︽ᠤᠯᠠᠭᠠᠨᠬᠠᠳᠠ ᠮᠠᠨᠵᠤᠤᠷ ᠧᠦ᠋ᠷᠣᠫᠠ︾᠎ ᠶᠢᠨ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠥᠪᠥᠷ ᠮᠣᠩᠭᠤᠯ ᠤᠨ ᠤᠯᠠᠭᠠᠨᠬᠠᠳᠠ ᠠᠴᠠ ᠠᠩᠬ᠎ᠠ ᠤᠳᠠᠭ᠎ᠠ ᠮᠤᠷᠳᠠᠪᠠ
ᠨᠡᠶᠢᠲᠡᠯᠡᠭᠰᠡᠨ ᠴᠠᠭ᠄
2016/5/18
      ︽ᠤᠯᠠᠭᠠᠨᠬᠠᠳᠠ ᠮᠠᠨᠵᠤᠤᠷ ᠡᠸᠦ᠋ᠷᠦᠫᠡ︾᠎ ᠶᠢᠨ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠠᠩᠬᠠᠳᠠᠭᠴᠢ ᠡᠭᠡᠯᠵᠢᠨ ᠤ ᠭᠠᠯᠲᠤ ᠲᠡᠷᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠠᠴᠠ ᠤᠷᠤᠰ ᠲᠡᠰᠢ ᠮᠤᠷᠳᠠᠪᠠ      17᠎ ᠤ ᠡᠳᠦᠷ ᠤᠨ 9 ᠴᠠᠭ 38 ᠮᠢᠨᠦ᠋ᠲ ᠲᠤ᠂ ︽ᠤᠯᠠᠭᠠᠨᠬᠠᠳᠠ ᠮᠠᠨᠵᠤᠤᠷ ᠡᠸᠦ᠋ᠷᠦᠫᠡ︾᠎ ᠶᠢᠨ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠠᠩᠬᠠᠳᠠᠭᠴᠢ ᠡᠭᠡᠯᠵᠢᠨ ᠤ ᠭᠠᠯᠲᠤ ᠲᠡᠷᠭᠡ 1100 ᠲᠦᠮᠡᠨ ᠲᠣᠨ ᠯᠠᠶᠢᠰᠢᠨ ᠰᠢᠪᠲᠦᠷᠲᠦ ᠬᠦᠴᠢᠯ ᠢ ᠳᠦᠭᠦᠷᠲᠡᠯ᠎ᠡ ᠲᠡᠭᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠦᠪ ᠤᠨ ᠲᠡᠮᠦᠷ ᠵᠠᠮ ᠤᠨ ᠲᠡᠭᠡᠭᠡᠪᠦᠷᠢ ᠶᠢᠨ ᠰᠠᠭᠤᠷᠢᠨ ᠭᠠᠵᠠᠷ ᠠᠴᠠ ᠤᠷᠤᠰ ᠵᠦᠭ ᠮᠤᠷᠳᠠᠪᠠ᠃      ︽ᠤᠯᠠᠭᠠᠨᠬᠠᠳᠠ ᠮᠠᠨᠵᠤᠤᠷ ᠡᠸᠦ᠋ᠷᠦᠫᠡ︾᠎ ᠶᠢᠨ ᠡᠭᠡᠯᠵᠢ ᠶᠢᠨ ᠭᠠᠯᠲᠤ ᠲᠡᠷᠭᠡ ᠶᠢᠨ ᠪᠦᠬᠦ ᠵᠠᠮ ᠤᠨ ᠤᠷᠲᠤ ᠨᠢ 9000 ᠺᠢᠯᠣᠮᠧᠲᠷ᠂ ᠭᠠᠭᠴᠠ ᠲᠠᠯ᠎ᠠ ᠶᠢᠨ ᠠᠶᠠᠯᠠᠯ ᠳᠤ 10 — 12 ᠡᠳᠦᠷ ᠬᠡᠷᠡᠭᠰᠡᠨ᠎ᠡ᠃ ᠲᠤᠰ ᠡᠭᠡᠯᠵᠢ ᠶᠢᠨ ᠭᠠᠯᠲᠤ ᠲᠡᠷᠭᠡ ᠶᠢ ᠠᠰᠢᠭᠯᠠᠬᠤ ᠶᠢᠨ ᠲᠤᠰᠠᠳᠠ᠂ ᠮᠠᠨ ᠤ ᠤᠯᠤᠰ ᠤᠨ ᠭᠠᠳᠠᠭᠠᠳᠤ ᠳᠤ ᠭᠠᠷᠭᠠᠬᠤ ᠪᠠᠷᠠᠭ᠎ᠠ ᠶᠢ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠦᠪ ᠲᠤ ᠴᠤᠭᠯᠠᠷᠠᠭᠤᠯᠵᠤ᠂ ︽ᠤᠷᠤᠨᠴᠢᠯᠠᠨ ᠮᠡᠳᠡᠭᠦᠯᠦᠨ ᠰᠢᠯᠭᠠᠨ ᠪᠠᠶᠢᠴᠠᠭᠠᠯᠭᠠᠵᠤ᠂ ᠪᠣᠭᠤᠮᠲᠠ ᠠᠴᠠ ᠰᠢᠯᠭᠠᠨ ᠶᠠᠪᠤᠭᠤᠯᠬᠤ︾ ᠪᠣᠭᠤᠮᠲᠠ ᠪᠠᠷ ᠲᠦᠷᠭᠡᠨ ᠥᠩᠭᠡᠷᠡᠬᠦ ᠵᠠᠭᠪᠤᠷ ᠤᠨ ᠶᠤᠰᠤᠭᠠᠷ᠂ ᠨᠢᠭᠡ ᠤᠳᠠᠭ᠎ᠠ ᠮᠡᠳᠡᠭᠦᠯᠬᠦ᠂ ᠨᠢᠭᠡ ᠤᠳᠠᠭ᠎ᠠ ᠪᠠᠶᠢᠴᠠᠭᠠᠨ ᠰᠢᠯᠭᠠᠬᠤ᠂ ᠨᠢᠭᠡ ᠤᠳᠠᠭ᠎ᠠ ᠳᠤ ᠭᠠᠷᠭᠠᠬᠤ ᠶᠢ ᠪᠡᠶᠡᠯᠡᠭᠦᠯᠵᠦ᠂ ᠪᠣᠭᠤᠮᠲᠠ ᠳᠤ ᠮᠡᠳᠡᠭᠦᠯᠬᠦ᠂ ᠪᠠᠶᠢᠴᠠᠭᠠᠨ ᠰᠢᠯᠭᠠᠬᠤ ᠪᠣᠯᠤᠨ ᠪᠣᠭᠤᠮᠲᠠ ᠪᠠᠷ ᠨᠡᠪᠲᠡᠷᠡᠭᠦᠯᠬᠦ ᠦᠶᠡᠯᠡᠯ ᠢ ᠦᠨᠡᠨ ᠬᠦ ᠪᠤᠭᠤᠨᠢᠰᠬᠠᠭᠰᠠᠨ ᠤ ᠬᠠᠮᠲᠤ ᠲᠡᠮᠦᠷ ᠵᠠᠮ ᠤᠨ ᠲᠡᠭᠡᠭᠡᠪᠦᠷᠢ ᠶᠢᠨ ᠳᠠᠪᠠᠭᠤᠯᠢᠭ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠲᠡᠭᠡᠭᠡᠪᠦᠷᠢ ᠶᠢᠨ ᠦᠷ᠎ᠡ ᠪᠦᠲᠦᠭᠡᠯ ᠢ ᠶᠡᠬᠡᠪᠡᠷ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠦᠢᠯᠡᠳᠬᠦᠨ ᠤ ᠳᠡᠯᠡᠬᠡᠶ ᠳᠡᠭᠡᠷᠡᠬᠢ ᠥᠷᠢᠰᠥᠯᠳᠦᠬᠦ ᠴᠢᠳᠠᠯ ᠢ ᠦᠨᠡᠨ ᠬᠦ ᠴᠢᠩᠭᠠᠳᠬᠠᠨ᠎ᠠ᠃ ᠤᠤᠭᠠᠨ ᠠᠶᠠᠯᠠᠯ ᠢᠶᠠᠨ ᠡᠬᠢᠯᠡᠭᠦᠯᠦᠭᠰᠡᠨ ᠲᠠᠷᠠᠭ᠎ᠠ᠂  ᠡᠭᠡᠯᠵᠢ ᠶᠢᠨ ᠭᠠᠯᠲᠤ ᠲᠡᠷᠭᠡ ᠠᠳᠠᠯᠢ ᠪᠤᠰᠤ ᠵᠠᠬᠢᠶᠠᠯᠠᠭ᠎ᠠ ᠶᠢᠨ ᠪᠠᠷᠠᠭ᠎ᠠ ᠶᠢ ᠭᠠᠷᠠᠭ ᠪᠦᠷᠢ ᠨᠢᠭᠡ ᠡᠭᠡᠯᠵᠢ ᠶᠢᠨ ᠳᠠᠪᠲᠠᠮᠵᠢ ᠶᠣᠰᠣᠭᠠᠷ ᠣᠷᠣᠰ᠂ ᠪᠤᠯᠤᠷᠦ᠋ᠰ᠂ ᠫᠤᠯᠠᠨᠳ᠋᠂ ᠭᠧᠷᠮᠡᠨ ᠵᠢᠴᠢ ᠬᠤᠯᠠᠨᠳ᠋ ᠵᠡᠷᠭᠡ ᠭᠠᠵᠠᠷ ᠤᠳ ᠲᠤ ᠶᠠᠪᠤᠨ᠎ᠠ᠃ ᠥᠪᠥᠷ ᠮᠣᠩᠭᠤᠯ᠂ ᠪᠡᠭᠡᠵᠢᠩ ᠲᠢᠶᠠᠨᠵᠢᠨ ᠾᠧᠪᠧᠶ ᠴᠢᠨᠠᠭᠰᠢᠯᠠᠪᠠᠯ ᠵᠢᠶᠠᠩᠰᠦ ᠵᠧᠵᠢᠶᠠᠩ ᠤᠨ ᠭᠠᠳᠠᠭᠠᠳᠤ ᠠᠷᠠᠯᠵᠢᠶᠠᠨ ᠤ ᠦᠢᠯᠡᠳᠬᠦᠨ ᠪᠣᠯᠤᠨ ᠶᠡᠭᠡ ᠬᠡᠮᠵᠢᠶᠡᠨ ᠤ ᠪᠠᠷᠠᠭ᠎ᠠ ᠶᠢ ᠭᠠᠳᠠᠭᠠᠳᠤ ᠳᠤ ᠵᠦᠭᠡᠭᠡᠪᠦᠷᠢᠯᠡᠬᠦ ᠠᠴᠠ ᠭᠠᠳᠠᠨ᠎ᠠ᠂ ᠣᠷᠣᠰ ᠪᠣᠯᠤᠨ ᠡᠸᠦ᠋ᠷᠦᠫᠡ ᠶᠢᠨ ᠬᠤᠯᠪᠤᠭᠠᠨ ᠤ ᠤᠯᠤᠰ ᠤᠳ ᠤᠨ ᠮᠠᠰᠢᠨ ᠲᠡᠷᠭᠡᠨ ᠤ ᠰᠡᠯᠪᠢᠭ ᠲᠤᠨᠤᠭ᠂ ᠮᠣᠳᠣᠨ ᠮᠠᠲ᠋ᠧᠷᠢᠶᠠᠯ᠂ ᠢᠳᠡᠭᠡᠨ ᠵᠡᠷᠭᠡ ᠪᠠᠷᠠᠭ᠎ᠠ ᠶᠢ ᠴᠤ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠦᠪ ᠲᠤ ᠲᠦᠪᠯᠡᠷᠡᠭᠦᠯᠦᠨ ᠵᠦᠭᠡᠭᠡᠪᠦᠷᠢᠯᠡᠨ ᠠᠪᠴᠢᠷᠠᠵᠤ ᠪᠦᠬᠦ ᠤᠯᠤᠰ ᠤᠨ ᠡᠯ᠎ᠡ ᠭᠠᠵᠠᠷ ᠲᠤ ᠬᠦᠷᠭᠡᠬᠦ ᠪᠤᠯᠤᠨ᠎ᠠ᠃      ᠤᠯᠤᠰ ᠤᠨ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢ ᠳᠠᠭᠠᠯᠳᠤᠨ᠂ ᠤᠯᠠᠭᠠᠨᠬᠠᠳᠠ ᠬᠤᠲᠠ ᠬᠥᠭᠵᠢᠯᠲᠡ ᠶᠢᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ︽ᠤᠮᠠᠷᠠᠰᠢ ᠮᠣᠩᠭᠤᠯ ᠤᠷᠤᠰ ᠢ ᠵᠠᠯᠭᠠᠬᠤ᠂ ᠵᠡᠭᠦᠨᠰᠢ ᠶᠠᠫᠣᠨ ᠺᠣᠷᠢᠶᠠ᠂ ᠡᠮᠦᠨᠡᠰᠢ ᠳᠠᠯᠠᠶ ᠳᠤ ᠭᠠᠷᠬᠤ︾ ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠪᠠ᠃ 2015 ᠤᠨ ᠤ ᠡᠬᠢ ᠪᠠᠷ᠂ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠪᠤᠭᠤᠮᠲᠠ ᠶᠢᠨ ᠡᠵᠡᠩᠨᠡᠯᠲᠡ ᠪᠠᠨ ᠵᠢᠩᠬᠢᠨᠢ ᠪᠠᠷ ᠡᠬᠢᠯᠡᠵᠦ᠂ ᠥᠪᠥᠷ ᠮᠣᠩᠭᠤᠯ ᠤᠨ ᠵᠡᠭᠦᠨ ᠪᠡᠶ᠎ᠡ᠂ ᠾᠧᠪᠡᠢ ᠶᠢᠨ ᠬᠤᠶᠢᠲᠤ ᠪᠠᠶ᠎ᠡ ᠪᠠ ᠯᠢᠶᠣᠤᠨᠢᠩ ᠤᠨ ᠪᠠᠷᠠᠭᠤᠨ ᠪᠡᠶ᠎ᠡ ᠶᠢᠨ ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠤᠳ ᠭᠠᠳᠠᠭᠠᠳᠤ ᠠᠴᠠ ᠣᠷᠣᠭᠤᠯᠬᠤ ᠭᠠᠶᠢᠯᠢ ᠪᠠᠲᠤᠯᠠᠬᠤ᠂ ᠭᠠᠳᠠᠭᠠᠳᠤ ᠳᠤ ᠭᠠᠷᠭᠠᠬᠤ ᠦᠢᠯᠡᠳᠬᠦᠨ ᠤ ᠭᠠᠶᠢᠯᠢ ᠶᠢ ᠪᠤᠴᠠᠭᠠᠬᠤ᠂ ᠤᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠪᠠ ᠭᠠᠷᠠᠮ ᠳᠠᠮᠵᠢᠬᠤ ᠠᠷᠠᠯᠵᠢᠶ᠎ᠠ ᠵᠡᠷᠭᠡ ᠠᠯᠢ ᠣᠯᠠᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡ ᠶᠢ ᠤᠶᠢᠷ᠎ᠠ ᠬᠠᠪᠢ ᠳᠠᠭᠠᠨ ᠡᠳ᠋ᠯᠡᠵᠦ ᠳᠡᠶᠢᠯᠬᠦ ᠪᠤᠯᠤᠨ᠎ᠠ᠃ ᠡᠭᠦᠨ ᠢᠶᠠᠷ ᠰᠠᠭᠤᠷᠢ ᠪᠣᠯᠭᠠᠨ᠂ ᠤᠯᠠᠭᠠᠨᠬᠠᠳᠠ ᠬᠤᠳᠠ᠂ ᠬᠤᠩᠱᠠᠨ ᠲᠤᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠱᠧᠨᠶᠠᠩ ᠲᠡᠮᠦᠷ ᠵᠠᠮ ᠤᠨ ᠲᠣᠪᠴᠢᠶ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠢᠳᠡᠪᠬᠢᠲᠡᠶ ᠪᠠᠷ ᠵᠣᠬᠢᠴᠠᠭᠤᠯᠵᠤ᠂ ︽ᠤᠯᠠᠭᠠᠨᠬᠠᠳᠠ ᠮᠠᠨᠵᠤᠤᠷ ᠧᠦ᠋ᠷᠣᠫᠠ︾᠎ ᠶᠢᠨ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠨᠢᠭᠡᠳᠦᠯᠲᠡᠶ ᠲᠥᠯᠥᠪᠯᠡᠨ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号