2016 ᠣᠨ ᠤ ︽5.18 ᠤᠯᠠᠨ ᠤᠯᠤᠰ ᠤᠨ ᠮᠦᠽᠸᠢ ᠶᠢᠨ ᠡᠳᠦᠷ︾᠎ ᠤᠨ ᠳᠤᠮᠳᠠᠳᠦ ᠤᠯᠤᠰ ᠤᠨ ᠭᠤᠤᠯ ᠬᠤᠷᠠᠯ ᠤᠨ ᠳᠠᠯᠠᠪᠠᠢ ᠶᠢᠨ ᠠᠵᠢᠯᠯᠠᠭ᠎ᠠ ᠬᠦᠬᠡᠬᠤᠳᠠ ᠳᠤ ᠶᠠᠪᠤᠬᠳᠠᠪᠠ
ᠨᠡᠶᠢᠲᠡᠯᠡᠭᠰᠡᠨ ᠴᠠᠭ᠄
2016/5/19
      5 ᠳ᠋ᠤᠭᠠᠷ ᠰᠠᠷ᠎ᠠ ᠶᠢᠨ 18᠎ ᠤ ᠡᠳᠦᠷ᠂ 2016 ᠣᠨ ᠤ ︽5.18 ᠤᠯᠠᠨ ᠤᠯᠤᠰ ᠤᠨ ᠮᠦᠽᠸᠢ ᠶᠢᠨ ᠡᠳᠦᠷ︾᠎ ᠤᠨ ᠳᠤᠮᠳᠠᠳᠦ ᠤᠯᠤᠰ ᠤᠨ ᠭᠤᠤᠯ ᠬᠤᠷᠠᠯ ᠤᠨ ᠳᠠᠯᠠᠪᠠᠢ ᠶᠢᠨ ᠠᠵᠢᠯᠯᠠᠭ᠎ᠠ ᠦᠪᠦᠷ ᠮᠤᠩᠭᠤᠯ ᠤᠨ ᠮᠦᠽᠸᠢ ᠶᠢᠨ ᠬᠦᠷᠢᠶᠡᠯᠡᠩ ᠳᠤ ᠬᠦᠰᠢᠭᠡ ᠪᠠᠨ ᠢᠷᠠᠪᠠ᠃      ᠡᠬᠢᠯᠡᠯᠳᠡ ᠶᠢᠨ ᠶᠤᠰᠤᠯᠠᠯ ᠢ ᠤᠯᠤᠰ ᠤᠨ ᠲᠡᠦᠬᠡ ᠶᠢᠨ ᠳᠤᠷᠠᠰᠬᠠᠯᠳᠦ ᠵᠦᠢᠯᠡᠰ ᠤᠨ ᠲᠤᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠭᠤᠸᠠᠨ ᠴᠢᠶᠠᠩ ᠡᠷᠬᠢᠯᠡᠵᠠᠢ᠃ ᠤᠯᠤᠰ ᠤᠨ ᠲᠡᠦᠬᠡ ᠶᠢᠨ ᠳᠤᠷᠠᠰᠬᠠᠯᠳᠦ ᠵᠦᠢᠯᠡᠰ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠲᠤᠪᠴᠢᠶᠠᠨ ᠳᠠᠷᠤᠭ᠎ᠠ ᠯᠢᠤ ᠢᠤᠢ ᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠤᠷᠤᠯᠠᠭᠴᠢ ᠲᠠᠷᠢᠬᠦᠯᠡᠭᠴᠢ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠦ ᠪᠠᠶᠠᠷ ᠤᠨ ᠦᠭᠡ ᠭᠡᠯᠡᠵᠦ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠤ ᠰᠢᠨ ᠯᠧ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠤᠯᠠᠨ ᠤᠯᠤᠰ ᠤᠨ ᠮᠦᠽᠸᠢ ᠶᠢᠨ ᠨᠡᠶᠢᠭᠡᠮᠯᠢᠭ ᠤᠨ ᠶᠡᠷᠦᠩᠬᠡᠢ ᠠᠵᠢᠯᠯᠠᠭᠴᠢ ᠠᠨᠨᠢ · ᠺᠠᠶᠢᠰᠧᠯᠢᠨ · ᠯᠦᠸᠧᠪᠦ᠋ᠲ᠋ᠢ ᠸᠢᠳᠢᠣ᠋ ᠳᠠᠮᠵᠢᠭᠤᠯᠭ᠎ᠠ ᠪᠠᠷ ᠪᠠᠶᠠᠷ ᠬᠦᠷᠭᠡᠵᠠᠢ᠃     ᠯᠢᠤ ᠢᠤᠢ ᠵᠦ ᠵᠢᠭᠠᠵᠦ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠨᠠᠰᠢ ᠦᠪᠦᠷ ᠮᠤᠩᠭᠤᠯ ᠤᠨ ᠳᠡᠤᠬᠡ ᠢᠢᠨ ᠳᠤᠷᠠᠰᠬᠠᠯᠳᠤ ᠵᠦᠢᠯᠡᠰ ᠤᠨ ᠮᠦᠽᠸᠢ ᠶᠢᠨ ᠦᠢᠯᠡᠰ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠵᠦ᠂ ᠤᠨᠴᠠᠭᠠᠢᠢᠯᠠᠨ ᠮᠦᠽᠸᠢ ᠶᠢ ᠲᠦᠯᠦᠪᠦᠷᠢ ᠦᠭᠡᠢ ᠨᠡᠭᠡᠭᠡᠬᠦ᠂ ᠮᠦᠽᠸᠢ ᠶᠢᠨ ᠵᠠᠯᠠᠭᠤᠴᠤᠳ ᠪᠠᠭᠠᠴᠤᠳ ᠤᠨ ᠰᠤᠷᠭᠠᠨ ᠬᠦᠮᠦᠵᠢᠯ ᠤᠨ ᠴᠢᠳᠠᠪᠬᠢ ᠶᠢ ᠳᠡᠭᠡᠭᠰᠢᠯᠡᠬᠦᠯᠬᠦ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠬᠦᠯᠵᠦ ᠪᠤᠯᠬᠤ ᠲᠡᠦᠬᠡ ᠶᠢᠨ ᠳᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ᠂ ᠨᠡᠬᠦᠳᠡᠯ ᠮᠦᠽᠸᠢ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠵᠡᠷᠭᠡ ᠲᠠᠯ᠎ᠠ ᠪᠠᠷ ᠳᠤᠪᠤᠶᠢᠮ᠎ᠠ ᠠᠮᠵᠢᠯᠳᠠ ᠤᠯᠵᠦ᠂ ᠪᠦᠬᠦ ᠤᠯᠤᠰ ᠤᠨ ᠲᠡᠷᠢᠬᠦᠨ ᠤ ᠲᠦᠪᠰᠢᠨ ᠳᠤ ᠬᠦᠷᠴᠡᠢ᠃ ᠲᠡᠷᠡ ᠢᠯᠡᠷᠬᠡᠶᠢᠯᠡᠭᠰᠡᠨ ᠨᠢ᠂ ᠤᠳᠤ ᠢᠢᠨ ᠴᠠᠭ ᠦᠶ᠎ᠡ ᠳᠤ ᠮᠦᠽᠸᠢ ᠶᠢᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠨᠡᠩ ᠬᠦᠨᠳᠦ ᠴᠢᠬᠤᠯᠠ᠂ ᠳᠤᠮᠳᠠᠳᠦ ᠤᠯᠤᠰ ᠤᠨ ᠮᠦᠽᠸᠢ ᠯᠠᠪᠳᠠᠢ ᠰᠤᠶᠤᠯ ᠎ ᠤᠨ ᠬᠦᠭᠵᠢᠯᠳᠡ ᠶᠢ ᠠᠬᠢᠭᠤᠯᠬᠤ ᠲᠦᠯᠬᠢᠴᠡ ᠬᠦᠴᠦᠨ᠂ ᠤᠯᠤᠰ ᠠᠷᠠᠳ ᠤᠨ ᠰᠤᠷᠭᠠᠨ ᠬᠦᠮᠦᠵᠢᠯ ᠤᠨ ᠬᠤᠶᠠᠳᠤᠭᠠᠷ ᠬᠢᠴᠢᠶᠡᠯ ᠤᠨ ᠲᠠᠩᠬᠢᠮ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠪᠠᠬᠢᠯᠡᠯᠳᠡ ᠪᠠ ᠠᠵᠦ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠢᠳᠡᠪᠬᠢ ᠬᠦᠴᠦᠨ ᠪᠤᠯᠵᠦ᠂ ᠳᠤᠮᠳᠠᠳᠦ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠪᠠ ᠬᠦᠮᠦᠨ ᠲᠦᠷᠦᠯᠬᠢᠳᠡᠨ ᠤ ᠪᠤᠯᠪᠠᠰᠤᠨ ᠤ ᠳᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ ᠭᠡᠵᠠᠢ᠃      ᠪᠦ᠋ ᠰᠢᠶᠤᠤ ᠯᠢᠨ ᠪᠠᠶᠠᠷ ᠤᠨ ᠦᠭᠡ ᠳᠡᠭᠡᠨ ᠢᠯᠡᠷᠭᠡᠶᠢᠯᠡᠭᠰᠡᠨ ᠨᠢ᠂ ᠲᠡᠦᠭᠡ ᠶᠢᠨ ᠳᠤᠷᠠᠰᠬᠠᠯᠳᠦ ᠵᠦᠢᠯᠡᠰ ᠰᠤᠶᠤᠯ ᠤᠨ ᠠᠵᠦ ᠦᠢᠯᠡᠰ ᠤᠨ ᠦᠵᠡᠬᠦᠯᠦᠯᠭᠡ ᠶᠢᠨ ᠦᠢᠯᠡᠰ  ᠨᠢ ᠳᠤᠮᠳᠠᠳᠦ ᠶᠢᠨ ᠪᠤᠯᠪᠠᠰᠤᠨ ᠢ ᠤᠯᠠᠮᠵᠢᠯᠠᠵᠦ᠂ ᠲᠡᠷᠢᠬᠦᠨ ᠤ ᠰᠤᠶᠤᠯ ᠢ ᠳᠡᠯᠭᠡᠷᠡᠬᠦᠯᠬᠦ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡ ᠤᠯᠤᠰ ᠪᠠ ᠭᠠᠵᠠᠷ ᠤᠷᠤᠨ ᠤ ᠪᠤᠯᠪᠠᠰᠤᠨ ᠤ ᠳᠠᠪᠰᠢᠯᠳᠠ ᠶᠢᠨ ᠲᠦᠪᠰᠢᠨ ᠤ ᠴᠢᠬᠤᠯᠠ ᠢᠯᠡᠷᠡᠯ ᠪᠤᠯᠬᠤ ᠶᠤᠮ᠃ ᠦᠪᠦᠷ ᠮᠤᠩᠭᠤᠯ ᠢᠮᠠᠭᠳᠠ ᠲᠡᠦᠭᠡ ᠰᠤᠶᠤᠯ ᠤᠨ ᠦᠪ ᠢ ᠪᠢᠰᠢᠷᠡᠨ ᠬᠦᠨᠳᠦᠳᠬᠡᠬᠦ ᠰᠡᠳᠬᠢᠯᠭᠡ ᠶᠢ ᠡᠪᠦᠷᠯᠡᠵᠦ᠂ ᠲᠡᠦᠭᠡ ᠶᠢᠨ ᠳᠤᠷᠠᠰᠬᠠᠯᠳᠦ ᠵᠦᠢᠯᠡᠰ ᠰᠤᠶᠤᠯ ᠤᠨ ᠠᠵᠦ ᠦᠢᠯᠡᠰ ᠤᠨ ᠦᠵᠡᠬᠦᠯᠦᠯᠭᠡ ᠶᠢᠨ ᠦᠢᠯᠡᠰ ᠤᠨ ᠡᠷᠡᠬᠦᠯ ᠬᠦᠭᠵᠢᠯᠳᠡ ᠎ ᠶᠢ ᠴᠢᠷᠮᠠᠶᠢᠨ ᠠᠬᠢᠭᠤᠯᠵᠦ᠂ ᠡᠯ᠎ᠡ ᠲᠦᠷᠦᠯ ᠤᠨ ᠮᠦᠽᠸᠢ ᠨᠢ ᠰᠤᠶᠤᠯ ᠤᠨ ᠦᠪ ᠢ ᠬᠠᠮᠠᠭᠠᠯᠠᠬᠤ᠂ ᠲᠡᠦᠭᠡ ᠰᠤᠶᠤᠯ ᠎ ᠢ ᠳᠡᠯᠭᠡᠨ ᠦᠵᠡᠬᠦᠯᠵᠦ ᠳᠡᠯᠭᠡᠷᠡᠬᠦᠯᠬᠦ᠂ ᠤᠯᠠᠨ ᠲᠦᠮᠡᠨ ᠤ ᠤᠶᠤᠨ ᠤ ᠠᠮᠢᠳᠤᠷᠠᠯ ᠢ ᠪᠠᠶᠠᠯᠢᠬᠵᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠢᠢᠡᠨ ᠪᠠᠳᠠᠷᠠᠭᠤᠯᠵᠠᠢ᠃ ᠦᠪᠦᠷ ᠮᠤᠩᠭᠤᠯ ᠲᠤᠰ ᠤᠳᠠᠭᠠᠨ ᠤ ︽ᠤᠯᠠᠨ ᠤᠯᠤᠰ ᠎ ᠤᠨ ᠮᠦᠽᠸᠢ ᠶᠢᠨ ᠡᠳᠦᠷ︾᠎ ᠤᠨ ᠠᠵᠢᠯᠯᠠᠭ᠎ᠠ ᠪᠠᠷ ᠳᠤᠬᠢᠶᠠᠯ ᠪᠤᠯᠭᠠᠵᠦ᠂ ᠲᠡᠦᠭᠡ ᠶᠢᠨ ᠳᠤᠷᠠᠰᠬᠠᠯᠳᠦ ᠵᠦᠢᠯᠡᠰ ᠢ ᠬᠠᠮᠠᠭᠠᠯᠠᠬᠤ ᠬᠠᠤᠯᠢ᠂ ᠮᠦᠽᠸᠢ ᠶᠢᠨ ᠳᠦᠷᠢᠮ ᠲᠤᠭᠳᠠᠭᠠᠯ ᠪᠠ ᠤᠯᠤᠰ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠲᠡᠦᠭᠡ ᠶᠢᠨ ᠳᠤᠷᠠᠰᠬᠠᠯᠳᠦ ᠵᠦᠢᠯᠡᠰ ᠰᠤᠶᠤᠯ ᠤᠨ ᠠᠵᠦ ᠦᠢᠯᠡᠰ ᠤᠨ ᠦᠵᠡᠬᠦᠯᠦᠯᠭᠡ ᠶᠢᠨ ᠦᠢᠯᠡᠰ ᠤᠨ ᠰᠢᠨ᠎ᠡ ᠨᠢᠭᠡᠨ ᠲᠡᠭᠳᠡᠷ ᠲᠤ ᠳᠠᠪᠰᠢᠬᠤ ᠶᠢ ᠪᠦᠬᠦ ᠬᠦᠴᠦᠨ ᠢᠶᠠᠷ ᠠᠬᠢᠭᠤᠯᠵᠦ᠂ᠰᠢᠯᠢᠳᠡᠭ ᠤᠯᠠᠮᠵᠢᠯᠠᠯᠳᠦ ᠰᠤᠶᠤᠯ ᠢ ᠤᠳᠤᠬᠢ ᠨᠡᠶᠢᠭᠡᠮ ᠲᠠᠢ ᠠᠭᠤᠰᠤᠯᠴᠠᠭᠤᠯᠵᠦ᠂ ᠪᠤᠯᠪᠠᠰᠤᠨ ᠤ ᠬᠦᠴᠦᠨ ᠴᠢᠳᠠᠯ ᠎ ᠢᠶᠠᠷ ᠨᠡᠶᠢᠭᠡᠮ ᠤᠨ ᠳᠠᠪᠰᠢᠯᠳᠠ ᠶᠢ ᠠᠬᠢᠭᠤᠯᠤᠨ᠎ᠠ ᠭᠡᠵᠠᠢ᠃      ᠤᠢᠢᠯᠠᠭᠠᠭᠰᠠᠨ ᠢᠶᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 18᠎ ᠤ ᠡᠳᠦᠷ ᠪᠤᠯ ᠳᠦᠴᠢᠳᠡᠬᠢ ︽ᠤᠯᠠᠨ ᠤᠯᠤᠰ ᠤᠨ ᠮᠦᠽᠸᠢ ᠶᠢᠨ ᠡᠳᠦᠷ︾᠂ ᠳᠤᠮᠳᠠᠳᠦ ᠤᠯᠤᠰ ᠤᠨ ᠭᠤᠤᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠶᠢ ᠤᠯᠤᠰ ᠤᠨ ᠲᠡᠦᠬᠡ ᠶᠢᠨ ᠳᠤᠷᠠᠰᠬᠠᠯᠳᠦ ᠵᠦᠢᠯᠡᠰ ᠤᠨ ᠲᠤᠪᠴᠢᠶ᠎ᠠ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠳᠤᠮᠳᠠᠳᠦ ᠤᠯᠤᠰ ᠤᠨ ᠮᠦᠽᠸᠢ ᠶᠢᠨ ᠨᠡᠶᠢᠭᠡᠮᠯᠢᠭ᠂ ᠦᠪᠡᠷᠳᠡᠭᠡᠨ ᠵᠠᠰᠬᠠᠤ ᠤᠷᠤᠨ ᠤ ᠰᠤᠶᠤᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠲᠡᠦᠭᠡ ᠶᠢᠨ ᠳᠤᠷᠠᠰᠬᠠᠯᠳᠦ ᠵᠦᠢᠯᠡᠰ ᠤᠨ ᠲᠤᠪᠴᠢᠶ᠎ᠠ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠮᠵᠢᠨ ᠡᠷᠬᠢᠯᠡᠵᠤ ᠂ ︽ᠮᠦᠽᠸᠢ ᠪᠠ ᠰᠤᠶᠤᠯ ᠤᠨ ᠦᠵᠡᠮᠵᠢ︾᠎ ᠪᠠᠷ ᠭᠤᠤᠯ ᠰᠡᠳᠦᠪ ᠪᠤᠯᠭᠠᠵᠤ᠂ ᠦᠵᠡᠰᠬᠦᠯᠡᠩ᠂ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ᠂ ᠲᠤᠰᠬᠠᠢ ᠰᠡᠳᠦᠪᠳᠤ ᠲᠠᠶᠢᠯᠤᠮᠵᠢ ᠵᠡᠷᠭᠡ ᠡᠯᠪᠡᠭ ᠪᠠᠶᠠᠯᠢᠭ ᠠᠵᠢᠯᠯᠠᠭ᠎ᠠ ᠦᠷᠨᠢᠬᠦᠯᠬᠦ ᠪᠤᠯᠤᠨ᠎ᠠ᠃ ᠡᠬᠢᠯᠡᠯᠳᠡ ᠶᠢᠨ ᠶᠤᠰᠤᠯᠠᠯ ᠳᠡᠭᠡᠷ᠎ᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠮᠦᠽᠸᠢ ᠶᠢᠨ ᠠᠷᠪᠠᠨ ᠶᠡᠭᠡ ᠳᠡᠯᠭᠡᠨ ᠦᠵᠡᠬᠦᠯᠦᠯᠭᠡ ᠶᠢᠨ ᠰᠤᠳᠤᠨ ᠪᠦᠳᠦᠭᠡᠯ ᠢ ᠲᠠᠨᠢᠯᠴᠠᠭᠤᠯᠬᠤ ᠠᠵᠢᠯᠯᠠᠭ᠎ᠠ ᠶᠠᠪᠤᠬᠳᠠᠭᠤᠯᠵᠦ᠂ 2016ᠣᠨ ᠤ ᠪᠦᠬᠦ ᠤᠯᠤᠰ ᠤᠨ ᠬᠠᠮᠤᠭ ᠤᠨ ᠶᠡᠭᠡ ᠰᠢᠨ᠎ᠡ ᠶᠢ ᠡᠭᠦᠳᠬᠦ ᠬᠦᠴᠦᠨ ᠲᠠᠢ ᠮᠦᠽᠸᠢ ᠶᠢᠨ ᠱᠠᠩᠨᠠᠯ᠂ 2015 ᠣᠨ ᠤ ︽ᠪᠦᠬᠦ ᠤᠯᠤᠰ ᠤᠨ ᠮᠦᠽᠸᠢ ᠶᠢᠨ ᠰᠤᠶᠤᠯ ᠤᠨ ᠪᠦᠲᠦᠭᠡᠯᠴᠢ ᠪᠦᠲᠦᠭᠡᠭᠳᠡᠬᠦᠨ ᠤ ᠵᠢᠱᠢᠶ᠎ᠡ ᠦᠵᠡᠬᠦᠯᠬᠦ ᠨᠢᠭᠡᠴᠡ︾ ᠵᠢᠴᠢ ᠨᠢᠭᠡᠳᠦᠭᠡᠷ ᠬᠤᠭᠤᠴᠠᠭᠠᠨ ᠤ ᠪᠦᠬᠦ ᠤᠯᠤᠰ ᠎ ᠤᠨ ᠮᠦᠽᠸᠢ ᠶᠢᠨ ᠤᠬᠠᠭᠠᠨ ᠤ ᠰᠢᠯᠢᠳᠡᠭ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠱᠠᠩᠨᠠᠯ ᠬᠦᠷᠳᠡᠭᠰᠡᠨ ᠨᠢᠭᠡᠴᠡ ᠪᠠ ᠲᠦᠯᠦᠭᠡᠯᠡᠭᠴᠢ ᠳᠤ ᠱᠠᠩᠨᠠᠯ ᠤᠯᠭᠤᠪᠠ᠃ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠤᠳᠤᠷᠢᠳᠤᠯᠭ᠎ᠠ ᠪᠠ ᠵᠤᠴᠢᠳ ᠪᠠᠰᠠ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠬᠦᠯᠵᠦ ᠪᠤᠯᠬᠤ ᠲᠡᠦᠭᠡ ᠶᠢᠨ ᠳᠤᠷᠠᠰᠬᠠᠯᠳᠦ ᠵᠦᠢᠯᠡᠰ ᠤᠨ ᠨᠡᠶᠢᠳᠡᠮ ᠪᠠᠶᠢᠴᠠᠭᠠᠯᠳᠠ ᠶᠢᠨ ᠦᠷ᠎ᠡ ᠪᠦᠲᠦᠭᠡᠯ ᠤᠨ ᠦᠵᠡᠬᠦᠯᠦᠯᠭᠡ᠂ ︽ᠵᠡᠬᠦᠳᠦ ᠵᠡᠷᠭᠡᠯᠭᠡᠨᠳᠤ ᠬᠢᠳᠠᠨ︾ ᠲᠤᠭᠠᠴᠢᠯᠠᠭᠰᠠᠨ ᠲᠡᠦᠭᠡ ᠶᠢᠨ ᠳᠤᠷᠠᠰᠬᠠᠯᠳᠦ ᠵᠦᠢᠯᠡᠰ ᠤᠨ ᠦᠵᠡᠬᠦᠯᠦᠯᠭᠡ ᠵᠢᠴᠢ ᠬᠦᠬᠡᠬᠤᠳᠠ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠳᠡᠯᠭᠡᠨ ᠦᠵᠡᠬᠦᠯᠦᠯᠭᠡ ᠵᠡᠷᠭᠡ ᠠᠵᠢᠯᠯᠠᠭ᠎ᠠ ᠶᠢ ᠲᠣᠭᠤᠷᠢᠨ ᠦᠵᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号