ᠥᠪᠥᠷ ᠮᠣᠩᠭᠤᠯ ᠤᠨ ᠲᠠᠷᠢᠮᠠᠯ ᠤᠨ ᠶᠡᠷᠦᠩᠬᠡᠶ ᠲᠠᠯᠠᠪᠠᠶ ᠨᠢ 7762 ᠲᠦᠮᠡᠨ ᠮᠦ ᠳᠤ ᠬᠦᠷᠴᠦ  ᠬᠠᠪᠤᠷ ᠤᠨ  ᠲᠠᠷᠢᠶᠠᠯᠠᠭ᠎ᠠ ᠶᠢᠨ ᠠᠬᠢᠴᠠ ᠤᠷᠤᠭᠰᠢᠲᠠᠶ ᠪᠠᠶᠢᠨ᠎ᠠ
ᠨᠡᠶᠢᠲᠡᠯᠡᠭᠰᠡᠨ ᠴᠠᠭ᠄
2016/5/19
     ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠶᠡᠷᠦᠩᠬᠡᠶ ᠳᠠᠯᠠᠪᠠᠢ ᠨᠢ 7762 ᠲᠦᠮᠡᠨ ᠮᠥ ᠳᠤ ᠬᠦᠷᠴᠦ᠂ ᠡᠭᠦᠨ ᠳᠤ᠂ ᠠᠮᠤ ᠪᠤᠳᠠᠭ᠎ᠠ ᠲᠠᠷᠢᠭᠰᠠᠨ ᠲᠠᠯᠠᠪᠠᠢ ᠨᠢ 7065 ᠲᠦᠮᠡᠨ ᠮᠦ ᠪᠠᠶᠢᠵᠤ᠂ ᠬᠠᠪᠤᠷ ᠤᠨ ᠲᠠᠷᠢᠯᠭ᠎ᠠ ᠶᠢᠨ ᠠᠬᠢᠴᠠ ᠤᠷᠤᠭᠰᠢᠲᠠᠶ ᠪᠠᠶᠢᠨ᠎ᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠳᠤ ᠬᠡᠳᠦ᠋ᠢᠪᠡᠷ ᠬᠤᠶᠠᠷ ᠤᠳᠠᠭ᠎ᠠ ᠳᠤᠯᠠᠭᠠᠨ ᠤ ᠬᠡᠮᠵᠢᠶ᠎ᠡ ᠳᠣᠷᠣᠭᠰᠢᠯᠠᠵᠤ᠂ ᠶᠡᠭᠡ ᠰᠠᠯᠬᠢᠯᠠᠭᠰᠠᠨ ᠪᠣᠯᠪᠠᠴᠤ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠴᠥᠮ ᠳᠡᠩᠳᠡᠭᠦᠦ ᠶᠡᠭᠡ ᠨᠥᠯᠥᠭᠡ ᠪᠣᠯᠣᠭᠰᠠᠨ ᠦᠭᠡᠢ᠃ ᠴᠠᠭ ᠠᠭᠠᠷ ᠤᠨ ᠰᠠᠯᠠᠭ᠎ᠠ ᠮᠥᠴᠢᠷ ᠤᠨ ᠤᠷᠢᠳᠴᠢᠯᠠᠨ ᠵᠢᠱᠢᠬᠦ ᠪᠠᠷ᠂ ᠢᠷᠡᠬᠦ‍ ᠨᠢᠭᠡ ᠭᠠᠷᠠᠭ ᠲᠤ᠂ ᠳᠤᠮᠳᠠᠴᠢ ᠠᠭᠠᠷ ᠤᠨ ᠳᠤᠯᠠᠭᠠᠨ ᠨᠢ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠷᠠᠰᠢᠶᠠᠨ ᠭᠠᠵᠠᠷ ᠣᠷᠣᠨ ᠵᠢᠴᠢ ᠰᠢᠯᠢ ᠶᠢᠨ ᠭᠤᠣᠯ ᠠᠶᠢᠮᠠᠭ ᠤᠨ ᠬᠡᠰᠡᠭ ᠭᠠᠵᠠᠷ ᠣᠷᠣᠨ ᠢᠶᠠᠷ 10 ℃ ᠪᠣᠯᠬᠤ ᠠᠴᠠ ᠭᠠᠳᠠᠨ᠎ᠠ ᠪᠤᠰᠤᠳ ᠶᠡᠬᠡᠩᠬᠢ ᠲᠠᠷᠢᠶᠠᠯᠠᠬᠤ ᠣᠷᠣᠨ ᠤ ᠠᠭᠠᠷ ᠤᠨ ᠳᠤᠯᠠᠭᠠᠨ ᠨᠢ 10᠎ ᠠᠴᠠ 17 ℃ ᠎ ᠲᠤ ᠬᠦᠷᠴᠦ᠂ ᠭᠤᠣᠯ ᠲᠠᠷᠢᠶᠠᠯᠠᠬᠤ ᠣᠷᠣᠨ ᠤ ᠳᠤᠯᠠᠭᠠᠨ ᠤ ᠨᠥᠬᠦᠴᠡᠯ ᠨᠢ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ ᠵᠡᠷᠭᠡ ᠲᠠᠷᠢᠮᠠᠯ ᠢ ᠲᠠᠷᠢᠬᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠬᠤ ᠪᠣᠯᠤᠨ᠎ᠠ︔ ᠶᠡᠬᠡᠩᠬᠢ ᠲᠠᠷᠢᠶᠠᠯᠠᠬᠤ ᠣᠷᠣᠨ ᠳᠤ ᠪᠠᠭ᠎ᠠ ᠪᠣᠷᠣᠭᠠᠨ ᠣᠷᠣᠵᠤ᠂ ᠰᠢᠷᠤᠢ ᠶᠢᠨ ᠴᠢᠬᠢᠭ ᠤᠨ ᠪᠠᠶᠢᠳᠠᠯ ᠢ ᠪᠠᠲᠤᠯᠠᠬᠤ ᠪᠠ ᠰᠠᠶᠢᠵᠢᠷᠠᠭᠤᠯᠬᠤ ᠳᠤ ᠠᠰᠢᠭᠲᠠᠢ ᠪᠣᠯᠣᠨ᠎ᠠ᠃ ᠣᠳᠣᠬᠠᠨ ᠳᠤ᠂ ᠪᠦᠬᠦ ᠣᠷᠣᠨ ᠤ ᠪᠤᠭᠤᠳᠠᠢ᠂ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ ᠲᠠᠷᠢᠭᠰᠠᠨ ᠲᠠᠯᠠᠪᠠᠢ ᠨᠢ ᠲᠤᠰ ᠲᠤᠰ 815 ᠲᠦᠮᠡᠨ ᠮᠦ᠂ 4710 ᠲᠦᠮᠡᠨ ᠮᠦ᠂ 539 ᠲᠦᠮᠡ ᠮᠦ᠂ 582 ᠲᠦᠮᠡᠨ ᠮᠦ ᠪᠠᠶᠢᠬᠤ ᠮᠥᠷᠲᠡᠭᠡᠨ 404 ᠲᠦᠮᠡᠨ ᠮᠦ ᠶᠢᠨ ᠪᠤᠭᠤᠳᠠᠢ  ᠂ 962 ᠲᠦᠮᠡᠨ ᠮᠦ ᠶᠢᠨ ᠡᠷᠳᠡᠨᠢ ᠰᠢᠰᠢ ᠶᠢᠨ ᠲᠠᠷᠢᠶ᠎ᠠ ᠨᠢᠭᠡᠨᠲᠡ ᠴᠢᠬᠢᠯᠡᠭᠰᠡᠨ ᠪᠠᠶᠢᠨ᠎ᠠ᠃ ᠡᠭᠦᠨ ᠳᠤ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠵᠡᠷᠭᠡ ᠬᠡᠰᠡᠭ ᠲᠠᠷᠢᠶᠠᠯᠠᠬᠤ ᠣᠷᠣᠨ ᠤ ᠪᠤᠭᠤᠲᠠᠢ ᠨᠢᠭᠡᠨᠲᠡ ᠪᠤᠲᠠᠯᠠᠬᠤ  ᠬᠤᠭᠤᠴᠠᠭᠠᠨ ᠳᠤ ᠣᠷᠣᠵᠤ᠂ ᠲᠦᠮᠡᠳ ᠤᠨ ᠲᠠᠯ᠎ᠠ ᠭᠠᠵᠠᠷ ᠪᠣᠯᠣᠨ ᠶᠠᠨ ᠱᠠᠨ ᠤ ᠳᠣᠪᠣᠷᠬᠠᠭ ᠣᠷᠣᠨ ᠤ ᠬᠡᠰᠡᠭ ᠲᠠᠷᠢᠶᠠᠯᠠᠬᠤ ᠣᠷᠣᠨ ᠭᠤᠷᠪᠠ ᠨᠠᠪᠴᠢᠯᠠᠬᠤ ᠬᠤᠭᠤᠴᠠᠭᠠᠨ ᠳᠤ ᠣᠷᠣᠰᠢᠵᠤ᠂ ᠮᠤᠨᠢ ᠠᠭᠤᠯᠠ ᠶᠢᠨ ᠠᠷᠤ ᠬᠤᠷᠮᠣᠶ ᠶᠢᠨ ᠵᠡᠭᠦᠨ ᠬᠡᠰᠡᠭ ᠤᠨ ᠭᠠᠵᠠᠷ ᠣᠷᠣᠨ ᠳᠤ ᠮᠥᠨ ᠯᠡ ᠴᠢᠬᠢᠯᠡᠬᠦ ᠱᠠᠲᠤᠨ ᠳᠠᠭᠠᠨ ᠪᠠᠶᠢᠨ᠎ᠠ︔ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠣᠯᠤᠨ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠤᠨ ᠭᠠᠵᠠᠷ ᠣᠷᠣᠨ ᠤ ᠡᠷᠳᠡᠨᠢ ᠰᠢᠰᠢ ᠨᠢ ᠨᠢᠭᠡᠨᠲᠡ 3 ᠎ ᠠᠴᠠ 5 ᠰᠠᠨᠲ᠋ᠢᠮᠧᠲᠷ ᠴᠢᠬᠢᠯᠡᠪᠡ᠃ ᠣᠳᠣᠬᠠᠨ ᠳᠤ ᠪᠤᠭᠤᠳᠠᠢ ᠶᠢᠨ ᠲᠠᠷᠢᠶ᠎ᠠ ᠨᠢᠭᠡᠨᠲᠡ 404 ᠲᠦᠮᠡᠨ ᠮᠦ ᠴᠢᠬᠢᠯᠡᠵᠦ᠂ ᠨᠢᠭᠡ ᠬᠤᠶᠠᠷ ᠲᠦᠷᠦᠯ ᠤᠨ ᠴᠢᠬᠢ ᠨᠢ 93.28%᠎ ᠶᠢ ᠡᠵᠡᠯᠡᠪᠡ︔ ᠡᠷᠳᠡᠨᠢ ᠰᠢᠰᠢ ᠶᠢᠨ ᠲᠠᠷᠢᠶ᠎ᠠ ᠨᠢᠭᠡᠨᠲᠡ 962 ᠲᠦᠮᠡᠨ ᠮᠦ ᠴᠢᠬᠢᠯᠡᠵᠦ᠂ ᠨᠢᠭᠡ ᠬᠤᠶᠠᠷ ᠲᠦᠷᠦᠯ ᠤᠨ ᠴᠢᠬᠢ ᠨᠢ 94.23%᠎ ᠶᠢ ᠡᠵᠡᠯᠡᠪᠡ᠃ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠢᠶᠠᠷ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠴᠠᠭ ᠠᠭᠤᠷ ᠲᠤᠩᠭᠠᠯᠠᠭ ᠭᠠᠵᠠᠷ ᠣᠷᠣᠨ ᠠᠰᠢᠭᠲᠠᠶ ᠴᠠᠭ ᠲᠣᠬᠢᠶᠠᠯ ᠢ ᠠᠮᠵᠢᠨ ᠲᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠣᠶᠢᠷ᠎ᠠ ᠳᠤ ᠪᠣᠷᠣᠭᠠᠨ ᠲᠠᠢ ᠬᠠᠭᠤᠷᠠᠶ ᠲᠠᠷᠢᠶᠠᠯᠠᠭ᠎ᠠ ᠶᠢᠨ ᠣᠷᠣᠨ ᠨᠢ ᠪᠣᠷᠣᠭᠠᠨ ᠤ ᠳᠠᠷᠠᠭᠠᠬᠢ ᠴᠢᠬᠢᠭ ᠲᠤ ᠵᠠᠪᠳᠤᠨ ᠲᠠᠷᠢᠵᠤ᠂ ᠡᠯ᠎ᠡ ᠭᠠᠵᠠᠷ ᠤᠨ ᠬᠢᠨ ᠪᠠᠰᠠ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠨᠢᠭᠡᠨᠲᠡ  ᠴᠢᠬᠢᠯᠡᠭᠰᠡᠨ ᠭᠠᠵᠠᠷ ᠲᠠᠯᠠᠪᠠᠢ ᠳᠤ ᠴᠠᠭ ᠲᠤᠬᠠᠶ ᠳᠤᠨᠢ ᠴᠢᠬᠢ ᠪᠠᠶᠢᠴᠠᠭᠠᠨ ᠨᠥᠬᠦᠵᠦ ᠴᠢᠬᠢ ᠲᠤᠲᠠᠭᠰᠠᠨ ᠠᠴᠠ  ᠪᠣᠯᠵᠤ ᠬᠤᠷᠢᠶᠠᠯᠲᠠ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号