ᠥᠪᠥᠷ ᠮᠣᠩᠭᠤᠯ ᠤᠨ ᠳᠤᠯᠠᠭᠠᠯᠭ᠎ᠠ ᠬᠠᠩᠭᠠᠬᠤ᠂ ᠤᠰᠤ ᠬᠠᠩᠭᠠᠬᠤ 87 ᠲᠦᠷᠦᠯ ᠵᠦᠢᠯ ᠢᠷᠡᠬᠦ ᠵᠢᠯ ᠪᠦᠬᠦᠨ ᠢᠶᠠᠷ ᠢᠶᠠᠨ ᠪᠠᠷᠢᠯᠭ᠎ᠠ ᠳᠠᠭᠤᠰᠬᠠᠨ᠎ᠠ
ᠨᠡᠶᠢᠲᠡᠯᠡᠭᠰᠡᠨ ᠴᠠᠭ᠄
2016/5/17
     ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠡᠯᠬᠦ ᠲᠦᠷᠦᠯ ᠵᠦᠢᠯ ᠳᠤ  ᠤᠷᠤᠭᠤᠯᠤᠭᠰᠠᠨ 87 ᠬᠤᠳᠠ ᠪᠠᠯᠭᠠᠰᠤᠨ ᠤ ᠳᠤᠯᠠᠭᠠᠯᠭ᠎ᠠ ᠬᠠᠩᠭᠠᠬᠤ᠂ ᠤᠰᠤ ᠬᠠᠩᠭᠠᠬᠤ ᠲᠥᠷᠥᠯ ᠵᠦᠢᠯ᠂ 4 ᠰᠠᠷ᠎ᠠ ᠶᠢᠨ ᠰᠡᠭᠦᠯᠴᠢ ᠪᠣᠯᠬᠤ ᠳᠤ᠂ ᠨᠢᠭᠡᠨᠲᠡ ᠨᠡᠶᠢᠲᠡ 23.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂ ᠮᠠᠨ ᠤ ᠤᠷᠤᠨ ᠤ ᠡᠯ᠎ᠡ ᠠᠶᠢᠮᠠᠭ ᠬᠤᠳᠠ ᠬᠤᠰᠢᠭᠤ ᠰᠢᠶᠠᠨ ᠲᠤᠭᠤᠷᠢᠭ ᠶᠠᠭ ᠡᠨᠡ ᠬᠦ ᠠᠵᠢᠯ ᠢ ᠦᠨᠡᠨ ᠬᠦ ᠴᠢᠩᠭ᠎ᠠ ᠠᠳᠬᠤᠵᠤ᠂ ᠲᠥᠷᠥᠯ ᠵᠦᠢᠯ ᠨᠢᠭᠡᠪᠦᠷᠢ ᠶᠢᠨ ᠪᠠᠶᠢᠭᠤᠯᠤᠯᠲᠠ ᠶᠢᠨ ᠠᠬᠢᠴᠠ ᠶᠢ ᠵᠠᠢ ᠴᠢᠯᠦᠭᠡ ᠦᠭᠡᠢ ᠲᠦᠯᠬᠢᠨ ᠠᠬᠢᠭᠤᠯᠵᠤ᠂ 2017 ᠤᠨ ᠪᠤᠯᠬᠤ ᠳᠤ ᠲᠥᠷᠥᠯ ᠵᠦᠢᠯ ᠪᠦᠷ ᠠᠵᠢᠯ ᠳᠠᠭᠤᠰᠬᠤ ᠶᠢ ᠦᠨᠡᠨ ᠬᠦ ᠪᠠᠲᠤᠯᠠᠬᠤ ᠪᠤᠯᠤᠨ᠎ᠠ᠃      ᠡᠨᠡ 87 ᠲᠦᠷᠦᠯ ᠵᠦᠢᠯ ᠤᠨ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 71.87 ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠳᠤ᠂ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠪᠠᠷᠢᠯᠭ᠎ᠠ ᠨᠢ ᠮᠠᠨ ᠤ ᠤᠷᠤᠨ ᠤ 31 ᠬᠤᠰᠢᠭᠤ ᠰᠢᠶᠠᠨ ᠬᠤᠲᠠ ᠶᠢᠨ 53 ᠲᠥᠷᠥᠯ ᠵᠦᠢᠯ ᠲᠠᠢ ᠬᠤᠯᠪᠤᠭᠳᠠᠵᠤ᠂ ᠶᠡᠷᠦᠩᠬᠡᠶ ᠪᠡᠯᠡ ᠣᠷᠣᠭᠤᠯᠤᠯᠲᠠ ᠨᠢ 55.85 ᠳ᠋ᠦᠩᠰᠢᠭᠤᠷ ᠲᠥᠭᠦᠷᠢᠭ᠂ ᠣᠳᠣᠬᠠᠨ ᠳᠤ ᠨᠡᠶᠢᠲᠡ 18 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠪᠡ︔ ᠬᠤᠲᠠ ᠪᠠᠯᠭᠠᠰᠤ ᠶᠢᠨ ᠤᠰᠤ ᠬᠠᠩᠭᠠᠬᠤ ᠪᠠᠷᠢᠯᠭ᠎ᠠ ᠨᠢ ᠮᠠᠨ ᠤ ᠤᠷᠤᠨ ᠤ 25 ᠬᠤᠰᠢᠭᠤ ᠰᠢᠶᠠᠨ ᠤ 34 ᠲᠥᠷᠥᠯ ᠵᠦᠢᠯ ᠲᠠᠢ ᠬᠤᠯᠪᠤᠭᠳᠠᠵᠤ᠂ ᠶᠡᠷᠦᠩᠬᠡᠶ ᠪᠡᠯᠡ ᠣᠷᠣᠭᠤᠯᠤᠯᠲᠠ ᠨᠢ 16.02 ᠳ᠋ᠦᠩᠰᠢᠭᠤᠷ ᠲᠥᠭᠦᠷᠢᠭ᠂ ᠣᠳᠣᠬᠠᠨ ᠳᠤ ᠨᠡᠶᠢᠲᠡ 5.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠬᠤᠳᠠ ᠪᠠᠯᠭᠠᠰᠤᠨ ᠤ ᠳᠤᠯᠠᠭᠠᠯᠭ᠎ᠠ᠂ ᠤᠰᠤ ᠶᠢ ᠰᠠᠭᠠᠳ ᠦᠭᠡᠢ ᠬᠠᠩᠭᠠᠬᠤ ᠬᠤᠳᠠ ᠪᠠᠯᠭᠠᠰᠤᠨ ᠤ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠣᠳᠠᠰ ᠤᠨ ᠰᠠᠭᠤᠷᠢ ᠮᠥᠨ᠂ ᠪᠠᠰᠠ ᠴᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠡᠯᠧᠮᠧᠨ᠋ᠲ ᠪᠣᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠤᠯᠠᠨ ᠠᠴᠠ ᠪᠤᠯᠵᠤ᠂ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ ᠨᠢ ᠮᠠᠨ ᠤ ᠤᠷᠤᠨ ᠤ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠪᠠᠭᠤᠷᠠᠶ ᠲᠠᠯ᠎ᠠ ᠪᠤᠯᠤᠭᠰᠠᠨ ᠪᠠᠶᠢᠨ᠎ᠠ᠃ ᠳᠤᠲᠠᠭᠤ ᠲᠠᠯ᠎ᠠ ᠶᠢ ᠨᠥᠬᠦᠪᠥᠷᠢᠯᠡᠬᠦ᠂ ᠬᠤᠷᠢᠭ᠎ᠠ ᠱᠤᠭᠤᠮ ᠢᠶᠠᠷ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2015 ᠣᠨ ᠤ 3 ᠳ᠋ᠤᠭᠠᠷ ᠰᠠᠷ᠎ᠠ ᠠᠴᠠ ᠡᠬᠢᠯᠡᠵᠦ᠂ ᠮᠠᠨ ᠤ ᠣᠷᠣᠨ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠣᠯᠤᠨ 32 ᠬᠦᠨᠳᠦ ᠨᠣᠴᠢᠲᠠᠶ ᠤᠰᠤ ᠳᠤᠲᠠᠭᠳᠠᠵᠤ ᠪᠠᠶᠢᠭ᠎ᠠ 87 ᠬᠤᠰᠢᠭᠤ ᠰᠢᠶᠠᠨ ᠬᠤᠳᠠ ᠪᠠᠯᠭᠠᠰᠤᠨ ᠤ ᠳᠤᠯᠠᠭᠠᠯᠭ᠎ᠠ ᠬᠠᠩᠭᠠᠬᠤ᠂ ᠤᠰᠤ ᠬᠠᠩᠭᠠᠬᠤ ᠲᠦᠷᠦᠯ ᠵᠦᠢᠯ ᠪᠣᠯᠭᠠᠭᠰᠠᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠦᠪᠡᠳᠡᠭᠰᠢ  ᠶᠡᠭᠡ ᠪᠠᠶᠠᠷ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ︾᠎ ᠳᠤ ᠤᠷᠤᠭᠤᠯᠵᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠳᠤ ᠮᠡᠳᠡᠭᠦᠯᠪᠡ᠃ ᠡᠳᠡᠭᠡᠷ ᠲᠦᠷᠦᠯ ᠵᠦᠢᠯ ᠢ ᠬᠡᠷᠡᠭᠵᠢᠭᠦᠯᠦᠭᠰᠡᠨ ᠨᠢ ᠮᠠᠨ ᠤ ᠤᠷᠤᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠣᠭᠤᠷᠢᠭ ᠤᠨ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠦᠨᠡᠨ ᠬᠦ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠪᠠ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠬᠠᠩᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号