ᠡᠨᠡ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦᠴᠦᠸᠠᠨ ᠰᠢᠶᠠᠨ᠂ ᠵᠠᠯᠠᠨ ᠠᠶᠢᠯ | ᠬᠤᠳᠠ ᠵᠡᠷᠭᠡ 21 ᠬᠤᠰᠢᠭᠤ ᠰᠢᠶᠠᠨ ᠢ ᠵᠢᠮᠢᠰ ᠢᠳᠡᠰᠢᠨ ᠨᠣᠭᠤᠭ᠎ᠠ ᠶᠢ ᠬᠠᠳᠠᠭᠠᠯᠠᠬᠤ ᠪᠠ ᠬᠠᠳᠡᠭᠠᠬᠤ | ᠪᠡᠯᠡᠳᠭᠡᠮᠵᠢ ᠶᠢᠨ ᠱᠠᠩᠨᠠᠨ ᠨᠦᠬᠦᠪᠦᠷᠢᠯᠡᠬᠦ ᠬᠤᠰᠢᠭᠤ ᠰᠢᠶᠠᠨ ᠢᠶᠠᠷ ᠲᠤᠭᠲᠠᠭᠠᠵᠤ᠂ ᠲᠥᠷᠥᠯ ᠵᠦᠢᠯ ᠤᠨ ᠬᠤᠰᠢᠭᠤ | ᠰᠢᠶᠠᠨ ᠨᠢ ᠡᠳ᠋ ᠤᠨ ᠵᠠᠰᠠᠭ ᠤᠨ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ᠂ ᠰᠠᠯᠠᠭ᠎ᠠ ᠮᠥᠴᠢᠷ | ᠵᠢᠯᠤᠭᠤᠳᠬᠤ᠂ ᠮᠡᠷᠭᠡᠵᠢᠯ ᠤᠨ ᠪᠤᠯᠪᠠᠰᠤᠷᠠᠭᠤᠯᠤᠯ ᠬᠢᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠬᠤ ᠪᠠᠷ | ᠳᠠᠮᠵᠢᠭᠤᠯᠤᠨ᠂ ᠮᠠᠯᠵᠢᠬᠤ ᠲᠠᠷᠢᠶᠠᠯᠠᠬᠤ ᠡᠷᠦᠬᠡ ᠪᠤᠯᠤᠨ ᠲᠤᠰᠬᠠᠶ ᠬᠤᠷᠰᠢᠶ᠎ᠠ ᠶᠢ ᠲᠡᠳᠭᠦᠨ ᠲᠥᠮᠥᠰᠥ᠂ ᠵᠢᠮᠢᠰ | ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠬᠠᠳᠠᠭᠠᠯᠠᠬᠤ᠂ ᠰᠢᠨ᠎ᠡ ᠰᠣᠷᠭᠤᠭ ᠪᠠᠶᠢᠯᠭᠠᠬᠤ ᠵᠡᠷᠭᠡ | ᠠᠩᠬ᠎ᠠ ᠡᠳ᠋ᠰᠢᠬᠦᠯᠬᠦ ᠪᠡᠯᠡᠳᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ᠂ ᠢᠳᠡᠰᠢᠨ ᠨᠣᠭᠤᠭ᠎ᠠ ᠭᠤᠸ᠎ᠠ | ᠵᠢᠮᠢᠰ ᠤᠨ ᠭᠠᠷᠤᠯᠲᠠ ᠶᠢᠨ ᠤᠷᠤᠨ ᠤ ᠭᠠᠵᠠᠷ ᠤᠨ ᠠᠩᠬ᠎ᠠ ᠡᠳ᠋ᠰᠢᠬᠦᠯᠬᠦ ᠪᠡᠯᠡᠳᠬᠡᠮᠵᠢ ᠶᠢᠨ ᠨᠥᠬᠦᠴᠡᠯ ᠢ | ᠰᠠᠶᠢᠵᠢᠷᠠᠭᠤᠯᠵᠤ᠂ ᠰᠡᠷᠢᠭᠦᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠤᠷᠢᠶᠠᠭᠰᠠᠨ ᠤ ᠰᠡᠭᠦᠯᠡᠷᠬᠢ ᠬᠤᠬᠢᠷᠠᠯ ᠢ ᠪᠠᠭᠠᠰᠬᠠᠵᠤ᠂ ᠪᠦᠲᠦᠮᠵᠢᠲᠡᠶ ᠬᠠᠩᠭᠠᠯᠭ᠎ᠠ ᠶᠢ | ᠨᠡᠮᠡᠭᠳᠡᠭᠦᠯᠵᠤ᠂ ᠪᠦᠲᠦᠭᠡᠭᠳᠡᠬᠦᠨ ᠤ ᠶᠠᠰᠤ ᠴᠢᠨᠠᠷ ᠠᠶᠤᠯ ᠦᠭᠡᠢ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠶᠢᠨ | ᠲᠤᠯᠠᠳᠠ᠂ 2012 ᠤᠨ ᠠᠴᠠ 2015 ᠤᠨ ᠪᠤᠯᠲᠠᠯ᠎ᠠ᠂ ᠥᠪᠥᠷ ᠮᠣᠩᠭᠤᠯ ᠤᠯᠤᠰ ᠤᠨ ᠲᠤᠰᠠᠯᠠᠮᠵᠢ ᠶᠢᠨ ᠪᠡᠯᠡ | ᠮᠥᠩᠭᠦ ᠶᠢ 2 ᠳ᠋ᠦᠡᠭᠰᠢᠭᠤᠷ ᠲᠥᠭᠦᠷᠢᠭ ᠤᠯᠵᠤ᠂ 34 ᠲᠥᠷᠥᠯ ᠵᠦᠢᠯ ᠤᠨ ᠬᠤᠰᠢᠭᠤ ᠰᠢᠶᠠᠨ ᠲᠤᠭᠤᠷᠢᠭ ᠢ | ᠵᠤᠬᠢᠶᠠᠨ ᠪᠠᠶᠢᠭᠤᠯᠵᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠠᠩᠬ᠎ᠠ ᠡᠳ᠋ᠰᠢᠭᠦᠯᠦᠭᠡ ᠳᠤ | ᠨᠥᠬᠦᠪᠥᠷᠢ ᠦᠭᠭᠦ ᠲᠦᠷᠦᠯ ᠵᠦᠢᠯ ᠢ ᠬᠡᠷᠡᠭᠵᠢᠬᠦᠯᠵᠤ᠂ ᠠᠩᠬ᠎ᠠ ᠡᠳ᠋ᠰᠢᠬᠦᠯᠬᠦ ᠪᠡᠯᠡᠳᠭᠡᠮᠵᠢ ᠶᠢ ᠨᠡᠶᠢᠲᠡ 8988 ᠶᠢ | ᠰᠢᠨ᠎ᠡ ᠪᠠᠷ ᠪᠠᠶᠢᠭᠤᠯᠪᠠ᠂ ᠡᠭᠦᠨ ᠳᠤ ᠲᠥᠮᠥᠰᠥ ᠤᠨ ᠵᠤᠭᠤᠷᠢ 8473᠂ ᠳᠦᠭᠦᠮ ᠬᠥᠯᠳᠡᠭᠡᠨ ᠬᠠᠳᠠᠭᠠᠯᠠᠬᠤ | ᠬᠥᠮᠥᠷᠭᠡ 24᠂ ᠤᠭᠰᠠᠷᠠᠭ᠎ᠠ ᠲᠤᠨᠤᠭ ᠤᠨ ᠬᠡᠯᠪᠡᠷᠢᠲᠦ ᠰᠡᠷᠢᠭᠦᠨ ᠬᠠᠳᠠᠭᠠᠯᠠᠬᠤ ᠬᠥᠮᠥᠷᠭᠡ 491 ᠪᠠᠶᠢᠭᠤᠯᠵᠤ᠂ | ᠲᠥᠮᠥᠰᠥ᠂ ᠵᠢᠮᠢᠰ ᠢᠳᠡᠰᠢᠨ ᠨᠣᠭᠤᠭ᠎ᠠ ᠶᠢ ᠬᠠᠳᠠᠭᠠᠯᠠᠬᠤ ᠴᠢᠳᠠᠪᠤᠷᠢ ᠶᠢ ᠨᠡᠶᠢᠲᠡ 46.4 ᠲᠦᠮᠡᠨ ᠲᠣᠨ | ᠰᠢᠨ᠎ᠡ ᠪᠠᠷ ᠨᠡᠮᠡᠭᠳᠡᠭᠦᠯᠪᠡ᠃ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠠᠩᠬ᠎ᠠ ᠡᠳ᠋ᠰᠢᠬᠦᠯᠬᠦ ᠲᠦᠷᠦᠯ ᠵᠦᠢᠯ ᠢ | ᠬᠡᠷᠡᠭᠵᠢᠬᠦᠯᠦᠭᠰᠡᠨ ᠨᠢ᠂ ᠲᠥᠮᠥᠰᠥ᠂ ᠵᠢᠮᠢᠰ ᠢᠳᠡᠰᠢᠨ ᠨᠣᠭᠤᠭ᠎ᠠ ᠶᠢ ᠬᠠᠳᠠᠭᠠᠯᠠᠬᠤ ᠨᠥᠬᠦᠴᠡᠯ ᠢ ᠢᠯᠡᠳᠲᠡ | ᠰᠠᠶᠢᠵᠢᠷᠠᠭᠤᠯᠵᠤ᠂ ᠤᠯᠠᠷᠢᠯ ᠵᠦᠷᠢᠭᠦᠯᠦᠨ ᠪᠤᠷᠤᠯᠠᠭᠤᠯᠬᠤ ᠶᠢ ᠪᠡᠶᠡᠯᠡᠭᠦᠯᠵᠤ᠂ ᠵᠠᠬ᠎ᠠ ᠳᠡᠯᠭᠡᠭᠦᠷ ᠲᠤ ᠲᠥᠪᠯᠡᠷᠡᠭᠦᠯᠦᠨ | ᠭᠠᠷᠭᠠᠬᠤ ᠠᠴᠠ ᠪᠤᠯᠤᠭᠰᠠᠨ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ᠂ ᠦᠢᠯᠡᠳᠪᠦᠷᠢᠯᠡᠯ ᠨᠡᠮᠡᠭᠳᠡᠭᠡᠳ | ᠣᠷᠣᠯᠭ᠎ᠠ ᠨᠡᠮᠡᠭᠳᠡᠬᠦ ᠦᠭᠡᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠵᠢᠱᠢᠨ ᠪᠤᠳᠤᠯᠲᠠ ᠪᠠᠷ᠂ | ᠲᠥᠷᠥᠯ ᠵᠦᠢᠯ ᠤᠨ ᠡᠷᠦᠬᠡ ᠶᠢᠨ ᠲᠥᠮᠥᠰᠥ ᠬᠤᠷᠢᠶᠠᠭᠰᠠᠨ ᠤ ᠳᠠᠷᠠᠭᠠᠬᠢ ᠬᠤᠬᠢᠷᠠᠯ ᠤᠨ ᠨᠣᠷᠮ᠎ᠠ ᠨᠢ 20% | ᠣᠷᠴᠢᠮ ᠪᠠᠶᠢᠭᠰᠠᠨ ᠠᠴᠠ ᠪᠠᠨ 5% ᠣᠷᠴᠢᠮ ᠪᠤᠯᠵᠤ ᠳᠤᠷᠤᠭᠰᠢᠯᠠᠭᠰᠠᠨ ᠪᠠᠶᠢᠨ᠎ᠠ᠃ ᠲᠤᠰ ᠲᠥᠷᠥᠯ ᠵᠦᠢᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠶᠢᠳᠡ 2 ᠳ᠋ᠦᠩᠰᠢᠭᠤᠷ ᠭᠠᠷᠤᠶ | ᠲᠥᠭᠦᠷᠢᠭ ᠨᠡᠮᠡᠭᠳᠡᠬᠦᠯᠵᠤ᠂ ᠬᠠᠩᠭᠠᠯᠭ᠎ᠠ ᠶᠢ ᠨᠡᠮᠡᠭᠳᠡᠭᠦᠯᠬᠦ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠳᠤ | ᠢᠳᠡᠪᠬᠢᠲᠡᠶ ᠦᠢᠯᠡᠳᠦᠯ ᠦᠵᠡᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤᠨ | ᠠᠩᠬ᠎ᠠ ᠡᠳ᠋ᠰᠢᠬᠦᠯᠬᠦ ᠨᠥᠬᠦᠪᠥᠷᠢ ᠶᠢᠨ ᠲᠥᠷᠥᠯ ᠵᠦᠢᠯ ᠤᠨ ᠱᠠᠩᠨᠠᠨ ᠨᠦᠬᠦᠪᠦᠷᠢᠯᠡᠬᠦ ᠪᠡᠯᠡᠳᠭᠡᠮᠵᠢ ᠶᠢᠨ ᠬᠡᠯᠪᠡᠷᠢ | ᠮᠠᠶ᠋ᠢᠭ ᠪᠤᠯᠤᠨ ᠬᠡᠪ ᠪᠠᠷᠢᠮᠵᠢᠶ᠎ᠠ ᠶᠢ ᠥᠩᠭᠡᠷᠡᠭᠰᠡᠨ ᠤ ᠵᠢᠯ ᠤᠳ ᠤᠨ ᠬᠢ ᠠᠴᠠ ᠨᠡᠮᠡᠭᠳᠡᠭᠦᠯᠦᠭᠰᠡᠨ ᠪᠠᠶᠢᠨ᠎ᠠ᠂ | ᠡᠭᠦᠨ ᠳᠤ ᠲᠥᠮᠥᠰᠥ ᠬᠠᠳᠠᠭᠠᠯᠠᠬᠤ ᠵᠣᠭᠤᠷᠢ ᠶᠢᠨ ᠱᠠᠩᠨᠠᠯ ᠨᠦᠬᠦᠪᠦᠷᠢ ᠬᠦᠷᠲᠡᠬᠦ ᠬᠤᠰᠢᠭᠤ ᠰᠢᠶᠠᠨ ᠨᠢ ᠡᠷᠬᠡᠪᠰᠢ | ᠲᠠᠷᠢᠬᠤ ᠲᠠᠯᠠᠪᠠᠢ ᠶᠢ 1 ᠲᠦᠮᠡᠨ ᠾᠧᠺᠲ᠋ᠠᠷ ᠠᠴᠠ ᠳᠡᠭᠡᠭᠰᠢ ᠳᠤ ᠬᠦᠷᠦᠭᠦᠯᠵᠤ᠂ ᠬᠤᠷᠢᠶᠠᠯᠲᠠ ᠶᠢ 20 ᠲᠦᠮᠡᠨ | ᠲᠣᠨ ᠠᠴᠠ ᠳᠡᠭᠡᠭᠰᠢ ᠳᠤ ᠬᠦᠷᠦᠬᠦᠯᠬᠦ ᠬᠡᠷᠡᠭᠲᠠᠢ︔ ᠵᠢᠮᠢᠰ ᠢᠳᠡᠰᠢᠨ ᠨᠣᠭᠤᠭ᠎ᠠ ᠬᠠᠳᠠᠭᠠᠯᠠᠬᠤ ᠪᠠ ᠬᠠᠳᠡᠭᠠᠬᠤ | ᠪᠡᠯᠡᠳᠭᠡᠮᠵᠢ ᠶᠢᠨ ᠱᠠᠩᠨᠠᠯ ᠨᠦᠬᠦᠪᠦᠷᠢ ᠬᠦᠷᠲᠡᠬᠦ ᠬᠤᠰᠢᠭᠤ ᠰᠢᠶᠠᠨ ᠨᠢ ᠡᠷᠬᠡᠪᠰᠢ ᠵᠢᠮᠢᠰ ᠢᠳᠡᠰᠢᠨ ᠨᠣᠭᠤᠭ᠎ᠠ ᠶᠢᠨ | ᠭᠤᠣᠯ ᠭᠠᠷᠤᠯᠲᠠ ᠶᠢᠨ ᠣᠷᠣᠨ᠂ ᠪᠡᠯᠡᠳᠭᠡᠮᠵᠢᠳᠤ ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ᠂ ᠣᠨᠴᠠᠯᠢᠭ | ᠪᠦᠬᠦᠢ ᠵᠢᠮᠢᠰ ᠢᠳᠡᠰᠢᠨ ᠨᠣᠭᠤᠭ᠎ᠠ ᠶᠢᠨ ᠭᠤᠣᠯ ᠭᠠᠷᠤᠯᠲᠠ ᠶᠢᠨ ᠣᠷᠣᠨ᠂ ᠵᠢᠮᠢᠰ ᠨᠣᠭᠤᠭ᠎ᠠ ᠶᠢᠨ ᠭᠠᠷᠤᠯᠲᠠ ᠶᠢᠨ | ᠤᠷᠤᠨ ᠤ ᠪᠥᠭᠡᠮ ᠢᠶᠠᠷ ᠬᠤᠳᠠᠯᠳᠤᠬᠤ ᠲᠦᠪᠯᠡᠷᠡᠯ ᠲᠠᠷᠬᠠᠢ ᠭᠠᠵᠠᠷ ᠤᠳ ᠤᠨ ᠨᠥᠬᠦᠴᠡᠯ ᠢ ᠬᠠᠨᠭ᠍ᠭᠠᠭᠰᠠᠨ ᠪᠠᠶᠢᠬᠤ | ᠬᠡᠷᠡᠭᠲᠠᠢ᠃ |