ᠬᠠᠪᠤᠷ ᠤᠷᠤᠭᠰᠠᠨ ᠠᠴᠠ ᠠᠪᠤᠭᠠᠳ᠂ ᠬᠤᠷ᠎ᠠ ᠲᠤᠨᠳᠠᠰᠤ ᠪᠠᠭᠠᠳᠠᠭᠰᠠᠨ ᠨᠦᠯᠦᠭᠡᠯᠡᠯ ᠢᠶᠠᠷ᠂ ᠥᠪᠥᠷ | ᠮᠣᠩᠭᠤᠯ ᠤᠨ ᠳᠤᠮᠳᠠ ᠪᠠᠷᠠᠭᠤᠨ ᠪᠡᠶ᠎ᠡ ᠶᠢᠨ ᠮᠠᠯᠵᠢᠬᠤ ᠣᠷᠣᠨ ᠳᠤ ᠭᠠᠨᠭ᠍ᠳᠠᠬᠤ ᠪᠠᠶᠢᠳᠠᠯ ᠭᠠᠷᠴᠤ᠂ ᠣᠳᠣᠬᠠᠨ ᠳᠤ | ᠪᠦᠬᠦ ᠣᠷᠣᠨ ᠤ ᠶᠡᠬᠡᠩᠬᠢ ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠤᠷᠭᠤᠴᠠ 10 ᠰᠠᠨᠲ᠋ᠢᠮᠧᠲᠷ ᠬᠦᠷᠬᠦ ᠦᠭᠡᠶ | ᠪᠠᠶᠢᠨ᠎ᠠ᠃ ᠬᠡᠳᠦ᠋ᠢᠪᠡᠷ ᠥᠪᠥᠷ ᠮᠣᠩᠭᠤᠯ ᠤᠨ ᠶᠡᠬᠡᠩᠬᠢ ᠪᠡᠯᠴᠢᠭᠡᠷ ᠡᠪᠡᠰᠦ 4 ᠳ᠋ᠤᠭᠡᠷ ᠰᠠᠷ᠎ᠠ ᠶᠢᠨ ᠳᠤᠮᠳᠠ | ᠰᠡᠭᠦᠯᠴᠢ ᠪᠠᠷ ᠵᠠᠯᠭᠠᠯᠳᠤᠭᠠᠪᠠᠷ ᠬᠦᠬᠡᠷᠡᠭᠰᠡᠨ ᠪᠤᠯᠪᠠᠴᠤ᠂ ᠡᠪᠡᠰᠦ ᠪᠡᠯᠴᠢᠭᠡᠷ ᠤᠨ ᠤᠷᠭᠤᠴᠠ ᠪᠠᠷᠤᠭᠲᠠᠢ ᠪᠤᠢ᠃ | ᠬᠠᠪᠤᠷ ᠤᠨ ᠬᠤᠷ᠎ᠠ ᠲᠤᠨᠳᠠᠰᠤᠨ ᠤ ᠬᠡᠮᠵᠢᠶ᠎ᠡ ᠪᠠᠭ᠎ᠠ ᠵᠢᠴᠢ ᠣᠶᠢᠷ᠎ᠠ ᠶᠢᠨ ᠥᠨᠳᠥᠷ ᠳᠤᠯᠠᠭᠠᠨ ᠨᠢ ᠤᠰᠤᠨ ᠤ | ᠠᠭᠤᠷᠰᠢᠯ ᠢ ᠲᠦᠷᠭᠡᠳᠭᠡᠵᠤ᠂ ᠣᠳᠣᠬᠠᠨ ᠤ ᠥᠪᠥᠷ ᠮᠣᠩᠭᠤᠯ ᠤᠨ ᠬᠥᠷᠥᠰᠥᠨ ᠤ ᠴᠢᠬᠢᠭ ᠤᠨ ᠪᠠᠶᠢᠳᠠᠯ | ᠨᠢᠳᠤᠨᠤᠨ ᠤ ᠠᠳᠠᠯᠢ ᠬᠤᠭᠤᠴᠠᠭᠠᠨ ᠤ ᠬᠢ ᠳᠤ ᠭᠦᠷᠬᠦ ᠦᠭᠡᠢ ᠪᠤᠯᠪᠠ᠂ ᠢᠯᠠᠩᠭᠤᠶ᠎ᠠ ᠮᠠᠯᠵᠢᠬᠤ ᠣᠷᠣᠨ ᠤ | ᠬᠥᠷᠥᠰᠥᠨ ᠤ ᠴᠢᠬᠢᠭ ᠤᠨ ᠪᠠᠶᠢᠳᠠᠯ ᠪᠠᠷᠤᠭᠲᠠᠶ ᠪᠠᠶᠢᠵᠤ᠂ ᠭᠤᠷᠪᠠᠳᠤᠭᠠᠷ ᠲᠦᠷᠦᠯ ᠤᠨ ᠴᠢᠬᠢᠭᠲᠦ ᠭᠠᠵᠠᠷ ᠤᠨ | ᠲᠠᠯᠠᠪᠠᠶ ᠨᠢ ᠮᠠᠯᠵᠢᠬᠤ ᠣᠷᠣᠨ ᠤ ᠶᠡᠷᠦᠩᠭᠡᠢ ᠨᠤᠲᠤᠭ ᠳᠡᠪᠢᠰᠬᠡᠷ ᠤᠨ 59.8% ᠶᠢ ᠡᠵᠡᠯᠡᠵᠠᠢ᠃ ᠣᠳᠣᠬᠠᠨ ᠳᠤ᠂ | ᠥᠪᠥᠷ ᠮᠣᠩᠭᠤᠯ ᠤᠨ ᠶᠡᠬᠡᠩᠬᠢ ᠪᠡᠯᠴᠢᠭᠡᠷ ᠡᠪᠡᠰᠦ ᠶᠢᠨ ᠤᠷᠭᠤᠴᠠ 10 ᠰᠠᠨᠲ᠋ᠢᠮᠧᠲᠷ ᠬᠦᠷᠬᠦ ᠦᠭᠡᠢ ᠪᠠᠶᠢᠨ᠎ᠠ᠃ | ᠥᠪᠥᠷ ᠮᠣᠩᠭᠤᠯ ᠤᠨ ᠵᠡᠭᠦᠨ ᠪᠡᠶ᠎ᠡ ᠶᠢᠨ ᠬᠥᠯᠥᠨ ᠪᠤᠶᠢᠷ ᠬᠤᠲᠠ ᠪᠣᠯᠤᠨ ᠰᠢᠯᠢ ᠶᠢᠨ ᠭᠤᠣᠯ ᠠᠶᠢᠮᠠᠭ ᠤᠨ ᠬᠡᠰᠡᠭ | ᠮᠠᠯᠵᠢᠬᠤ ᠣᠷᠣᠨ ᠤ ᠪᠡᠯᠴᠢᠭᠡᠷ ᠡᠪᠡᠰᠦ ᠨᠢ ᠳᠣᠣᠷ᠎ᠠ ᠳᠤᠯᠠᠭᠠᠨ ᠪᠤᠯᠤᠨ ᠭᠠᠩ ᠬᠠᠭᠰᠠᠷᠭᠠᠨ ᠤ ᠨᠦᠯᠦᠭᠡᠯᠡᠯ | ᠳᠤᠤᠷ᠎ᠠ᠂ ᠣᠳᠣ ᠪᠣᠯᠲᠠᠯ᠎ᠠ ᠬᠦᠬᠡᠷᠡᠭᠰᠡᠨ ᠦᠭᠡᠢ ᠪᠦᠭᠡᠳ ᠤᠷᠭᠤᠴᠠ ᠨᠢ ᠴᠤ ᠤᠢᠢᠷ᠎ᠠ ᠶᠢᠨ ᠲᠠᠪᠤᠨ ᠵᠢᠯ ᠤᠨ | ᠠᠳᠠᠯᠢ ᠬᠤᠭᠤᠴᠠᠭᠠᠨ ᠤ ᠬᠢ ᠠᠴᠠ 4 ᠠᠴᠠ 7 ᠰᠠᠨᠲ᠋ᠢᠮᠧᠲᠷ ᠪᠤᠭᠤᠨᠢᠰᠴᠠᠢ᠃ ᠥᠪᠥᠷ ᠮᠣᠩᠭᠤᠯ ᠤᠨ ᠴᠠᠭ | ᠠᠭᠤᠷ ᠤᠨ ᠲᠣᠪᠴᠢᠶ᠎ᠠ ᠶᠢᠨ ᠵᠢᠱᠢᠭᠰᠡᠨ ᠢᠶᠠᠷ᠂ ᠢᠷᠡᠬᠦ ᠬᠡᠳᠦᠨ ᠡᠳᠦᠷ ᠲᠤ ᠥᠪᠥᠷ ᠮᠣᠩᠭᠤᠯ ᠮᠦᠨ ᠤᠳᠤᠬᠢ | ᠳᠤᠯᠠᠭᠠᠨ ᠤ ᠬᠡᠮᠵᠢᠶ᠎ᠡ ᠪᠠᠨ ᠬᠠᠳᠠᠭᠠᠯᠠᠬᠤ ᠮᠦᠷᠲᠡᠭᠡᠨ ᠣᠯᠠᠨ ᠭᠠᠵᠠᠷ ᠤᠨ ᠠᠭᠠᠷ ᠤᠨ ᠳᠤᠯᠠᠭᠠᠨ ᠨᠢ 30 | ᠭᠷᠠᠳᠦ᠋ᠰ ᠢ ᠳᠠᠪᠠᠵᠤ᠂ ᠬᠡᠰᠡᠭ ᠭᠠᠵᠠᠷ ᠤᠷᠤᠨ ᠳᠤ 35 ᠼᠧᠯᠰ ᠤᠨ ᠭᠷᠠᠳᠦ᠋ᠰ ᠣᠷᠴᠢᠮ ᠳᠤ ᠬᠦᠷᠴᠦ᠂ ᠪᠦᠬᠦ | ᠣᠷᠣᠨ ᠤ ᠰᠠᠯᠬᠢᠨ ᠤ ᠬᠦᠴᠦ ᠨᠢ ᠨᠡᠯᠢᠶᠡᠳ ᠶᠡᠭᠡ ᠪᠤᠯᠬᠤᠷ᠂ ᠡᠯ᠎ᠡ ᠨᠢᠭᠡᠴᠡ ᠶᠢᠨ ᠭᠠᠯ ᠡᠭᠦᠰᠬᠦ ᠬᠠᠮᠢᠶᠠᠷᠤᠯᠲᠠ ᠪᠠ | ᠨᠤᠲᠤᠭ ᠪᠡᠯᠴᠢᠭᠡᠷ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠡᠭᠦᠨ ᠠᠴᠠ ᠭᠠᠳᠠᠨ᠎ᠠ᠂ ᠪᠡᠯᠴᠢᠭᠡᠷ ᠡᠪᠡᠰᠦ ᠮᠥᠨ ᠯᠡ ᠬᠦᠭᠡᠷᠡᠭᠰᠡᠨ ᠦᠭᠡᠢ ᠭᠠᠵᠠᠷ ᠣᠷᠣᠨ ᠨᠤᠭᠤᠳ ᠨᠤᠲᠤᠭ | ᠪᠡᠯᠴᠢᠭᠡᠷ ᠤᠨ ᠮᠠᠯᠵᠢᠬᠤ ᠶᠢ ᠵᠣᠭᠰᠣᠭᠠᠬᠤ ᠬᠤᠭᠤᠴᠠᠭ᠎ᠠ ᠶᠢ 5 ᠠᠴᠠ10 ᠡᠳᠦᠷ ᠵᠣᠬᠢᠰᠲᠠᠶ ᠪᠠᠷ ᠤᠷᠲᠤᠳᠬᠠᠵᠤ | ᠪᠠᠶᠢᠭᠠᠳ ᠪᠡᠯᠴᠢᠭᠡᠷ ᠡᠪᠡᠰᠦ ᠶᠢᠨ ᠬᠡᠪ ᠤᠨ ᠤᠷᠭᠤᠴᠠ ᠶᠢ ᠪᠠᠲᠤᠯᠠᠵᠤ᠂ ᠤᠷᠭᠤᠮᠠᠯ ᠤᠨ ᠬᠤᠴᠢᠯᠭ᠎ᠠ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠪᠡᠯᠴᠢᠭᠡᠷ ᠡᠪᠡᠰᠦ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠠᠢ᠃ | |