1 — 4 ᠳ᠋ᠦ᠋ᠭᠡᠷ ᠰᠠᠷ᠎ᠠ ᠪᠣᠯᠲᠠᠯᠠᠬᠢ ᠪᠥᠬᠦ ᠣᠷᠣᠨ ᠤ ᠠᠵᠢᠯ ᠣᠯᠭᠤᠬᠤ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2016/5/19
      1 — 4 ᠳ᠋ᠦ᠋ᠭᠡᠷ ᠰᠠᠷ᠎ᠠ ᠪᠣᠯᠲᠠᠯ᠎ᠠ᠂ ᠡᠯ᠎ᠡ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠥᠬᠦ ᠣᠷᠣᠨ ᠤ ᠠᠵᠢᠯ ᠣᠯᠭᠤᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃      ᠨᠢᠭᠡ᠂ ᠠᠵᠤ ᠠᠬᠤᠶ ᠶᠢᠨ ᠬᠥᠭᠵᠢᠯᠲᠡ ᠶᠢᠨ ᠲᠣᠭᠤᠷᠢᠨ ᠳᠤ ᠠᠵᠢᠯ ᠣᠯᠭᠤᠯᠲᠠ ᠶᠢ ᠠᠬᠢᠭᠤᠯᠤᠨ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ ᠯᠠᠪᠳᠠᠭᠤᠨ ᠢᠶᠠᠷ ᠨᠡᠮᠡᠭᠳᠡᠭᠦᠯᠪᠡ᠃ ᠪᠥᠬᠦ ᠣᠷᠣᠨ ᠤ ᠬᠤᠲᠠ ᠪᠠᠯᠭᠠᠰᠤᠨ ᠳᠤ ᠰᠢᠨ᠎ᠡ ᠪᠠᠷ 8.27 ᠲᠦᠮᠡᠨ ᠬᠥᠮᠦᠨ ᠳᠤ ᠠᠵᠢᠯ ᠣᠯᠭᠤᠵᠣ᠂ ᠵᠢᠯ ᠤᠨ ᠲᠥᠯᠥᠪᠯᠡᠭᠡ ᠶᠢᠨ 32%᠎ ᠢ ᠪᠡᠶᠡᠯᠡᠭᠦᠯᠪᠡ︔ 1.78 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠨ᠂ ᠵᠢᠯ ᠤᠨ ᠲᠥᠯᠥᠪᠯᠡᠭᠡ ᠶᠢᠨ 36%᠎ ᠶᠢ ᠪᠡᠶᠡᠯᠡᠭᠦᠯᠪᠡ᠃ ᠪᠥᠬᠦ ᠣᠷᠣᠨ ᠤ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠨᠢ 3.65% ᠪᠠᠶᠢᠵᠤ᠂ ᠵᠢᠯ ᠤᠨ ᠡᠬᠢᠨ ᠳᠤ ᠲᠣᠭᠲᠠᠭᠠᠭᠰᠠᠨ ᠡᠵᠡᠮᠰᠢᠬᠦ ᠬᠠᠷᠠᠯᠲᠠ ᠠᠴᠠ 0.35 ᠵᠠᠭᠤᠨ ᠤ ᠴᠡᠭ ᠳᠣᠣᠷ᠎ᠠ ᠪᠠᠶᠢᠨ᠎ᠠ᠃      ᠬᠤᠶᠠᠷ᠂ ᠠᠵᠢᠯ ᠣᠯᠭᠤᠬᠤ ᠦᠢᠯᠡᠴᠢᠯᠡᠭᠡ ᠶᠢ ᠶᠡᠬᠡᠪᠡᠷ ᠴᠢᠩᠭᠠᠳᠬᠠᠵᠤ᠂ ᠶᠠᠳᠠᠭᠤ ᠬᠦᠴᠢᠷᠳᠡᠯᠲᠡᠶ ᠬᠥᠮᠦᠰ ᠎ ᠲᠤ ᠲᠤᠰᠠᠯᠠᠮᠵᠢ ᠦᠵᠡᠭᠦᠯᠬᠦ ᠠᠵᠢᠯ ᠢ ᠲᠦᠯᠬᠢᠨ ᠠᠬᠢᠭᠤᠯᠪᠠ᠃ ᠪᠦᠬᠦ ᠣᠷᠣᠨ ᠳᠤ ᠡᠯ᠎ᠡ ᠵᠦᠢᠯ ᠤᠨ ᠠᠵᠢᠯ ᠣᠯᠭᠤᠬᠤ ᠠᠷᠭ᠎ᠠ ᠵᠠᠮ ᠢᠶᠠᠷ ᠳᠠᠮᠵᠢᠨ ᠠᠵᠢᠯ ᠣᠯᠬᠤ ᠳᠤ ᠬᠦᠴᠢᠷᠲᠡᠢ 1.48 ᠲᠦᠮᠡᠨ ᠬᠦᠮᠦᠨ ᠢ ᠲᠥᠪᠬᠢᠨᠡᠭᠦᠯᠦᠨ᠂ ᠵᠢᠯ ᠤᠨ ᠲᠥᠯᠥᠪᠯᠡᠭᠡ ᠶᠢᠨ 30%᠎ ᠶᠢ ᠪᠡᠶᠡᠯᠡᠭᠦᠯᠪᠡ᠃ ᠭᠤᠶᠤᠴᠢᠯᠠᠨ ᠮᠡᠳᠡᠭᠦᠯᠵᠦ ᠬᠢᠨᠠᠨ ᠲᠣᠭᠲᠠᠭᠠᠯᠭᠠᠭᠰᠠᠨ ᠠᠵᠢᠯ ᠣᠯᠤᠭᠰᠠᠳ ᠦᠭᠡᠢ ᠭᠡᠷ ᠪᠦᠯᠢ 233 ᠡᠷᠦᠬᠡ ᠪᠠᠶᠢᠵᠤ᠂ 237 ᠬᠥᠮᠦᠨ ᠢ ᠨᠢ ᠬᠠᠪᠰᠤᠷᠤᠨ ᠠᠵᠢᠯ ᠣᠯᠭᠤᠵᠣ᠂ ᠠᠵᠢᠯ ᠣᠯᠣᠭᠰᠠᠳ ᠦᠭᠡᠢ ᠭᠡᠷ ᠪᠦᠯᠢ ᠶᠢᠨ ︽ᠬᠦᠳᠡᠯᠦᠩᠭᠦᠢ ᠪᠠᠶᠢᠳᠠᠯ ᠲᠡᠭ ᠪᠠᠶᠢᠬᠤ︾ ᠬᠠᠷᠠᠯᠲᠠ ᠶᠢ ᠪᠡᠶᠡᠯᠡᠭᠦᠯᠪᠡ᠃      ᠭᠤᠷᠪᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠢ ᠴᠢᠬᠤᠯᠠᠴᠢᠯᠠᠵᠤ᠂ ᠬᠥᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠪᠡ᠃ ᠪᠥᠬᠦ ᠣᠷᠣᠨ ᠤ ᠬᠤᠲᠠ ᠪᠠᠯᠭᠠᠰᠤ ᠶᠢᠨ 3.37 ᠲᠦᠮᠡᠨ ᠬᠥᠮᠦᠨ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ ᠵᠢᠯ ᠤᠨ ᠲᠥᠯᠥᠪᠯᠡᠭᠡ ᠶᠢᠨ 26%᠎ ᠶᠢ ᠪᠡᠶᠡᠯᠡᠭᠦᠯᠪᠡ︔ ᠡᠭᠦᠨ ᠳᠤ᠂ ᠪᠣᠯᠪᠠᠰᠤᠷᠠᠭᠤᠯᠤᠭᠰᠠᠨ ᠤ ᠲᠠᠷᠠᠭ᠎ᠠ 2.68 ᠲᠦᠮᠡᠨ ᠬᠥᠮᠦᠨ ᠳᠤ ᠠᠵᠢᠯ ᠣᠯᠭᠤᠨ᠂ ᠵᠢᠯ ᠤᠨ ᠲᠥᠯᠥᠪᠯᠡᠭᠡ ᠶᠢᠨ 24%᠎ ᠶᠢ ᠪᠡᠶᠡᠯᠡᠭᠦᠯᠪᠡ᠃ 2.97 ᠲᠦᠮᠡᠨ ᠮᠠᠯᠴᠢᠳ ᠲᠠᠷᠢᠶᠠᠴᠢᠳ ᠢ ᠰᠢᠯᠵᠢᠭᠦᠯᠦᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ ᠵᠢᠯ ᠤᠨ ᠲᠥᠯᠥᠪᠯᠡᠭᠡ ᠶᠢᠨ 23%᠎ ᠶᠢ ᠪᠡᠶᠡᠯᠡᠭᠦᠯᠪᠡ᠃      ᠲᠦᠷᠪᠡ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ ᠡᠷᠴᠢᠮ ᠢ ᠴᠢᠩᠭᠠᠷᠠᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠬᠡᠪᠴᠢᠶ᠎ᠡ ᠪᠠᠨ ᠥᠷᠭᠡᠳᠬᠡᠪᠡ᠃ ᠪᠦᠬᠦ ᠣᠷᠣᠨ ᠤ 1.14 ᠲᠦᠮᠡᠨ ᠬᠦᠮᠦᠨ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠵᠦ᠂ ᠵᠢᠯ ᠤᠨ ᠲᠥᠯᠥᠪᠯᠡᠭᠡ ᠶᠢᠨ 23%᠎ ᠶᠢ ᠪᠡᠶᠡᠯᠡᠭᠦᠯᠪᠡ︔ ᠪᠣᠯᠪᠠᠰᠤᠷᠠᠭᠤᠯᠤᠭᠰᠠᠨ ᠤ ᠳᠠᠷᠠᠭ᠎ᠠ 0.81 ᠲᠦᠮᠡᠨ ᠬᠥᠮᠦᠨ ᠠᠮᠵᠢᠯᠲᠠ ᠲᠠᠢ ᠠᠳᠠᠯ ᠦᠢᠯᠡᠰ ᠴᠣᠭᠴᠠᠯᠠᠵᠤ᠂ ᠵᠢᠯ ᠤᠨ ᠲᠥᠯᠥᠪᠯᠡᠭᠡ ᠶᠢᠨ 20%᠎ ᠶᠢ ᠪᠡᠶᠡᠯᠡᠭᠦᠯᠪᠡ᠃ ᠠᠳᠠᠯ ᠦᠢᠯᠡᠰ ᠴᠣᠭᠴᠠᠯᠠᠬᠤ ᠪᠠᠷ 2.74 ᠲᠦᠮᠡᠨ ᠬᠥᠮᠦᠨ ᠳᠤ ᠠᠵᠢᠯ ᠣᠯᠭᠤᠵᠣ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ ᠶᠢᠨ ᠬᠠᠷᠢᠴᠠᠯ 1᠄ 3.4 ᠪᠣᠯᠪᠠ᠃ ᠪᠥᠬᠦ ᠣᠷᠣᠨ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠤ ᠵᠢᠭᠡᠯᠡᠯᠭᠡ ᠶᠢ ᠨᠡᠶᠢᠳᠡ 3.07 ᠳ᠋ᠦᠩᠰᠢᠭᠤᠷ ᠲᠥᠭᠦᠷᠢᠭ ᠲᠠᠯᠪᠢᠨ᠂ ᠵᠢᠯ ᠤᠨ ᠲᠥᠯᠥᠪᠯᠡᠭᠡ ᠶᠢᠨ 20%᠎ ᠶᠢ ᠪᠡᠶᠡᠯᠡᠭᠦᠯᠪᠡ᠃      ᠲᠠᠪᠤ᠂ ᠠᠵᠢᠯ ᠣᠯᠭᠤᠬᠤ ᠠᠷᠭ᠎ᠠ ᠵᠠᠮ ᠢ ᠴᠢᠷᠮᠠᠶᠢᠨ ᠥᠷᠭᠡᠳᠬᠡᠵᠦ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠶᠢ ᠣᠯᠠᠨ ᠲᠠᠯ᠎ᠠ ᠪᠠᠷ ᠠᠬᠢᠭᠤᠯᠪᠠ᠃ ᠪᠦᠬᠦ ᠣᠷᠣᠨ ᠤ 173.86 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠣ᠂ ᠵᠢᠯ ᠤᠨ ᠲᠥᠯᠥᠪᠯᠡᠭᠡ ᠶᠢᠨ 71%᠎ ᠶᠢ ᠪᠡᠶᠡᠯᠡᠭᠦᠯᠪᠡ᠃      ᠵᠢᠷᠭᠤᠭ᠎ᠠ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠮᠢᠳᠤᠷᠠᠯ ᠢ ᠪᠠᠲᠤᠯᠠᠨ ᠠᠵᠢᠯ ᠣᠯᠭᠤᠯᠲᠠ ᠶᠢ ᠠᠬᠢᠭᠤᠯᠬᠤ ᠴᠢᠳᠠᠪᠤᠷᠢ ᠪᠠᠨ ᠪᠠᠳᠠᠷᠠᠭᠤᠯᠪᠠ᠃ ᠪᠥᠬᠦ ᠣᠷᠣᠨ ᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 239.86 ᠲᠦᠮᠡ ᠪᠠᠶᠢᠵᠤ᠂ ᠵᠢᠯ ᠤᠨ ᠲᠦᠯᠦᠪᠯᠡᠯᠭᠡ ᠶᠢᠨ 99.94%᠎ ᠶᠢ ᠪᠡᠶᠡᠯᠡᠭᠦᠯᠪᠡ︔ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢ 4.71 ᠳ᠋ᠦᠩᠰᠢᠭᠤᠷ ᠲᠦᠭᠦᠷᠢᠭ ᠲᠠᠲᠠᠪᠤᠷᠢᠯᠠᠨ ᠲᠤᠰᠢᠶᠠᠯᠭᠠᠵᠤ᠂ ᠵᠢᠯ ᠤᠨ ᠲᠥᠯᠥᠪᠯᠡᠭᠡ ᠶᠢᠨ 22.44%᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号