ᠥᠪᠥᠷ ᠮᠣᠩᠭᠤᠯ᠄ ︽453︾ ᠡᠯᠭᠦᠮᠡᠯ ᠵᠢᠷᠤᠭ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠲᠡᠭᠠᠷᠢᠯᠳᠠ ᠶᠢᠨ ᠪᠦᠷᠢᠶ᠎ᠡ ᠶᠢ ᠦᠯᠢᠶᠡᠪᠡ
ᠨᠡᠶᠢᠲᠡᠯᠡᠭᠰᠡᠨ ᠴᠠᠭ᠄
2016/5/16
     ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠢᠨᠵᠧᠨᠧᠷᠢᠩ ᠢ ᠭᠦᠨᠵᠡᠭᠡᠶᠢᠷᠡᠭᠦᠯᠦᠨ ᠲᠦᠯᠬᠢᠨ ᠠᠬᠢᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠣᠷᠴᠢᠮᠬᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿453﹀ ᠲᠤᠰᠬᠤᠨ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠡᠯᠭᠦᠮᠡᠯ ᠵᠢᠷᠤᠭ ᠢ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠡᠶ᠃      ︽4︾ ᠭᠡᠳᠡᠭ ᠨᠢ ᠨᠠᠷᠢᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ ᠳᠠᠬᠢ ︽ᠳᠦᠷᠪᠡ ᠶᠢ ᠲᠤᠳᠤᠷᠬᠠᠢ︾ ᠪᠠᠶᠢᠯᠭᠠᠬᠤ ᠶᠢ ᠬᠡᠯᠡᠨ᠎ᠡ᠂ ᠳᠠᠷᠤᠢ᠄ ᠰᠠᠭᠤᠷᠢ ᠲᠤᠭ᠎ᠠ ᠲᠤᠳᠤᠷᠬᠠᠢ᠂ ᠬᠠᠷᠢᠭᠤᠴᠠᠯᠭ᠎ᠠ ᠲᠣᠳᠣᠷᠬᠠᠶ᠂ ᠠᠷᠭ᠎ᠠ ᠲᠣᠳᠣᠷᠬᠠᠶ᠂ ᠠᠵᠢᠯ ᠤᠨ ᠱᠠᠭᠠᠷᠳᠠᠯᠭ᠎ᠠ ᠲᠤᠳᠤᠷᠬᠠᠢ︔ ︽5︾ ᠭᠡᠳᠡᠭ ᠨᠢ ︽ᠲᠤᠰᠬᠤᠨ ᠤ ᠱᠠᠲᠤᠨ ᠤ ᠳᠠᠶᠢᠨ ᠤ ᠲᠠᠪᠤᠨ ᠵᠢᠷᠤᠭ︾᠎ ᠢ ᠬᠡᠯᠡᠨ᠎ᠡ᠂ ᠳᠠᠷᠤᠢ᠄ ᠪᠦᠬᠦ ᠲᠤᠰᠬᠤᠨ ᠤ ᠶᠠᠳᠠᠭᠤ ᠬᠦᠴᠢᠷᠳᠡᠯᠲᠡᠶ ᠣᠳᠣᠬᠢ ᠪᠠᠶᠢᠳᠠᠯ ᠤᠨ ᠵᠢᠷᠤᠭ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠷᠠᠭᠤᠯᠤᠭᠰᠠᠨ ᠤᠴᠢᠷ ᠰᠢᠯᠲᠠᠭᠠᠨ ᠤ ᠲᠤᠬᠠᠶ ᠵᠠᠳᠠᠯᠤᠯᠲᠠ ᠶᠢᠨ ᠵᠢᠷᠤᠭ᠂ ︽ᠲᠠᠪᠤ ᠶᠢ ᠨᠢᠭᠡ ᠪᠦᠯᠦᠭ︾᠎ ᠢᠶᠠᠷ ᠲᠥᠷᠥᠯ ᠠᠩᠭᠢᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢᠨ ᠵᠢᠷᠤᠭ᠂ ᠭᠠᠴᠠᠭ᠎ᠠ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠᠲᠤ ᠡᠭᠦᠷᠭᠡ ᠶᠢᠨ ᠵᠢᠷᠤᠭ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠬᠠᠷᠠᠯᠲᠠᠲᠤ ᠡᠭᠦᠷᠭᠡ ᠶᠢᠨ ᠵᠢᠷᠤᠭ︔ ︽3 ︾ ᠭᠡᠳᠡᠭ ᠨᠢ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ︽ᠭᠤᠷᠪᠠᠨ ᠵᠦᠢᠯ ᠤᠨ ᠳᠠᠩᠰᠠ︾᠎ ᠶᠢ ᠬᠡᠯᠡᠨ᠎ᠡ᠂ ᠳᠠᠷᠤᠢ᠄ ᠶᠠᠳᠠᠭᠤ ᠠᠴᠠ ᠠᠩᠭᠢᠵᠢᠷᠠᠬᠤ ᠲᠥᠯᠥᠪᠯᠡᠭᠡ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠂ ᠠᠵᠢᠯ ᠤᠨ ᠡᠬᠡ ᠳᠠᠩᠰᠠ ᠪᠤᠯᠤᠨ᠎ᠠ᠃      ︽ᠬᠡᠷᠡᠭᠵᠢᠭᠦᠯᠬᠦ ᠰᠠᠨᠠᠯ︾᠎ ᠳᠤ ᠱᠠᠭᠠᠷᠳᠠᠭᠰᠠᠨ ᠨᠢ᠂ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ 20 ᠡᠷᠦᠬᠡ ︵20 ᠡᠷᠦᠬᠡ ᠪᠠᠭᠲᠠᠨ᠎ᠠ︶᠎ ᠠᠴᠠ ᠳᠡᠭᠡᠭᠰᠢᠬᠢ ᠭᠠᠴᠠᠭ᠎ᠠ ᠲᠣᠰᠬᠤᠨ ᠪᠦᠬᠦᠨ ᠴᠥᠮ ᠵᠢᠷᠤᠭ ᠡᠯᠭᠦᠵᠦ ᠳᠠᠶᠢᠨ ᠬᠢᠬᠦ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠭ᠎ᠠ ᠪᠠᠷᠢᠮᠲᠠ ᠶᠢᠨ ᠳᠡᠯᠭᠡᠨ ᠦᠵᠡᠭᠦᠯᠬᠦ ᠲᠠᠪᠴᠠᠩ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠡᠵᠡᠮᠳᠡᠬᠦ ᠵᠢᠯᠣᠭᠤᠳᠬᠤ ᠲᠦᠪ ᠢ ᠰᠠᠶᠢᠲᠤᠷ ᠪᠠᠶᠢᠭᠤᠯᠵᠤ᠂ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ︽453︾ ᠡᠯᠭᠦᠮᠡᠯ ᠵᠢᠷᠤᠭ ᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠭᠡᠯ ᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠬᠢᠨᠠᠯᠲᠠ ᠵᠢᠯᠤᠭᠤᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠯᠭᠦᠮᠡᠯ ᠵᠢᠷᠤᠭ ᠤᠨ ᠶᠤᠰᠤᠭᠠᠷ ᠪᠦᠬᠦ ᠲᠠᠯ᠎ᠠ ᠪᠠᠷ ᠭᠦᠢᠴᠡᠳᠬᠡᠵᠦ᠂ ︽ᠬᠡᠷᠡᠭᠵᠢᠭᠦᠯᠬᠦ ᠰᠠᠨᠠᠯ︾᠎ ᠤᠨ ᠱᠠᠭᠠᠷᠳᠠᠯᠭ᠎ᠠ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠣᠰᠬᠤᠨ ᠤ ᠱᠠᠲᠤᠨ ᠤ ᠳᠠᠶᠢᠨ ᠢ ︽453︾ ᠡᠯᠭᠦᠮᠡᠯ ᠵᠢᠷᠤᠭ ᠢ ᠵᠢᠷᠤᠮᠯᠠᠨ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠡ ᠵᠢᠯ ᠤᠨ 5 ᠰᠠᠷ᠎ᠠ ᠶᠢᠨ ᠰᠡᠭᠦᠯᠴᠢ ᠠᠴᠠ ᠡᠮᠦᠨ᠎ᠡ ᠡᠯᠭᠦᠮᠡᠯ ᠵᠢᠷᠤᠭ ᠲᠠᠬᠢ ᠳᠠᠶᠢᠨ ᠤ ᠡᠭᠦᠷᠭᠡ ᠪᠠᠨ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号