯᠤᠭᠤᠳᠤᠨ ᠨᠤᠲᠤᠭ ᠪᠡᠯᠴᠢᠭᠡᠷ ᠢ ᠳᠠᠷᠤᠪᠠᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠣᠭᠠᠴᠠᠭᠳᠠᠵᠤ᠂ ᠤᠢᠢᠯᠡ ᠪᠠᠶᠢᠳᠠᠯ ᠨᠢ ᠬᠦᠨᠳᠦ ᠨᠣᠴᠢᠲᠠᠢ ᠪᠣᠯ ᠮᠦᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃      ᠰᠢᠨ᠎ᠡ ︽ᠳᠦᠷᠢᠮ︾᠎ ᠤᠨ ᠠᠷᠪᠠᠨ ᠵᠢᠷᠭᠤᠳᠤᠭᠠᠷ ᠵᠦᠢᠯ ᠳᠤ ᠵᠠᠰᠠᠪᠤᠷᠢ ᠣᠷᠤᠭᠤᠯᠤᠭᠰᠠᠨ ᠨᠢ᠄ ︽ᠠᠶᠤᠯ ᠭᠠᠮᠰᠢᠭ ᠠᠴᠠ ᠠᠪᠤᠷᠠᠨ ᠲᠡᠩᠬᠡᠷᠡᠭᠦᠯᠬᠦ ᠪᠠ ᠮᠠᠯᠴᠢᠳ ᠤᠨ ᠨᠡᠭᠦᠳᠡᠯᠯᠡᠬᠦ ᠳᠤ ᠬᠡᠷᠡᠭᠯᠡᠬᠦ ᠮᠠᠰᠢᠨᠲᠤ ᠲᠡᠷᠭᠡ ᠠᠴᠠ ᠪᠣᠰᠤᠳ ᠬᠡᠷᠡᠭᠯᠡᠭᠡᠨ ᠤ ᠮᠠᠰᠢᠨᠲᠤ ᠲᠡᠷᠭᠡ ᠵᠠᠮ ᠠᠴᠠ ᠰᠠᠯᠵᠤ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠶᠠᠯᠠᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠠᠭᠠᠵᠠᠯᠠᠨ᠎ᠠ︔ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠭᠡ᠂ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠬᠢᠬᠦ ᠳᠤ ᠵᠠᠮ ᠠᠴᠠ ᠰᠠᠯᠵᠤ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠶᠠᠯᠠᠬᠤ ᠳᠤ ᠬᠦᠷᠪᠡᠯ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠠᠶᠠᠯᠠᠬᠤ ᠬᠦᠷᠢᠶ᠎ᠡ ᠬᠡᠪᠴᠢᠶ᠎ᠡ ᠪᠠ ᠵᠠᠮ ᠱᠤᠭᠤᠮ ᠢᠶᠠᠨ ᠤᠷᠢᠳᠴᠢᠯᠠᠨ ᠮᠡᠳᠡᠭᠦᠯᠬᠦ ᠴᠢᠬᠤᠯᠠᠲᠠᠢ ᠪᠥᠭᠡᠳ ᠮᠡᠳᠡᠭᠦᠯᠦᠭᠰᠡᠨ ᠬᠦᠷᠢᠶ᠎ᠡ ᠬᠡᠪᠴᠢᠶ᠎ᠡ ᠪᠠ ᠵᠠᠮ ᠱᠤᠭᠤᠮ ᠢᠶᠠᠷ ᠢᠶᠠᠨ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠶᠠᠯᠠᠬᠤ ᠶᠣᠰᠤᠲᠠᠢ︾ ᠭᠡᠵᠡᠢ᠃      ᠭᠤᠴᠢᠨ ᠳᠥᠷᠪᠡᠳᠦᠭᠡᠷ ᠵᠦᠢᠯ ᠳᠤ ᠵᠠᠰᠠᠪᠤᠷᠢ ᠣᠷᠤᠭᠤᠯᠤᠭᠰᠠᠨ ᠨᠢ᠄ ︽ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠠᠴᠠ ᠵᠦᠷᠢᠴᠡᠵᠦ᠂ ᠠᠶᠤᠯ ᠭᠠᠮᠰᠢᠭ ᠠᠴᠠ ᠠᠪᠤᠷᠠᠨ ᠲᠡᠩᠬᠡᠷᠡᠭᠦᠯᠬᠦ ᠪᠠ ᠮᠠᠯᠴᠢᠳ ᠤᠨ ᠨᠡᠭᠦᠳᠡᠯᠯᠡᠬᠦ ᠳᠤ ᠬᠡᠷᠡᠭᠯᠡᠬᠦ ᠮᠠᠰᠢᠨᠲᠤ ᠲᠡᠷᠭᠡ ᠪᠢᠰᠢ ᠪᠠᠶᠢᠭᠠᠳ ᠵᠠᠮ ᠠᠴᠠ ᠰᠠᠯᠵᠤ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠶᠠᠯᠠᠬᠤ᠂ ᠡᠰᠡᠬᠦᠯ᠎ᠡ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠭᠡ᠂ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠬᠢᠬᠦ ᠳᠤ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠤᠷᠢᠳᠴᠢᠯᠠᠨ ᠮᠡᠳᠡᠭᠦᠯᠦᠭᠰᠡᠨ ᠦᠭᠡᠢ ᠪᠤᠶᠤ ᠮᠡᠳᠡᠭᠦᠯᠦᠭᠰᠡᠨ ᠬᠦᠷᠢᠶ᠎ᠡ ᠬᠡᠪᠴᠢᠶ᠎ᠡ ᠪᠠ ᠵᠠᠮ ᠱᠤᠭᠤᠮ ᠶᠣᠰᠤᠭᠠᠷ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠶᠠᠯᠠᠭᠰᠠᠨ ᠦᠭᠡᠢ ᠪᠠᠷ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠨ᠂ ᠤᠷᠭᠤᠮᠠᠯ ᠤᠨ ᠬᠤᠴᠢᠯᠭ᠎ᠠ ᠶᠢ ᠬᠤᠭᠤᠴᠠᠭ᠎ᠠ ᠲᠣᠭᠲᠠᠭᠠᠨ ᠰᠡᠷᠭᠦᠭᠡᠯᠭᠡᠵᠦ᠂ ᠨᠤᠲᠤᠭ ᠪᠡᠯᠴᠢᠭᠡᠷ ᠡᠪᠳᠡᠭᠳᠡᠬᠦ ᠶᠢᠨ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ ᠤᠢᠷᠳᠡᠭ ᠤᠨ ᠭᠤᠷᠪᠠᠨ ᠲᠡᠬᠢᠠ ᠠᠴᠠ ᠳᠡᠭᠡᠭᠰᠢ ᠶᠢᠰᠦᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠤᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ︾ ᠭᠡᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号