︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠬᠤᠭᠤᠴᠠᠭᠠᠨ ᠳᠠᠬᠢ ᠶᠠᠰᠤ ᠴᠢᠨᠠᠷ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ︾ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠯᠲᠠ ᠶᠢ ᠤᠷᠤᠭᠰᠢᠲᠠᠶ ᠦᠩᠭᠡᠷᠭᠡᠪᠡ
ᠨᠡᠶᠢᠲᠡᠯᠡᠭᠰᠡᠨ ᠴᠠᠭ᠄
2016/5/19
     2016 ᠤᠨ ᠤ 5 ᠳ᠋ᠤᠭᠠᠷ ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠤᠷᠠᠯ ᠬᠢᠵᠦ᠂ ︽ᠲᠥᠯᠥᠪᠵᠢᠭᠦᠯᠭᠡ︾᠎ ᠶᠢᠨ ᠬᠢᠨᠠᠨ ᠰᠢᠯᠭᠠᠬᠤ ᠨᠤᠤᠷᠠᠭ ᠲᠤ ᠬᠢᠨᠠᠨ ᠰᠢᠯᠭᠠᠯᠲᠠ ᠬᠢᠪᠡ᠃ ᠬᠢᠨᠠᠨ ᠰᠢᠯᠭᠠᠬᠤ ᠳᠤᠭᠤᠶᠢᠯᠠᠩ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ 16 ᠲᠤᠰᠬᠠᠶ ᠮᠡᠷᠭᠡᠵᠢᠯᠲᠡᠨ ᠢᠶᠠᠷ ᠪᠦᠷᠢᠯᠳᠦᠪᠡ᠃ ᠬᠢᠨᠠᠨ ᠰᠢᠯᠭᠠᠬᠤ ᠳᠤᠭᠤᠶᠢᠯᠠᠩ ︽13 · 5︾᠎ ᠶᠢᠨ ᠬᠤᠭᠤᠴᠠᠭᠠᠨ ᠳᠠᠬᠢ ᠶᠠᠰᠤ ᠴᠢᠨᠠᠷ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ᠂ ︽ᠲᠥᠯᠥᠪᠵᠢᠭᠦᠯᠭᠡ︾ ᠥᠪᠥᠷ ᠮᠣᠩᠭᠤᠯ ᠤᠨ ᠶᠠᠰᠤ ᠴᠢᠨᠠᠷ ᠤᠨ ᠬᠥᠭᠵᠢᠭᠦᠯᠦᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠶᠠᠷᠢᠯᠴᠠᠭᠠᠳ᠂ ︽ᠲᠥᠯᠥᠪᠵᠢᠭᠦᠯᠭᠡ︾᠎ ᠤᠨ ᠪᠦᠳᠦᠭᠦᠪᠴᠢ ᠲᠥᠰᠦᠪ ᠨᠢ ᠵᠦᠢ ᠵᠣᠬᠢᠰᠲᠠᠶ᠂ ᠵᠦᠢᠯ ᠢᠯᠭᠠᠯ ᠨᠢ ᠲᠣᠳᠣᠷᠬᠠᠶ᠂ ᠥᠰᠥᠭ ᠪᠢᠴᠢᠭ ᠨᠠᠷᠢᠨ ᠬᠢᠴᠢᠶᠡᠩᠭᠦᠢ᠂ ᠡᠰᠢ ᠪᠠᠷᠢᠮᠲᠠ ᠨᠢ ᠪᠦᠷᠢᠨ ᠭᠦᠢᠴᠡᠳ᠂ ᠪᠦᠬᠦ ᠲᠠᠯ᠎ᠠ ᠪᠠᠷ ᠵᠠᠳᠠᠯᠤᠨ ᠰᠢᠨᠵᠢᠯᠡᠵᠦ᠂ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠳᠤ ᠨᠡᠶᠢᠴᠡᠨ᠎ᠡ ᠬᠡᠮᠡᠨ ᠰᠠᠨᠠᠯ ᠨᠢᠭᠡᠲᠡᠢ ᠦᠵᠡᠵᠦ᠂ ᠬᠢᠨᠠᠨ ᠰᠢᠯᠭᠠᠭᠳᠠᠬᠤ ᠶᠢ ᠵᠥᠪᠰᠢᠶᠡᠷᠡᠨ ᠪᠠᠲᠤᠯᠠᠪᠠ᠃      ︽ᠲᠥᠯᠥᠪᠵᠢᠭᠦᠯᠭᠡ︾᠎ ᠶᠢ ᠪᠠᠲᠤᠯᠠᠭᠰᠠᠨ ᠨᠢ ᠮᠠᠨ ᠤ ᠤᠷᠤᠨ ᠤ ︽13 · 5︾᠎ ᠶᠢᠨ ᠬᠤᠭᠤᠴᠠᠭᠠᠨ ᠳᠠᠬᠢ ᠶᠠᠰᠤ ᠴᠢᠨᠠᠷ ᠤᠨ ᠬᠥᠭᠵᠢᠭᠦᠯᠦᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠵᠦ᠂ ᠶᠠᠰᠤ ᠴᠢᠨᠠᠷ ᠤᠨ ᠬᠥᠭᠵᠢᠭᠦᠯᠦᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠴᠢᠭᠯᠡᠯᠲᠡ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠤᠳᠤᠷᠬᠠᠶᠢᠯᠠᠬᠤ᠂ ᠥᠪᠥᠷ ᠮᠤᠩᠭᠤᠯ ᠢ ᠶᠠᠰᠤ ᠴᠢᠨᠠᠷ ᠤᠨ ᠬᠦᠴᠦᠷᠬᠡᠭ ᠣᠷᠣᠨ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号