ᠪᠦᠬᠦ ᠣᠷᠣᠨ ᠤ ᠡᠯ᠎ᠡ ᠭᠤᠣᠯ ᠪᠣᠯᠬᠤ ᠠᠮᠤ ᠪᠤᠳᠠᠭᠠᠨ ᠤ ᠭᠠᠷᠤᠯᠲᠠ ᠶᠢᠨ ᠤᠷᠤᠨ ᠤ ᠦᠨ᠎ᠡ ᠬᠠᠩᠰᠢ ᠶᠢ | ᠬᠢᠨᠠᠨ ᠬᠡᠮᠵᠢᠬᠦ ᠪᠠᠶᠢᠭᠤᠯᠤᠮᠵᠢ ᠶᠢᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠠᠴᠠ ᠦᠵᠡᠪᠡᠯ᠂ 5 ᠳ᠋ᠤᠭᠠᠷ | ᠰᠠᠷ᠎ᠠ ᠶᠢᠨ ᠡᠬᠢᠨ ᠳᠤ᠂ ᠮᠠᠨ ᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ | ᠬᠠᠩᠰᠢ ᠲᠣᠭᠲᠠᠭᠤᠨ ᠳᠤᠮᠳᠠ ᠪᠠᠭ᠎ᠠ ᠬᠡᠯᠪᠡᠯᠵᠡᠯᠲᠡ ᠲᠠᠢ ᠪᠠᠶᠢᠪᠠ᠃ ᠡᠭᠦᠨ ᠳᠤ᠂ ᠬᠢᠮᠢ ᠶᠢᠨ ᠪᠤᠷᠳᠤᠭᠤᠷ ᠤᠨ | ᠦᠨ᠎ᠡ ᠥᠰᠦᠯᠲᠡ ᠲᠠᠢ ᠪᠠᠭᠤᠷᠠᠯᠲᠠ ᠲᠠᠢ ᠪᠠᠶᠢᠵᠤ᠂ ᠲᠠᠷᠢᠶᠠᠨ ᠡᠮ᠂ ᠲᠠᠷᠢᠶᠠᠨ ᠦᠷ᠎ᠡ᠂ ᠲᠠᠷᠢᠶᠠᠯᠠᠩ ᠳᠤ ᠬᠡᠷᠡᠭᠯᠡᠬᠦ | ᠨᠢᠮᠭᠡᠨ ᠰᠦᠯᠢᠶᠣᠣ ᠶᠢᠨ ᠦᠨ᠎ᠡ ᠲᠣᠭᠲᠠᠭᠤᠨ ᠪᠠᠶᠢᠪᠠ᠃ | ᠬᠢᠮᠢ ᠶᠢᠨ ᠪᠤᠷᠳᠤᠭᠤᠷ ᠤᠨ ᠦᠨ᠎ᠡ ᠥᠰᠦᠯᠲᠡ ᠲᠠᠢ ᠪᠠᠭᠤᠷᠠᠯᠲᠠ ᠲᠠᠢ ᠪᠣᠯᠪᠠ | 5 ᠳ᠋ᠤᠭᠠᠷ ᠰᠠᠷ᠎ᠠ ᠶᠢᠨ ᠡᠬᠢᠨ ᠳᠤ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠦ ᠠᠮᠮᠣᠨᠢ᠂ ᠰᠢᠭᠡᠰᠦᠯᠢᠭ ᠡᠳ᠋᠂ | ᠹᠣᠰᠹᠣᠷ ᠬᠦᠴᠢᠯ ᠤᠨ ᠬᠤᠶᠠᠷ ᠠᠮᠮᠣᠨᠢ᠂ ᠭᠤᠷᠪᠠᠨ ᠡᠰᠢᠲᠦ ᠠᠮᠢᠨᠣ᠋ ᠨᠡᠶᠢᠯᠡᠮᠡᠯ ᠪᠤᠷᠳᠣᠭᠤᠷ ︵ᠪᠦᠷ ᠤᠯᠤᠰ ᠲᠠᠭᠠᠨ | ᠦᠢᠯᠡᠳᠪᠦᠷᠢᠯᠡᠭᠰᠡᠨ᠂ ᠳᠣᠷᠣᠭᠰᠢ ᠠᠳᠠᠯᠢ︶ ᠤᠨ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ ᠲᠤᠰ ᠲᠤᠰ0.66 | ᠲᠦᠭᠦᠷᠢᠭ᠂ 1.53 ᠲᠥᠭᠦᠷᠢᠭ᠂ 2.88 ᠲᠥᠭᠦᠷᠢᠭ᠂ 2.54 ᠲᠥᠭᠦᠷᠢᠭ᠂ 2.53 ᠲᠥᠭᠦᠷᠢᠭ ᠪᠠᠶᠢᠵᠤ᠂ | 2016 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠶᠢᠨ ᠦᠶ᠎ᠡ ᠲᠠᠢ ᠠᠳᠠᠯᠢᠳᠬᠠᠪᠠᠯ᠂ ᠨᠡᠭᠦᠷᠡᠰᠦᠬᠦ᠋ᠴᠢᠯ ᠤᠨ | ᠤᠰᠤᠲᠥ᠋ᠷᠥᠭᠴᠢᠲᠦ ᠠᠮᠮᠣᠨᠢ᠂ ᠰᠢᠭᠡᠰᠦᠯᠢᠭ ᠡᠳ᠋ ᠤᠨ ᠦᠨ᠎ᠡ ᠲᠤᠰᠪᠦᠷᠢ 3.13%᠂ 0.66% ᠥᠰᠴᠦ᠂ | ᠹᠣᠰᠹᠣᠷ ᠬᠦᠴᠢᠯ ᠤᠨ ᠬᠤᠶᠠᠷ ᠠᠮᠮᠣᠨᠢ᠂ ᠭᠤᠷᠪᠠᠨ ᠡᠰᠢᠲᠦ ᠠᠮᠢᠨᠣ᠋ ᠨᠡᠶᠢᠯᠡᠮᠡᠯ ᠪᠤᠷᠳᠤᠭᠤᠷ ᠤᠨ ᠦᠨ᠎ᠡ ᠬᠠᠩᠰᠢ | ᠲᠣᠰᠪᠤᠷᠢ1.03%᠂ 1.17% ᠪᠠᠷ ᠪᠠᠭᠤᠷᠠᠨ᠂ ᠭᠤᠷᠪᠠᠨ ᠡᠰᠢᠲᠦ ᠬᠥᠭᠦᠷᠮᠡᠭ ᠨᠡᠶᠢᠯᠡᠮᠡᠯ ᠪᠤᠷᠳᠤᠭᠤᠷ ᠤᠨ | ᠦᠨ᠎ᠡ ᠨᠢ ᠠᠳᠠᠯᠢ ᠪᠠᠶᠢᠪᠠ︔ 2015 ᠣᠨ ᠤ 5 ᠳ᠋ᠤᠭᠠᠷ ᠰᠠᠷ᠎ᠠ ᠶᠢᠨ ᠡᠬᠢᠨ ᠤ ᠦᠶ᠎ᠡ ᠲᠠᠢ ᠠᠳᠠᠯᠢᠳᠬᠠᠪᠠᠯ᠂ | ᠨᠡᠭᠦᠷᠡᠰᠦᠬᠦ᠋ᠴᠢᠯ ᠤᠨ ᠤᠰᠤᠲᠥ᠋ᠷᠥᠭᠴᠢᠲᠦ ᠠᠮᠮᠣᠨᠢ᠂ ᠰᠢᠭᠡᠰᠦᠯᠢᠭ ᠡᠳ᠋᠂ ᠹᠣᠰᠹᠣᠷ ᠬᠦᠴᠢᠯ ᠤᠨ ᠬᠤᠶᠠᠷ ᠠᠮᠮᠣᠨᠢ᠂ | ᠭᠤᠷᠪᠠᠨ ᠡᠰᠢᠲᠦ ᠬᠥᠭᠦᠷᠮᠡᠭ ᠨᠡᠶᠢᠯᠡᠮᠡᠯ ᠪᠤᠷᠳᠤᠭᠤᠷ ᠤᠨ ᠦᠨ᠎ᠡ ᠲᠤᠰ ᠲᠤᠰ 2.94%᠂ 15.47%᠂ 6. | 80%᠂ 1.56% ᠪᠠᠷ ᠪᠠᠭᠤᠷᠠᠨ᠂ ᠭᠤᠷᠪᠠᠨ ᠡᠰᠢᠲᠦ ᠠᠮᠢᠨᠣ᠋ ᠨᠡᠶᠢᠯᠡᠮᠡᠯ ᠪᠤᠷᠳᠤᠭᠤᠷ ᠤᠨ ᠦᠨ᠎ᠡ 4.53% ᠪᠠᠷ | ᠥᠰᠪᠡ᠃ | ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠶᠢᠨ ᠦᠨ᠎ᠡ ᠲᠣᠭᠲᠠᠭᠤᠨ ᠪᠠᠶᠢᠨ᠎ᠠ | 5 ᠳ᠋ᠤᠭᠠᠷ ᠰᠠᠷ᠎ᠠ ᠶᠢᠨ ᠡᠬᠢᠨ ᠳᠤ᠂ ᠰᠠᠷᠠᠪᠴᠢ ᠶᠢᠨ ᠪᠦᠷᠬᠦᠪᠴᠢ᠂ ᠲᠠᠷᠢᠶᠠᠯᠠᠩ ᠳᠤ ᠬᠡᠷᠡᠭᠯᠡᠬᠦ ᠨᠢᠮᠭᠡᠨ | ᠰᠦᠯᠢᠶᠣᠣ ᠶᠢᠨ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ ᠲᠣᠰᠪᠤᠷᠢ 12.80 ᠲᠥᠭᠦᠷᠢᠭ᠂ 11.79 | ᠲᠥᠭᠦᠷᠢᠭ ᠪᠠᠶᠢᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠶᠢᠨ ᠦᠶ᠎ᠡ ᠲᠠᠢ ᠠᠳᠠᠯᠢᠳᠬᠠᠪᠠᠯ ᠪᠠᠷᠤᠭ ᠬᠤᠪᠢᠷᠠᠯᠲᠠ | ᠭᠠᠷᠤᠭᠰᠠᠨ ᠦᠭᠡᠢ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠲᠣᠰ ᠲᠣᠰ 8.57%᠂ 1.42% | ᠢᠶᠠᠷ ᠪᠠᠭᠤᠷᠠᠪᠠ᠃ | ᠲᠠᠷᠢᠶᠠᠨ ᠡᠮ ᠤᠨ ᠦᠨ᠎ᠡ ᠲᠣᠭᠳᠠᠭᠤᠨ ᠪᠠᠶᠢᠨ᠎ᠠ | 5 ᠳ᠋ᠤᠭᠠᠷ ᠰᠠᠷ᠎ᠠ ᠶᠢᠨ ᠡᠬᠢᠨ ᠳᠤ᠂ ᠠᠷᠪᠢᠳ᠋ ᠡᠳ᠋ ᠪᠠᠺᠲ᠋ᠧᠷᠢ᠂ ᠡᠪᠡᠰᠦ ᠭᠠᠨ ᠯᠢᠨ ᠢᠽᠤᠫᠷᠤᠫᠢᠯ ᠠᠮᠢᠨ | ᠳᠠᠪᠤᠰᠤ᠂ ᠤᠯᠠᠨ ᠲᠦᠷᠤᠯ ᠤᠨ ᠪᠠᠺᠲ᠋ᠧᠷᠢ ᠯᠢᠩ ᠤᠨ ᠳᠤᠮᠳᠠᠴᠢ ᠦᠨ᠎ᠡ ᠨᠢ ᠲᠤᠰ ᠪᠦᠷᠢ 6.38 ᠲᠥᠭᠦᠷᠢᠭ/ml᠂ | 3.95 ᠲᠥᠭᠦᠷᠢᠭ/ml᠂ 3.21 ᠲᠥᠭᠦᠷᠢᠭ/100 ᠭᠷᠠᠮ ᠪᠠᠶᠢᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠶᠢᠨ | ᠦᠶ᠎ᠡ ᠲᠠᠢ ᠠᠳᠠᠯᠢᠳᠬᠠᠪᠠᠯ ᠪᠠᠷᠤᠭ ᠬᠤᠪᠢᠷᠠᠯᠲᠠ ᠭᠠᠷᠤᠭᠰᠠᠨ ᠦᠭᠡᠢ︔ ᠳᠡᠭᠡᠷ᠎ᠡ ᠵᠢᠯ ᠤᠨ ᠠᠳᠠᠯᠢ ᠬᠤᠭᠤᠴᠠᠭ᠎ᠠ | ᠲᠠᠢ ᠠᠳᠠᠯᠢᠳᠬᠠᠪᠠᠯ᠂ ᠠᠷᠪᠢᠳ᠋ ᠡᠳ᠋ ᠪᠠᠺᠲ᠋ᠧᠷᠢ ᠤᠨ ᠦᠨ᠎ᠡ 1.85% ᠪᠠᠷ ᠪᠠᠭᠤᠷᠠᠨ᠂ ᠡᠪᠡᠰᠦ ᠭᠠᠨ ᠯᠢᠨ | ᠢᠽᠤᠫᠷᠤᠫᠢᠯ ᠠᠮᠢᠨ ᠳᠠᠪᠤᠰᠤ᠂ ᠤᠯᠠᠨ ᠲᠦᠷᠤᠯ ᠤᠨ ᠪᠠᠺᠲ᠋ᠧᠷᠢ ᠯᠢᠩ ᠤᠨ ᠦᠨ᠎ᠡ ᠨᠢ ᠪᠠᠷᠤᠭ ᠬᠤᠪᠢᠷᠠᠯᠲᠠ | ᠭᠠᠷᠤᠭᠰᠠᠨ ᠦᠭᠡᠢ᠃ | ᠲᠠᠷᠢᠶᠠᠨ ᠦᠷ᠎ᠡ ᠶᠢᠨ ᠦᠨ᠎ᠡ ᠲᠣᠭᠲᠠᠭᠤᠨ ᠪᠠᠶᠢᠨ᠎ᠠ | 5 ᠳ᠋ᠤᠭᠠᠷ ᠰᠠᠷ᠎ᠠ ᠶᠢᠨ ᠡᠬᠢᠨ ᠳᠤ᠂ ᠡᠷᠳᠡᠨᠢ ᠰᠢᠰᠢ᠂ ᠪᠤᠭᠤᠳᠠᠢ᠂ ᠲᠤᠲᠤᠷᠭ᠎ᠠ ᠶᠢᠨ ᠳᠤᠮᠳᠠᠴᠢ ᠦᠨ᠎ᠡ ᠨᠢ | ᠺᠢᠯᠣᠭ᠍ᠷᠠᠮ ᠪᠦᠷᠢ ᠳᠡᠭᠡᠨ ᠲᠤᠰ ᠲᠤᠰ 15.85 ᠲᠥᠭᠦᠷᠢᠭ᠂ 3.53 ᠲᠥᠭᠦᠷᠢᠭ᠂ 7.10 ᠲᠥᠭᠦᠷᠢᠭ ᠪᠣᠯᠪᠠ᠃ | 4 ᠳ᠋ᠦ᠋ᠭᠡᠷ ᠰᠠᠷ᠎ᠠ ᠶᠢᠨ ᠰᠡᠭᠦᠯᠴᠢ ᠶᠢᠨ ᠦᠶ᠎ᠡ ᠲᠠᠢ ᠠᠳᠠᠯᠢᠳᠬᠠᠪᠠᠯ ᠪᠠᠷᠤᠭ ᠬᠤᠪᠢᠷᠠᠯᠲᠠ ᠭᠠᠷᠤᠭᠰᠠᠨ ᠦᠭᠡᠢ︔ | ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ᠂ ᠡᠷᠳᠡᠨᠢ ᠰᠢᠰᠢ ᠶᠢᠨ ᠦᠨ᠎ᠡ 19.39% ᠪᠠᠷ | ᠥᠰᠴᠦ᠂ ᠪᠤᠭᠤᠳᠠᠢ᠂ ᠲᠤᠲᠤᠷᠭ᠎ᠠ ᠶᠢᠨ ᠦᠨ᠎ᠡ ᠲᠤᠰ ᠲᠤᠰ 6.28%᠂ 21.11% ᠪᠠᠷ ᠪᠠᠭᠤᠷᠠᠪᠠ᠃ |