ᠡᠨᠡ ᠵᠢᠯ ᠥᠪᠥᠷ ᠮᠣᠩᠭᠤᠯ ︽ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠵᠠᠭᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ︾ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ 100 ᠴᠢᠳᠠᠪᠤᠷᠢᠲᠠᠨ ᠢ | ᠣᠷᠤᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠭᠤᠣᠯᠳᠠᠯᠭ᠎ᠠ ᠲᠠᠢ ᠳᠡᠮᠵᠢᠬᠦ ᠪᠠᠷ ᠪᠠᠶᠢᠨ᠎ᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13·5︾ ᠶᠢᠨ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠡᠳᠬᠢᠮᠵᠢ ᠶᠢ ᠦᠨᠳᠦᠰᠦᠯᠡᠨ᠂ ᠪᠦᠬᠦ ᠣᠷᠣᠨ ᠤᠯᠤᠰ ᠤᠨ ᠳᠣᠲᠣᠭᠠᠳᠤ | ᠭᠠᠳᠠᠭᠠᠳᠤ ᠠᠴᠠ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠴᠢᠬᠤᠯᠠ | ᠶᠡᠭᠡ ᠲᠥᠷᠥᠯ ᠵᠦᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠣᠷᠤᠭᠤᠯᠤᠨ | ᠠᠪᠴᠢᠷᠠᠵᠤ᠂ ︽ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠠᠭᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠬᠥᠭᠵᠢᠯᠲᠡ ᠶᠢ | ᠪᠠᠴᠢᠮ ᠬᠡᠷᠡᠭᠴᠡᠭᠡ ᠪᠥᠬᠦᠢ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠷᠭᠡᠨ ᠬᠥᠮᠦᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠪᠦᠯᠬᠦᠮ ᠪᠠᠭ ᠤᠨ | ᠪᠠᠶᠢᠭᠤᠯᠤᠯᠲᠠ ᠶᠢ ᠲᠥᠷᠭᠡᠳᠬᠡᠵᠦ᠂ ᠲᠤᠭ᠎ᠠ ᠬᠡᠮᠵᠢᠶ᠎ᠡ ᠬᠦᠷᠦᠯᠴᠡᠬᠦ᠋ᠢᠴᠡ ᠥᠨᠳᠥᠷ ᠤᠷ᠎ᠠ ᠮᠡᠷᠭᠡᠰᠢᠯᠳᠦ | ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠬᠤ ᠪᠠᠷ ᠪᠠᠶᠢᠨ᠎ᠠ᠃ | ︽12·5︾ ᠶᠢᠨ ᠲᠥᠯᠥᠪᠵᠢᠭᠦᠯᠭᠡ ᠠᠴᠠ ᠨᠠᠰᠢ᠂ ᠥᠪᠥᠷ ᠮᠣᠩᠭᠤᠯ ᠴᠢᠳᠠᠪᠤᠷᠢᠲᠠᠨ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠦᠨ᠂ ︽ᠲᠠᠯ᠎ᠠ ᠨᠤᠲᠤᠭ ᠤᠨ ᠰᠣᠳᠣᠨ | ᠴᠢᠳᠠᠪᠤᠷᠢᠲᠠᠨ︾ ᠤ ᠢᠨᠵᠧᠨᠧᠷᠢᠩ ᠢ ᠭᠦᠨᠵᠡᠭᠡᠶᠢᠷᠡᠭᠦᠯᠵᠦ᠂ 5 ᠵᠢᠯ ᠤᠨ ᠳᠣᠲᠣᠷ᠎ᠠ ᠨᠡᠶᠢᠳᠡ 175 ᠰᠢᠨ᠎ᠡ ᠶᠢ | ᠡᠭᠦᠳᠬᠦ ᠪᠦᠯᠬᠦᠮ ᠪᠠᠭ ᠢ ᠪᠣᠶᠢᠵᠢᠭᠤᠯᠣᠨ ᠳᠡᠮᠵᠢᠵᠦ᠂ 712 ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠢ | ᠣᠷᠤᠭᠤᠯᠤᠨ ᠠᠪᠴᠢᠷᠠᠭᠰᠠᠨ ᠪᠠ ᠬᠥᠮᠦᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠠᠴᠠ ᠳᠡᠭᠡᠳᠦ ᠳᠡᠰ | ᠳᠠᠪᠬᠤᠷᠭ᠎ᠠ ᠶᠢᠨ 97 ᠴᠢᠳᠠᠪᠤᠷᠢᠲᠠᠨ ᠢ ᠣᠷᠤᠭᠤᠯᠤᠨ ᠠᠪᠴᠢᠷᠠᠪᠠ᠃ ᠡᠭᠦᠨ ᠤ ᠬᠠᠮᠲᠤ᠂ ᠥᠪᠥᠷ ᠮᠣᠩᠭᠤᠯ ᠪᠠᠰᠠ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠠᠷ ᠬᠥᠮᠦᠵᠢᠭᠦᠯᠬᠦ ᠪᠠ ᠬᠥᠲᠥᠯᠥᠨ ᠵᠢᠯᠤᠭᠤᠳᠬᠤ ᠪᠠᠷ | ᠳᠠᠮᠵᠢᠭᠤᠯᠤᠨ᠂ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠤᠯᠤᠰ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠠᠴᠠ 1321 ᠵᠦᠢᠯ ᠣᠯᠵᠣ ᠥᠭᠴᠦ᠂ ᠵᠠᠷᠤᠳᠠᠯ ᠨᠢ 6. | 15 ᠳ᠋ᠥᠡᠭᠰᠢᠭᠤᠷ ᠲᠥᠭᠦᠷᠢᠭ ᠲᠤ ᠬᠦᠷᠴᠦ᠂ ︽11·5︾ ᠶᠢᠨ ᠲᠥᠯᠥᠪᠵᠢᠭᠦᠯᠭᠡ ᠶᠢᠨ 4.62 ᠳᠠᠬᠢᠨ ᠪᠣᠯᠪᠠ᠃ | |