ᠥᠪᠥᠷ ᠮᠣᠩᠭᠤᠯ ᠤᠨ ᠶᠠᠳᠠᠭᠤ ᠬᠦᠴᠢᠷᠳᠡᠯ ᠲᠠᠢ 60 ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠨᠢ ᠤᠯᠤᠰ ᠤᠨ ᠠᠵᠢᠯ ᠲᠥᠷᠥᠯ ᠤᠨ ᠰᠢᠰᠲ᠋ᠧᠮ ᠤᠨ ᠳᠡᠳᠬᠦᠮᠵᠢ ᠬᠦᠷᠲᠡᠬᠦ ᠪᠠᠷ ᠪᠣᠯᠪᠠ
ᠨᠡᠶᠢᠲᠡᠯᠡᠭᠰᠡᠨ ᠴᠠᠭ᠄
2016/5/18
     ᠣᠷᠴᠢᠮᠬᠠᠨ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ  ︽ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠤᠭᠤᠳ ᠶᠠᠳᠠᠭᠤ ᠬᠦᠴᠢᠷᠳᠡᠯ ᠲᠠᠢ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ ᠲᠤᠬᠠᠶ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠪᠠ᠃ ᠤᠯᠤᠰ᠂ ᠥᠪᠡᠷᠲᠡᠭᠡᠨ  ᠵᠠᠰᠠᠬᠤ ᠣᠷᠣᠨ᠂ ᠠᠶᠢᠮᠠᠭ ᠬᠤᠳᠠ ᠶᠢᠨ ᠭᠤᠷᠪᠠᠨ ᠱᠠᠲᠤᠨ ᠤ 92 ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠤᠯᠤᠰ ᠤᠨ ᠭᠤᠣᠯᠳᠠᠯᠭ᠎ᠠ ᠲᠠᠢ ᠶᠠᠳᠠᠭᠤ ᠬᠦᠴᠢᠷᠳᠡᠯ ᠲᠠᠢ 31 ᠬᠤᠰᠢᠭᠤ ᠰᠢᠶᠠᠨ ᠤ 60 ᠡᠮᠨᠡᠯᠭᠡ ᠶᠢᠨ ᠬᠤᠷᠢᠶ᠎ᠠ ︵ᠮᠣᠩᠭᠤᠯ᠂ ᠬᠢᠲᠠᠳ ᠡᠮᠨᠡᠯᠭᠡ ᠶᠢᠨ ᠬᠤᠷᠢᠶ᠎ᠠ ᠪᠠᠭᠲᠠᠨ᠎ᠠ︶᠎ ᠶᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠᠷ ᠪᠠᠶᠢᠨ᠎ᠠ᠃  ᠣᠶᠢᠯᠠᠭᠠᠭᠰᠠᠨ ᠢᠶᠠᠷ᠂ ᠬᠠᠪᠰᠤᠷᠤᠨ ᠲᠡᠳᠬᠦᠬᠦ ᠴᠠᠭ ᠨᠢ 2016᠎ ᠠᠴᠠ 2020 ᠣᠨ ᠪᠣᠯᠣᠨ᠎ᠠ᠂ ᠣᠨᠴᠣᠭᠤᠶ ᠪᠠᠶᠢᠳᠠᠯ ᠦᠭᠡᠢ ᠪᠣᠯ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠳᠡᠳᠬᠦᠬᠦ ᠬᠠᠷᠢᠴᠠᠭ᠎ᠠ ᠪᠠᠨ ᠬᠤᠪᠢᠷᠠᠭᠤᠯᠵᠤ ᠪᠣᠯᠬᠤ ᠦᠭᠡᠢ᠃ ᠬᠠᠪᠰᠤᠷᠤᠨ ᠲᠡᠳᠬᠦᠬᠦ ᠡᠮᠨᠡᠯᠭᠡ ᠶᠢᠨ ᠬᠤᠷᠢᠶ᠎ᠠ ᠨᠢ ᠭᠤᠣᠯᠳᠠᠭᠤ ︽ᠪᠦᠯᠬᠦᠮ ᠪᠠᠶᠢᠭᠤᠯᠬᠤ ᠮᠠᠶ᠋ᠢᠭ︾᠎ ᠤᠨ ᠲᠤᠰᠠᠯᠠᠬᠤ ᠠᠷᠭ᠎ᠠ ᠬᠡᠯᠪᠡᠷᠢ ᠪᠠᠷ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ 1 ᠬᠤᠷᠢᠶᠠᠨ ᠳᠠᠷᠤᠭ᠎ᠠ ᠪᠤᠶᠤ ᠳᠡᠳ᠋ ᠬᠤᠷᠢᠶᠠᠨ ᠳᠠᠷᠤᠭ᠎ᠠ ᠪᠣᠯᠣᠨ ᠶᠠᠳᠠᠬᠤ ᠳᠠᠭᠠᠨ 5 ᠡᠮᠴᠢ ᠪᠠᠷ ᠪᠦᠷᠢᠯᠳᠦᠭᠰᠡᠨ ᠪᠦᠯᠬᠦᠮ ︵ᠬᠢᠲᠠᠳ ᠡᠮᠨᠡᠯᠭᠡ ᠶᠢᠨ ᠬᠤᠷᠢᠶ᠎ᠠ ᠳᠤ 3 ᠡᠮᠴᠢ ᠲᠣᠮᠢᠯᠠᠨ ᠰᠠᠭᠤᠯᠭᠠᠵᠤ ᠪᠣᠯᠣᠨ᠎ᠠ︶ ᠲᠣᠮᠢᠯᠠᠨ ᠰᠠᠭᠤᠯᠭᠠᠨ ᠬᠠᠪᠰᠤᠷᠤᠨ ᠳᠡᠳᠬᠦᠵᠦ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠬᠠᠮᠵᠢᠨ ᠡᠳᠦᠷ ᠲᠤᠳᠤᠮ ᠤᠨ ᠣᠨᠣᠰᠢᠯᠠᠨ ᠵᠠᠰᠠᠬᠤ ᠦᠢᠯᠡᠴᠢᠯᠡᠭᠡ ᠬᠢᠵᠦ᠂ ᠵᠢᠯ ᠪᠦᠷᠢ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠎ ᠳᠤ ᠨᠠᠭᠠᠳᠤ ᠵᠠᠬ᠎ᠠ ᠳᠠᠭᠠᠨ 3 ᠨᠡᠷᠡᠰ ᠭᠤᠣᠯᠯᠠᠭᠴᠢ ᠡᠮᠴᠢ ᠪᠤᠶᠤ ᠪᠤᠰᠤᠳ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠤᠨ ᠥᠭᠴᠦ᠂ ᠲᠥᠯᠥᠪᠯᠡᠭᠡ ᠲᠠᠢ ᠶᠠᠳᠠᠭᠤ ᠬᠦᠴᠢᠷᠳᠡᠯ ᠲᠠᠢ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ᠨᠢᠭᠡ ᠪᠦᠯᠦᠭ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠨᠢ ᠨᠡᠯᠢᠶᠡᠳ ᠥᠨᠳᠥᠷ ᠮᠡᠷᠭᠡᠵᠢᠯ ᠤᠨ ᠭᠤᠣᠯᠯᠠᠭᠴᠢ ᠬᠦᠴᠦᠨ  ᠬᠦᠮᠦᠵᠢᠭᠦᠯᠵᠦ ᠥᠭᠭᠦᠨ᠎ᠡ᠃ 2020 ᠣᠨ ᠪᠣᠯᠬᠤ ᠳᠤ ᠶᠠᠳᠠᠭᠤ ᠬᠦᠴᠢᠷᠳᠡᠯ ᠲᠠᠢ ᠰᠢᠶᠠᠨ ᠳᠤ ᠠᠯᠢ ᠴᠦᠬᠡᠨ ᠳᠡᠭᠡᠨ ᠨᠢᠭᠡ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠳᠤ ᠬᠦᠷᠦᠭᠦᠯᠵᠦ᠂ 30 ᠲᠦᠮᠡᠨ ᠬᠥᠮᠦᠨ ᠠᠴᠠ ᠳᠡᠭᠡᠭᠰᠢᠬᠢ ᠶᠠᠳᠠᠭᠤ ᠬᠦᠴᠢᠷᠳᠡᠯ ᠲᠠᠢ ᠰᠢᠶᠠᠨ ᠳᠤ ᠠᠯᠢ ᠴᠦᠬᠡᠨ ᠳᠡᠭᠡᠨ ᠨᠢᠭᠡ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠦᠭᠡ  ᠵᠡᠷᠭᠡ ᠶᠢᠨ ᠬᠢᠷᠢ ᠲᠥᠪᠰᠢᠨ ᠳᠤ ᠬᠦᠷᠦᠭᠦᠯᠵᠦ᠂ ᠶᠠᠳᠠᠭᠤ ᠬᠦᠴᠢᠷᠳᠡᠯ ᠲᠠᠢ ᠰᠠᠭᠤᠭᠠᠯᠢ ᠠᠷᠠᠳ ᠲᠤ᠋‌ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠲᠦᠮᠵᠢᠲᠠᠢ  ᠦᠢᠯᠡᠴᠢᠯᠡᠭᠡ ᠬᠠᠩᠭᠠᠬᠤ ᠪᠠᠷ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号