ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠦᠵᠡᠭᠦᠯᠦᠯᠭᠡ ᠶᠢᠨ ᠠᠵᠢᠯᠯᠠᠭ᠎ᠠ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2016/5/17
     ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ᠭᠤᠣᠯᠳᠠᠯᠭ᠎ᠠ ᠲᠠᠢ ᠰᠢᠪᠲᠤᠯᠤᠠ᠂ ᠪᠦᠬᠦ ᠲᠠᠯ᠎ᠠ ᠶᠢ ᠳᠠᠶᠢᠴᠢᠯᠠᠬᠤ︾ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠃ 5 ᠳ᠋ᠤᠭᠠᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠦᠵᠡᠭᠦᠯᠦᠯᠭᠡ ᠶᠢᠨ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠦ ᠯᠢ ᠮᠢᠩ᠂ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠪᠦᠦ ᠱᠠᠨ᠂ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ ᠬᠤᠣᠷ ᠡᠳ᠋ᠯᠡᠬᠦ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠳ᠋ᠧ ᠴᠧᠩ ᠨᠠᠷ ᠪᠦᠬᠦ ᠣᠷᠣᠨ ᠤ 12 ᠠᠶᠢᠮᠠᠭ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠶᠢᠨ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ ᠵᠢᠴᠢ ᠬᠠᠤᠯᠢ ᠴᠠᠭᠠᠵᠠ ᠶᠢᠨ ᠲᠢᠩᠬᠢᠮ ᠤᠨ ᠠᠯᠪᠠᠨ ᠭᠡᠷ᠂ ᠬᠠᠤᠯᠢ ᠲᠦᠷᠢᠮ ᠤᠨ ᠤᠬᠠᠭᠤᠯᠬᠤ ᠭᠠᠵᠠᠷ ᠤᠨ ᠬᠠᠷᠢᠭᠤᠴᠠᠯᠭᠠᠲᠠᠨ ᠨᠠᠷ ᠢ ᠳᠠᠭᠠᠭᠤᠯᠤᠨ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠢ ᠾᠧ ᠭᠤᠲᠤᠮᠵᠢ ᠶᠢᠨ ᠨᠡᠶᠢᠭᠡᠮ ᠲᠣᠭᠤᠷᠢᠭ ᠤᠨ ᠬᠠᠤᠯᠢ ᠶᠢᠨ ᠶᠠᠪᠤᠳᠠᠯ ᠤᠨ ᠳᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠪᠡ᠃ ᠬᠥᠬᠡᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠶᠦᠨ ᠷᠦᠢ ᠫᠧᠩ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠧᠤ ᠴᠢᠶᠠᠩ᠂ ᠲᠣᠭᠤᠷᠢᠭ ᠤᠨ ᠳᠡᠳ᠋ ᠳᠠᠷᠤᠭ᠎ᠠ ᠰᠢᠤᠢ ᠶᠢᠨ ᠭᠠᠩ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠮᠠ ᠬᠤᠢ ᠵᠢᠶᠦ᠋ᠨ᠂ ᠲᠣᠭᠤᠷᠢᠭ ᠤᠨ ᠳᠡᠳ᠋ ᠳᠠᠷᠤᠭ᠎ᠠ ᠰᠦ᠋ ᠸᠠᠨ ᠴᠧᠩ ᠪᠠᠷ᠎ᠠ ᠪᠣᠯᠵᠤ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号