ᠲᠠᠪᠤᠨ ᠶᠡᠭᠡ ᠡᠭᠦᠷᠭᠡ ᠶᠢ ᠰᠠᠶᠢᠲᠤᠷ ᠠᠳᠬᠤᠵᠤ  ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2016/5/19
     ᠰᠤᠷᠪᠣᠯᠵᠢᠯᠠᠭᠰᠠᠨ ᠴᠠᠭ᠄      2016 ᠣᠨ ᠤ 5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨᠡᠬᠢ 10 ᠴᠠᠭ ᠲᠤ      ᠰᠤᠷᠪᠣᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠤᠤ ᠮᠠᠨᠳᠠ      ᠰᠤᠷᠪᠣᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ︽13· 5︾ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ  ᠰᠢᠢᠳᠪᠦᠷᠢᠲᠦ ᠱᠠᠲᠤ ᠪᠣᠯᠣᠨ᠎ᠠ᠃ ᠡᠨᠡ ᠵᠢᠯ ᠤᠨ 1 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾ ︵ᠳᠣᠷᠣᠭᠰᠢ ︽ᠬᠥᠲᠥᠯᠪᠦᠷᠢ︾ ᠭᠡᠵᠦ ᠲᠣᠪᠴᠢᠯᠠᠨ᠎ᠠ︶ ᠶᠢ ᠬᠢᠨᠠᠨ ᠵᠥᠪᠯᠡᠵᠦ ᠪᠠᠲᠤᠯᠠᠵᠠᠶ᠃ ︽ᠬᠥᠲᠥᠯᠪᠦᠷᠢ︾ ᠨᠢ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠠᠷᠠᠯᠲᠠ ᠲᠣᠭᠲᠠᠭᠠᠪᠠ᠃ ᠣᠶᠢᠷ᠎ᠠ ᠳᠤ᠂ ᠪᠢᠳᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠤᠤ ᠮᠠᠨᠳᠠ ᠶᠢ ᠤᠷᠢᠵᠤ ᠬᠠᠷᠠᠯᠲᠠ ᠶᠢᠨ ᠲᠤᠲᠤᠷᠠᠬᠢ ᠮᠠᠨ ᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠩᠭᠠᠳᠬᠠᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠲᠣᠬᠠᠢ ᠰᠦᠯᠵᠢᠶᠡᠨ ᠳᠡᠭᠡᠷ᠎ᠡ ᠲᠠᠶᠢᠯᠤᠮᠵᠢ ᠬᠢᠬᠦ ᠪᠠᠷ ᠪᠤᠢ᠃ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃                     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠠᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠤᠤ ᠮᠠᠨᠳᠠ ᠶᠢ ᠤᠷᠢᠵᠤ᠂ ᠮᠠᠨ ᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠩᠭᠠᠳᠬᠠᠬᠤ ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠰᠦᠯᠵᠢᠶᠡᠨ ᠳᠡᠭᠡᠷ᠎ᠡ ᠲᠠ ᠪᠦᠬᠦᠨ ᠲᠠᠢ ᠰᠣᠯᠢᠯᠴᠠᠬᠤ ᠪᠠᠷ ᠪᠠᠶᠢᠨ᠎ᠠ᠃ ᠪᠤᠤ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠪᠤᠤ ᠮᠠᠨᠳᠠ᠄      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠠᠳᠡ ᠲᠠ ᠪᠦᠬᠦᠨ ᠲᠠᠢ ᠰᠠᠨᠠᠯ ᠢᠶᠠᠨ ᠰᠤᠯᠢᠯᠴᠠᠬᠤ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ ᠡᠨᠡ ᠲᠣᠬᠢᠶᠠᠯ ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠮᠦᠨ᠎ᠡ ᠠᠴᠠ᠂ ᠮᠠᠨ ᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠬᠥᠲᠥᠯᠥᠭᠴᠢ᠄      ᠪᠤᠤ ᠡᠷᠬᠢᠯᠡᠭᠴᠢ᠂ ︽13· 5︾ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠶᠢᠨ ᠭᠦᠨᠵᠡᠭᠡᠶ ᠬᠤᠪᠢᠰᠤᠯᠲᠠ ᠪᠣᠯᠣᠨ ᠣᠯᠳᠠᠬᠤᠶ᠎ᠠ ᠪᠡᠷᠬᠡ ᠠᠵᠠ ᠲᠣᠬᠢᠶᠠᠯ ᠳᠣᠣᠷ᠎ᠠ᠂ ᠮᠠᠨ ᠤ ᠣᠷᠣᠨ ᠤ ᠠᠯᠢ ᠬᠦᠷᠢᠶ᠎ᠡ ᠬᠡᠪᠴᠢᠶᠡᠨ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠬᠤ ᠪᠤᠢ︖ ︽ᠬᠥᠲᠥᠯᠪᠦᠷᠢ︾ ᠳᠤ ᠶᠠᠮᠠᠷ ᠶᠠᠮᠠᠷ ᠪᠠᠶᠢᠯᠳᠤᠬᠤ ᠪᠤᠳᠤᠯᠭ᠎ᠠ ᠶᠢᠨ ᠡᠭᠦᠷᠭᠡ ᠳᠤᠷᠠᠳᠤᠭᠰᠠᠨ ᠪᠤᠢ︖      ᠪᠤᠤ ᠮᠠᠨᠳᠠ᠄      ᠥᠭᠡᠷᠡᠴᠢᠯᠡᠯᠲᠡ ᠪᠣᠯ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ᠂ ︽ᠬᠥᠲᠥᠯᠪᠦᠷᠢ ︾ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠭᠤᠯᠭ᠎ᠠ ᠶᠢ ᠭᠤᠣᠯᠳᠠᠭᠤ ᠨᠠᠮ ᠤᠨ ᠠᠷᠪᠠᠨ  ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠥᠯᠥᠪᠵᠢᠭᠦᠯᠭᠡ ︵2014 — 2020 ᠣᠨ︶︾ ᠶᠢᠨ ᠰᠠᠭᠤᠷᠢᠨ ᠳᠡᠭᠡᠷ᠎ᠡ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠦᠵᠡᠭᠦᠯᠬᠦ ᠰᠢᠢᠳᠪᠦᠷᠢᠯᠡᠭᠴᠢ ᠴᠢᠨᠠᠷᠲᠠᠶ ᠦᠢᠯᠡᠳᠦᠯ  ᠤᠨ ᠱᠠᠭᠠᠷᠳᠠᠯᠭ᠎ᠠ ᠶᠢᠨ ᠲᠣᠭᠤᠷᠢᠨ ᠳᠤ ᠲᠤᠭᠤᠷᠪᠢᠨ ᠪᠢᠴᠢᠭᠰᠡᠨ ᠶᠤᠮ᠃ ᠠᠵᠤ ᠠᠬᠤᠶ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠬᠤ ᠪᠠ ᠪᠦᠷᠢᠨᠰᠢᠭᠦᠯᠬᠦ᠂ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠨ ᠲᠡᠭᠦᠯᠳᠡᠷᠵᠢᠭᠦᠯᠬᠦ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠲᠦᠷᠭᠡᠨ  ᠬᠤᠪᠢᠷᠠᠭᠤᠯᠬᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡ ᠴᠤᠭᠴᠠᠵᠢᠭᠤᠯᠬᠤ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠬᠦ᠂ ᠨᠡᠶᠢᠭᠡᠮ ᠤᠨ ᠦᠢᠯᠡᠰ ᠤᠨ ᠥᠭᠡᠷᠡᠴᠢᠯᠡᠯᠲᠡ ᠶᠢᠨ ᠰᠢᠨ᠎ᠡ ᠡᠭᠦᠳᠦᠯᠲᠡ ᠶᠢ ᠲᠦᠯᠬᠢᠨ  ᠠᠬᠢᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠨᠠᠢᠮᠠᠨ  ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠪᠠᠷ ᠳᠠᠮᠵᠢᠭᠤᠯᠤᠨ᠂ ᠨᠡᠩ ᠪᠣᠯᠪᠠᠰᠤᠷᠠᠩᠭᠤᠶ᠂ ᠨᠡᠩ   ᠲᠣᠭᠲᠠᠩᠭᠤᠢ ᠲᠦᠷᠢᠮ ᠤᠨ ᠰᠢᠰᠲ᠋ᠧᠮᠵᠢ ᠶᠢ ᠪᠠᠶᠢᠭᠤᠯᠬᠤ ᠪᠣᠯᠣᠨ᠎ᠠ᠃        ᠪᠠᠶᠢᠷᠢᠰᠢᠭᠤᠯᠤᠯ ᠤᠨ ᠲᠠᠯ᠎ᠠ ᠪᠠᠷ᠂ ︽ᠬᠥᠲᠥᠯᠪᠦᠷᠢ︾  ᠨᠢ ᠲᠥᠪ ᠤᠨ ︽ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ︾ ᠤ ᠲᠣᠭᠤᠷᠢᠨ ᠳᠤ ︽13 · 5︾ ᠶᠢᠨ ᠲᠠᠪᠤᠨ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠳᠤᠷᠠᠳᠤᠭᠰᠠᠨ ᠪᠦᠭᠡᠳ ᠥᠪᠥᠷ ᠮᠣᠩᠭᠤᠯ ᠤᠨ ᠪᠣᠳᠠᠲᠤ ᠪᠠᠶᠢᠳᠠᠯ ᠢ ᠦᠨᠳᠦᠰᠦᠯᠡᠨ ︽5 + 2︾ ᠳᠣᠯᠣᠭᠠᠨ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠳᠤᠷᠠᠳᠪᠠ᠄ ᠨᠢᠭᠡ ᠳᠤ ᠠᠵᠤ ᠠᠬᠤᠶ ᠶᠢ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠤᠵᠠᠭᠠᠶᠢᠷᠠᠭᠤᠯᠤᠨ᠎ᠠ︔ ᠬᠤᠶᠠᠷ ᠲᠤ ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠲᠠᠯᠠᠨ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ  ᠳᠡᠭᠡᠭᠰᠢᠯᠡᠭᠦᠯᠦᠨ᠎ᠡ︔ ᠭᠤᠷᠪᠠ ᠳᠤ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠨ᠂ ᠬᠥᠭᠵᠢᠯᠲᠡ ᠶᠢᠨ ᠪᠦᠬᠦᠯᠢ ᠴᠤᠭᠴᠠᠲᠤ ᠴᠢᠨᠠᠷ ᠢ ᠴᠢᠩᠭᠠᠳᠬᠠᠨ᠎ᠠ︔ ᠲᠦᠷᠪᠡ ᠳᠤ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠶᠢᠭᠤᠯᠤᠨ ᠪᠠᠬᠢᠵᠢᠭᠦᠯᠦᠨ᠎ᠡ︔ ᠲᠠᠪᠤ ᠳᠤ᠂ ᠨᠡᠭᠡᠭᠡᠯᠲᠦ ᠬᠥᠭᠵᠢᠯᠲᠡ ᠶᠢ ᠪᠠᠷᠢᠮᠲᠠᠯᠠᠵᠤ᠂ ᠭᠠᠳᠠᠭᠰᠢ ᠨᠡᠭᠡᠭᠡᠬᠦ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ︔ ᠵᠢᠷᠭᠤᠭ᠎ᠠ ᠳᠤ ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ᠲᠤᠯᠤᠭ᠎ᠠ ᠳᠤ ᠡᠶ᠎ᠡ ᠵᠤᠬᠢᠴᠠᠩᠭᠤᠢ ᠥᠪᠥᠷ ᠮᠣᠩᠭᠤᠯ ᠢ ᠪᠥᠳᠥᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃      ᠬᠥᠲᠥᠯᠥᠭᠴᠢ᠄      ︽13· 5︾ ᠶᠢᠨ ᠬᠤᠭᠤᠴᠠᠭᠠᠨ ᠳᠤ᠂ ᠮᠠᠨ ᠤ ᠣᠷᠣᠨ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠠᠴᠠ ᠳᠤᠷᠠᠳᠤᠭᠰᠠᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠬᠡᠷᠬᠢᠨ ᠴᠤᠤᠷᠢᠶᠠᠲᠤᠨ ᠳᠠᠭᠠᠬᠤ ᠪᠠᠷ ᠪᠡᠯᠡᠳᠬᠡᠵᠦ ᠪᠤᠢ︖ ᠥᠪᠥᠷ ᠮᠣᠩᠭᠤᠯ ᠨᠢ ᠤᠯᠤᠰ ᠣᠷᠣᠨ ᠤ ᠪᠦᠬᠦ ᠲᠠᠯ᠎ᠠ ᠶᠢᠨ ᠬᠠᠩᠭᠠᠯᠭ᠎ᠠ ᠲᠠᠯ᠎ᠠ ᠶᠢᠨ ᠥᠭᠡᠷᠡᠴᠢᠯᠡᠯᠲᠡ ᠶᠢᠨ ᠳᠤᠮᠳᠠ ᠶᠠᠮᠠᠷᠬᠦ  ᠳᠦᠷᠢ ᠶᠢ ᠲᠣᠭᠯᠠᠬᠤ ᠭᠡᠵᠦ ᠪᠠᠶᠢᠭ᠎ᠠ ᠪᠤᠢ︖      ᠪᠣᠣ ᠮᠠᠨᠳᠠ᠄      ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠣᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠬᠤ ᠪᠠ ᠬᠥᠲᠥᠯᠥᠨ ᠵᠢᠯᠣᠭᠤᠳᠬᠤ ᠴᠢᠬᠤᠯᠠ ᠶᠡᠭᠡ ᠰᠢᠨ᠎ᠡ ᠡᠭᠦᠳᠦᠯᠲᠡ ᠪᠣᠯᠤᠨ᠎ᠠ᠂ ᠲᠠᠪᠤᠨ ᠶᠡᠭᠡ ᠡᠭᠦᠷᠭᠡ ᠶᠢ ᠰᠠᠶᠢᠲᠤᠷ ᠠᠳᠬᠤᠬᠤ ᠪᠠᠷ ᠭᠤᠣᠯᠳᠠᠯᠭ᠎ᠠ ᠪᠤᠯᠭᠠᠭᠰᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠨᠢ ᠲᠠᠷᠤᠢ ᠠᠵᠤ ᠠᠬᠤᠶ ᠶᠢᠨ ᠠᠵᠢᠯ ᠤᠨ ︽ᠠᠮᠢᠨ ᠭᠠᠵᠠᠷ︾ ᠢ ᠨᠢ ᠰᠠᠶᠢᠲᠤᠷ ᠠᠳᠬᠤᠭᠰᠠᠨ ᠶᠠᠪᠤᠳᠠᠯ ᠪᠤᠯᠤᠨ᠎ᠠ᠃ ᠡᠶᠢᠮᠦ ᠠᠴᠠ᠂ ︽ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ︾ ᠲᠤᠮᠢᠶ᠎ᠠ ᠶᠢ ᠰᠠᠶᠢᠲᠤᠷ ᠬᠢᠬᠦ ᠬᠡᠷᠡᠭᠲᠡᠶ᠃      ᠡᠩ ᠲᠡᠷᠢᠭᠦᠨ ᠳᠤ᠂ ︽ᠨᠡᠮᠡᠬᠦ︾ ᠲᠤᠮᠢᠶ᠎ᠠ ᠶᠢ ᠰᠠᠶᠢᠲᠤᠷ ᠬᠢᠬᠦ ᠬᠡᠷᠡᠭᠲᠡᠶ᠃ ︽ᠨᠡᠮᠡᠬᠦ︾ ᠲᠤᠮᠢᠶ᠎ᠠ ᠪᠤᠯ ᠳᠠᠷᠤᠶ ᠬᠠᠳᠠᠭᠠᠯᠠᠯᠲᠠ ᠶᠢᠨ ᠬᠡᠮᠵᠢᠶ᠎ᠡ ᠶᠢ ᠴᠢᠩᠭᠠᠷᠠᠭᠤᠯᠵᠤ᠂ ᠨᠡᠮᠡᠭᠳᠡᠯ ᠢ ᠬᠥᠲᠥᠯᠥᠨ ᠵᠢᠯᠣᠭᠤᠳᠴᠤ᠂ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠰᠢᠨ᠎ᠡ ᠨᠡᠮᠡᠭᠳᠡᠯ ᠤᠨ ᠬᠥᠳᠡᠯᠭᠡᠬᠦ ᠬᠦᠴᠦᠨ ᠢ ᠪᠤᠶᠢᠵᠢᠭᠤᠯᠬᠤ ᠪᠤᠯᠤᠨ᠎ᠠ᠃ ᠮᠠᠨ ᠤ ᠤᠷᠤᠨ ᠳᠤ ᠠᠪᠴᠤ ᠬᠡᠯᠡᠪᠡᠯ ᠳᠠᠷᠤᠶ ᠠᠵᠤ ᠦᠢᠯᠡᠰ ᠤᠨ ᠬᠦᠭᠵᠢᠯᠲᠡ ᠶᠢᠨ ᠳᠤᠲᠠᠭᠤ ᠲᠠᠯ᠎ᠠ ᠪᠠᠨ ᠨᠦᠬᠦᠪᠦᠷᠢᠯᠡᠬᠦ ᠪᠤᠯᠤᠨ᠎ᠠ᠄ ᠨᠢᠭᠡ ᠳᠤ ᠡᠬᠢ ᠪᠠᠶᠠᠯᠢᠭ ᠤᠨ ᠬᠡᠯᠪᠡᠷᠢ ᠪᠥᠬᠦᠢ ᠠᠵᠤ ᠦᠢᠯᠡᠰ ᠢ ᠤᠷᠲᠤᠳᠬᠠᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ᠃ ᠣᠳᠣᠬᠠᠨ ᠳᠤ ᠮᠠᠨ ᠤ ᠣᠷᠣᠨ ᠤ ᠡᠬᠢ ᠪᠠᠶᠠᠯᠢᠭ ᠤᠨ ᠬᠡᠯᠪᠡᠷᠢ ᠪᠥᠬᠦᠢ ᠠᠵᠤ ᠦᠢᠯᠡᠰ ᠳᠤᠤᠷ᠎ᠠ ᠲᠦᠪᠰᠢᠨᠵᠢᠬᠦ ᠣᠨᠴᠠᠯᠢᠭ ᠢᠯᠡᠷᠬᠡᠶ ᠪᠤᠯᠵᠤ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ 35% ᠪᠠᠶᠢᠵᠤ᠂ ᠮᠧᠲ᠋ᠢᠯ ᠠᠯᠺᠣᠣᠯ ᠤᠷᠲᠤᠳᠬᠠᠨ ᠪᠣᠯᠪᠠᠰᠤᠷᠠᠭᠤᠯᠬᠤ ᠨᠤᠷᠮ᠎ᠠ ᠨᠢ 20% ᠲᠤ ᠭᠥᠷᠬᠦ ᠥᠭᠡᠢ᠂ ᠥᠩᠭᠡᠲᠦ ᠲᠡᠮᠦᠷᠯᠢᠭ ᠤᠷᠲᠤᠳᠬᠠᠨ ᠡᠳ᠋ᠰᠢᠭᠦᠯᠬᠦ ᠨᠤᠷᠮ᠎ᠠ ᠨᠢ 55% ᠪᠠᠶᠢᠬᠤ ᠮᠦᠷᠲᠡᠭᠡᠨ ᠮᠦᠨ ᠠᠩᠬᠠᠨ ᠤ ᠪᠣᠯᠪᠠᠰᠤᠷᠠᠭᠤᠯᠤᠯᠲᠠ ᠪᠠᠷ ᠭᠤᠤᠯᠯᠠᠵᠤ ᠪᠠᠶᠢᠨ᠎ᠠ᠃ ᠨᠡᠭᠦᠷᠡᠰᠦ᠂ ᠪᠤᠯᠤᠳ ᠳᠡᠮᠤᠷ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠤᠷᠲᠤᠳᠬᠠᠨ ᠪᠣᠯᠪᠠᠰᠤᠷᠠᠭᠤᠯᠬᠤ ᠶᠢ ᠭᠤᠣᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠢ᠃ ᠳᠠᠬᠢᠪᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠳᠡᠭᠡᠭᠰᠢᠯᠡᠭᠦᠯᠦᠯᠲᠡ ᠶᠢ ᠲᠦᠷᠭᠡᠪᠴᠢᠯᠡᠨ ᠲᠦᠯᠬᠢᠨ ᠠᠬᠢᠭᠤᠯᠵᠤ᠂ ᠨᠣᠯᠤᠤᠷ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠰᠦ ᠶᠢᠨ ᠦᠢᠯᠡᠰ ᠤᠨ ᠲᠦᠷᠦᠭᠦᠯᠡᠬᠦ ᠪᠠᠶᠢᠷᠢ ᠰᠠᠭᠤᠷᠢ ᠶᠢ ᠪᠠᠲᠤᠯᠠᠵᠤ᠂ ᠮᠢᠬᠠᠨ ᠤ ᠵᠦᠢᠯ ᠪᠠ ᠴᠢᠨᠠᠷ ᠰᠠᠶᠢᠲᠠᠶ ᠠᠮᠤ ᠲᠤᠰᠤᠨ ᠤ ᠠᠵᠤ ᠦᠢᠯᠡᠰ ᠢ ᠵᠣᠬᠢᠰᠲᠠᠶ ᠪᠤᠵᠠᠭᠠᠶᠢᠷᠠᠭᠤᠯᠵᠤ᠂ ᠠᠷᠠᠰᠤ ᠰᠢᠷᠢ᠂ ᠥᠯᠥᠩ ᠡᠪᠡᠰᠦ ᠵᠡᠷᠭᠡ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠮᠠᠨ ᠤ ᠤᠯᠤᠰ ᠤᠨ ᠴᠢᠬᠤᠯᠠ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠪᠤᠯᠭᠠᠨ ᠪᠠᠶᠢᠭᠤᠯᠤᠨ᠎ᠠ︔ ᠬᠤᠶᠠᠷ ᠲᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠦᠭᠵᠢᠭᠦᠯᠬᠦ ᠬᠡᠷᠡᠭᠲᠡᠢ᠃ ᠣᠳᠣᠬᠠᠨ ᠳᠤ᠂ ᠮᠠᠨ ᠤ ᠤᠷᠤᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠦᠢᠯᠡᠳᠪᠦᠷᠢᠯᠡᠯ ᠤᠨ ᠪᠦᠬᠦ ᠦᠷᠲᠡᠭ ᠤᠨ 5.6% ᠶᠢ ᠡᠵᠡᠯᠡᠵᠦ᠂ ᠪᠦᠬᠦ ᠤᠯᠤᠰ ᠠᠴᠠ 2.5 ᠵᠠᠭᠤᠨ ᠤ ᠴᠡᠭ ᠳᠤᠤᠷ᠎ᠠ ᠪᠠᠶᠢᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠪᠣᠷ ᠰᠢᠷᠣᠶ᠂ ᠪᠠᠯ ᠴᠢᠯᠠᠭᠤ᠂ ᠬᠡᠷᠡᠯᠯᠢᠭ ᠴᠠᠬᠢᠯᠭᠠᠨ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠮᠣᠩᠭᠤᠯ ᠡᠮ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠡᠷᠭᠡ ᠠᠮᠢᠳᠤ ᠪᠣᠳᠠᠰ ᠤᠨ ᠠᠵᠤ ᠦᠢᠯᠡᠰ᠂ ᠰᠠᠯᠬᠢ ᠬᠡᠷᠡᠯ ᠢᠯᠴᠢ ᠵᠡᠷᠭᠡ ᠰᠢᠨ᠎ᠡ ᠡᠨᠧᠷᠬᠢ ᠶᠢᠨ ᠠᠵᠤ ᠦᠢᠯᠡᠰ᠂ ᠡᠭᠦᠯᠡᠨ ᠪᠤᠳᠤᠯᠳᠠ ᠪᠠ ᠲᠤᠮᠤ ᠳ᠋ᠠᠶᠢᠲ᠋ᠠ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠭᠵᠢᠯᠲᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ︔ ᠭᠤᠷᠪᠠ ᠳᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠦᠭᠵᠢᠭᠦᠯᠬᠦ ᠬᠡᠷᠡᠭᠲᠡᠢ᠃ 2015 ᠣᠨ ᠳᠤ᠂ ᠮᠠᠨ ᠤ ᠤᠷᠤᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠨᠢ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ 40% ᠶᠢ ᠡᠵᠡᠯᠡᠵᠦ᠂ ᠪᠦᠬᠦ ᠤᠯᠤᠰ ᠠᠴᠠ10.5 ᠵᠠᠭᠤᠨ ᠤ ᠴᠡᠭ ᠳᠤᠤᠷ᠎ᠠ ᠪᠠᠶᠢᠨ᠎ᠠ᠃ ᠦᠢᠯᠡᠴᠢᠯᠡᠭᠡᠨ ᠤ ᠦᠢᠯᠡᠰ ᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠭᠠᠨ ᠠᠳᠬᠤᠵᠤ᠂ ᠡᠳ᠋ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠳᠡᠭᠡᠭᠰᠢᠯᠡᠭᠦᠯᠵᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠵᠤ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃    ᠳᠠᠷᠠᠭ᠎ᠠ ᠨᠢ᠂ ︽ᠬᠠᠰᠤᠬᠤ︾ ᠲᠤᠮᠢᠶ᠎ᠠ ᠶᠢ ᠰᠠᠶᠢᠲᠤᠷ ᠬᠢᠬᠦ ᠬᠡᠷᠡᠭᠲᠡᠶ᠃ ︽ᠬᠠᠰᠤᠬᠤ︾ ᠲᠤᠮᠢᠶ᠎ᠠ ᠪᠤᠯ ᠳᠠᠷᠤᠶ ᠭᠠᠷᠤᠯᠲᠠ ᠪᠠᠨ ᠰᠠᠨᠠᠭᠠᠴᠢᠯᠠᠭ᠎ᠠ ᠠᠴᠠ ᠪᠠᠨ ᠪᠠᠭᠠᠰᠬᠠᠬᠤ᠂ ᠬᠦᠰᠢᠭᠦᠷᠡᠭᠰᠡᠨ ᠠᠵᠤ ᠠᠬᠤᠶᠢᠯᠠᠯ ᠢ ᠰᠢᠢᠳᠪᠦᠷᠢᠯᠡᠬᠦ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ᠂ ᠬᠦᠮᠦᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠭᠡᠬᠦ᠂ ᠰᠢᠯᠢᠳᠡᠭ ᠨᠢ ᠰᠢᠯᠢᠭᠳᠡᠵᠦ ᠮᠠᠭᠤ ᠨᠢ ᠰᠢᠭᠰᠢᠭᠳᠡᠬᠦ ᠶᠢ ᠪᠡᠶᠡᠯᠡᠭᠦᠯᠬᠦ ᠪᠤᠯᠤᠨ᠎ᠠ᠃ ᠭᠤᠣᠯᠳᠠᠭᠤ ᠬᠦᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ᠂ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠭᠡᠬᠦ ᠶᠢ ᠰᠠᠶᠢᠲᠤᠷ ᠬᠢᠬᠦ ᠬᠡᠷᠡᠭᠲᠡᠢ᠃ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠭᠡᠬᠦ᠄ ᠮᠠᠨ ᠤ ᠤᠷᠤᠨ ᠤ ᠤᠳᠤ ᠪᠠᠶᠢᠭ᠎ᠠ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ13.16 ᠳ᠋ᠦᠩᠰᠢᠭᠤᠷ ᠲᠣᠨ \ ᠵᠢᠯ᠂ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢᠨ ᠨᠤᠷᠮ᠎ᠡ 71% ᠪᠤᠯᠤᠨ᠎ᠠ︔ ᠪᠣᠯᠣᠳ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ 3190 ᠲᠦᠮᠡᠨ ᠲᠣᠨ᠂ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢᠨ ᠨᠤᠷᠮ᠎ᠠ 54.4% ᠪᠤᠯᠤᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ᠂ ᠨᠡᠭᠦᠷᠡᠰᠦ᠂ ᠪᠣᠯᠣᠳ ᠲᠡᠮᠦᠷ᠂ ᠱᠦᠢᠨᠢ᠂ ᠰᠢᠯ ᠤᠨ ᠰᠢᠨ᠎ᠡ ᠪᠠᠷ ᠨᠡᠮᠡᠭᠳᠡᠭᠦᠯᠬᠦ ᠦᠢᠯᠡᠳᠪᠦᠷᠢᠯᠡᠬᠦ ᠴᠢᠳᠠᠪᠤᠷᠢ ᠶᠢᠨ ᠲᠦᠷᠦᠯ ᠵᠦᠢᠯ ᠢ ᠳᠠᠬᠢᠨ ᠦᠯᠦ ᠵᠥᠪᠰᠢᠶᠡᠷᠡᠬᠦ ᠲᠤᠬᠠᠶ ᠲᠤᠭᠲᠠᠭᠠᠯ ᠢ ᠴᠢᠩᠭ᠎ᠠ ᠬᠡᠷᠡᠭᠵᠢᠭᠦᠯᠵᠦ᠂ ᠤᠯᠤᠰ ᠤᠨ ᠣᠷᠴᠢᠨ ᠠᠬᠤᠶ ᠶᠢ ᠬᠠᠮᠠᠭᠠᠯᠠᠬᠤ᠂ ᠡᠨᠧᠷᠬᠢ ᠶᠢᠨ ᠬᠤᠷᠤᠭᠳᠠᠯ᠂ ᠶᠠᠰᠤ ᠴᠢᠨᠠᠷ᠂ ᠠᠮᠤᠷ ᠲᠦᠪᠰᠢᠨ᠂ ᠮᠡᠷᠭᠡᠵᠢᠯ ᠵᠡᠷᠭᠡ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠵᠦᠢᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠵᠤ᠂ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠮᠥᠨ ᠬᠦ ᠱᠠᠭᠠᠷᠳᠠᠯᠭ᠎ᠠ ᠳᠤ ᠬᠦᠷᠦᠭᠰᠡᠨ ᠦᠭᠡᠢ ᠪᠤᠯ ᠬᠠᠤᠯᠢ ᠶᠣᠰᠣᠭᠠᠷ ᠡᠮᠬᠢ ᠵᠢᠷᠤᠮ ᠲᠠᠢ ᠤᠬᠤᠷᠢᠨ ᠭᠠᠷᠭᠠᠨ᠎ᠠ᠃ ᠡᠭᠦᠨ ᠤ ᠬᠠᠮᠲᠤ᠂ ᠨᠢᠭᠡᠨᠲᠡ ᠵᠠᠮ ᠢᠶᠠᠨ ᠣᠯᠤᠭᠰᠠᠨ ᠴᠠᠬᠢᠯᠭᠠᠨ ᠬᠦᠴᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠪᠠ ᠤᠳᠤ ᠪᠠᠶᠢᠭ᠎ᠠ ᠦᠢᠯᠡᠳᠪᠦᠷᠢᠯᠡᠯ᠂ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠶ ᠶᠢ ᠬᠤᠯᠪᠤᠭᠠᠯᠠᠨ ᠲᠠᠬᠢᠨ ᠵᠣᠬᠢᠶᠠᠨ ᠪᠠᠶᠢᠭᠤᠯᠬᠤ᠂ ᠤᠳᠤ ᠪᠠᠶᠢᠭ᠎ᠠ ᠦᠯᠡᠭᠦᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠬᠢᠭᠡᠳ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠥᠷᠥᠯ ᠢ ᠬᠤᠯᠪᠣᠭᠠᠯᠠᠵᠤ ᠲᠠᠬᠢᠨ ᠵᠣᠬᠢᠶᠠᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠤᠨ᠎ᠠ᠃ ᠬᠦᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ᠄ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠲᠦᠬᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠦᠭᠡᠷᠡᠴᠢᠯᠡᠯᠲᠡ ᠶᠢᠨ ᠵᠤᠭᠤᠰᠴᠢᠯᠠᠭᠰᠠᠨ ᠲᠦᠪᠬᠢᠨᠡᠭᠦᠯᠦᠯᠲᠡ ᠶᠢ ᠶᠡᠬᠡᠪᠡᠷ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ ᠬᠤᠳᠠ ᠣᠷᠣᠵᠤ ᠭᠡᠷ ᠪᠠᠶᠢᠰᠢᠩ ᠬᠤᠳᠠᠯᠳᠤᠨ ᠠᠪᠬᠤ ᠶᠢ ᠵᠣᠷᠢᠭᠵᠢᠭᠤᠯᠤᠨ ᠳᠡᠮᠵᠢᠵᠦ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠭᠡᠷ ᠭᠠᠵᠠᠷ ᠬᠦᠷᠦᠩᠭᠡ ᠶᠢᠨ ᠬᠦᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ ᠳᠤ ᠡᠷᠲᠡᠬᠡᠨ ᠠᠮᠵᠢᠯᠲᠠ ᠤᠯᠬᠤ ᠶᠢ ᠲᠦᠯᠬᠢᠨ ᠠᠬᠢᠭᠤᠯᠤᠨ᠎ᠠ᠃      ᠳᠠᠬᠢᠪᠠᠯ᠂ ︽ᠦᠷᠡᠵᠢᠭᠦᠯᠬᠦ︾ ᠲᠤᠮᠢᠶ᠎ᠠ ᠶᠢ ᠰᠠᠶᠢᠲᠤᠷ ᠬᠢᠬᠦ ᠬᠡᠷᠡᠭᠲᠡᠶ᠃ ︽ᠦᠷᠡᠵᠢᠭᠦᠯᠬᠦ︾ ᠲᠤᠮᠢᠶ᠎ᠠ ᠪᠣᠯ ᠳᠠᠷᠤᠶ ᠰᠢᠨ᠎ᠡ ᠶᠢ ᠡᠭᠦᠳᠦᠨ ᠬᠥᠭᠵᠢᠭᠦᠯᠬᠦ ᠪᠤᠯᠤᠨ᠎ᠠ᠃ ︽12· 5︾ ᠤᠨ ᠬᠤᠭᠤᠴᠠᠭᠠᠨ ᠳᠤ᠂ ᠮᠠᠨ ᠤ ᠤᠷᠤᠨ ᠤ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠢᠯᠡᠳᠬᠡᠮᠵᠢ ᠨᠢ 45.13% ᠪᠠᠶᠢᠵᠤ᠂ ᠪᠦᠬᠦ ᠤᠯᠤᠰ ᠤᠨ 20 ᠳ᠋ᠤᠭᠠᠷ ᠲᠤ ᠪᠠᠶᠢᠷᠢᠯᠠᠵᠤ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ18.42 ᠵᠠᠭᠤᠨ ᠤ ᠴᠡᠭ ᠳᠤᠤᠷ᠎ᠠ ᠪᠠᠶᠢᠪᠠ᠃ ᠮᠠᠨ ᠤ ᠤᠷᠤᠨ ᠳᠤ ᠠᠪᠴᠤ ᠬᠡᠯᠡᠪᠡᠯ᠂ ︽ᠦᠷᠡᠵᠢᠭᠦᠯᠬᠦ︾ ᠲᠤᠮᠢᠶ᠎ᠠ ᠶᠢ ᠰᠠᠶᠢᠲᠤᠷ ᠬᠢᠬᠦ ᠨᠢ ᠳᠠᠷᠤᠢ ᠰᠢᠨ᠎ᠡ ᠶᠢ ᠡᠭᠦᠳᠴᠦ ᠳᠤᠲᠠᠭᠤ ᠲᠠᠯ᠎ᠠ ᠪᠠᠨ ᠨᠥᠬᠦᠵᠦ ᠪᠦᠷᠢᠳᠦᠭᠦᠯᠬᠦ ᠪᠤᠯᠤᠨ᠎ᠠ᠃ ᠨᠢᠭᠡ ᠲᠠᠯ᠎ᠠ ᠪᠠᠷ᠂ ᠴᠢᠨᠠᠷ ᠰᠠᠶᠢᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠳᠡᠭᠡᠳᠦ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ  ᠳᠤ ᠲᠦᠰᠢᠭᠯᠡᠨ᠂ ᠲᠦᠯᠬᠢᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠥᠡᠭᠭᠡᠨ ᠴᠠᠭᠠᠨ ᠶᠡᠬᠡᠲᠡᠶ ᠨᠤᠨᠲᠠᠭ ᠨᠡᠭᠦᠷᠡᠰᠦ ᠶᠢ ᠶᠡᠷᠦᠩᠬᠡᠶᠢᠯᠡᠨ ᠠᠰᠢᠭᠯᠠᠬᠤ᠂ ᠤᠳᠦ ᠦᠶ᠎ᠡ ᠶᠢᠨ ᠮᠣᠩᠭᠤᠯ ᠡᠮ ᠡᠮᠨᠡᠯᠭᠡ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠰᠦ ᠰᠠᠭᠠᠯᠢ ᠶᠢᠨ ᠦᠢᠯᠡᠰ ᠤᠨ ᠪᠤᠯᠪᠠᠰᠤᠷᠠᠭᠤᠯᠬᠤ ᠵᠡᠷᠭᠡ ᠬᠦᠷᠢᠶᠡᠨ ᠲᠤ ᠨᠢᠭᠡ ᠪᠦᠯᠦᠭ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠢᠨᠵᠧᠨᠧᠷᠢᠩ ᠤᠨ ᠰᠤᠳᠤᠯᠤᠯ ᠤᠨ ᠲᠥᠪ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠦᠬᠦᠭᠡ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠷᠢᠶᠠᠯᠠᠯ ᠪᠠ ᠠᠰᠢᠭ ᠲᠤᠰᠠ ᠶᠢ ᠬᠤᠪᠢᠶᠠᠨ ᠡᠳ᠋ᠯᠡᠬᠦ ᠲᠣᠭᠲᠠᠴᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠳᠦᠷᠢᠮ︾ ᠢ ᠲᠦᠷᠭᠡᠨ ᠵᠠᠰᠠᠪᠤᠷᠢ ᠤᠷᠤᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠲᠠᠨ ᠤ ᠬᠤᠪᠢᠴᠠᠭᠠᠨ ᠡᠷᠬᠡ ᠪᠠ ᠠᠰᠢᠭ ᠬᠤᠪᠢᠶᠠᠵᠤ ᠤᠷᠮᠠᠰᠢᠭᠤᠯᠬᠤ ᠲᠦᠷᠢᠮ ᠤᠨ ᠪᠠᠶᠢᠭᠤᠯᠤᠯᠲᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠬᠢᠬᠦ ᠢᠳᠡᠪᠬᠢᠵᠢᠯ ᠢ ᠲᠠᠶᠢᠴᠢᠯᠠᠬᠤ ᠬᠡᠷᠡᠭᠲᠡᠢ᠃      ᠡᠴᠦᠰ ᠲᠤᠨᠢ᠂ ︽ᠬᠤᠪᠢᠶᠠᠬᠤ︾ ᠲᠣᠮᠢᠶ᠎ᠠ ᠶᠢ ᠰᠠᠶᠢᠲᠤᠷ ᠬᠢᠬᠦ ᠬᠡᠷᠡᠭᠲᠡᠢ᠃ ︽ᠬᠤᠪᠢᠶᠠᠬᠤ︾ ᠲᠣᠮᠢᠶ᠎ᠠ ᠪᠣᠯ ᠵᠠᠰᠠᠭ ᠢ ᠴᠣᠮᠬᠠᠳᠬᠠᠵᠤ ᠡᠷᠬᠡ ᠶᠢ ᠪᠠᠭᠤᠯᠭᠠᠨ᠂ ᠭᠠᠭᠴᠠᠭᠠᠷ ᠡᠵᠡᠮᠰᠢᠯ ᠢ ᠠᠷᠢᠯᠭᠠᠵᠤ᠂ ᠵᠠᠬᠢᠷᠤᠨ ᠬᠠᠮᠢᠶᠠᠷᠬᠤ ᠶᠢ ᠰᠤᠯᠠᠳᠬᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠦᠷᠳᠡᠭ᠂ ᠳᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠦᠷᠳᠡᠭ ᠪᠠ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠵᠤ᠂ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠤᠷᠠᠮᠳᠤᠭᠤᠯᠤᠯ ᠤᠨ ᠠᠶᠤᠯ ᠲᠦᠭᠰᠢᠭᠦᠷᠢ ᠶᠢ ᠠᠷᠢᠯᠭᠠᠨ᠎ᠠ᠃ ᠡᠭᠦᠨ ᠳᠤ ᠭᠤᠣᠯᠳᠠᠭᠤ᠄ ᠨᠢᠭᠡ ᠳᠤ ᠥᠭᠡᠷᠡᠴᠢᠯᠡᠯᠲᠡ ᠬᠢᠬᠦ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠨᠠᠰᠢ᠂ ᠮᠠᠨ ᠤ ᠣᠷᠣᠨ 615 ᠵᠦᠢᠯ ᠤᠨ ᠥᠭᠡᠷᠡᠴᠢᠯᠡᠯᠲᠡ ᠶᠢᠨ ᠲᠥᠰᠦᠯ ᠲᠣᠭᠲᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠪᠦᠬᠦ ᠡᠭᠦᠷᠭᠡ ᠶᠢᠨ 60 %  ᠠᠴᠠ ᠳᠡᠭᠡᠭᠰᠢᠬᠢ ᠶᠢ ᠡᠵᠡᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ ᠬᠥᠭᠵᠢᠭᠡᠨ ᠳᠠᠶᠢᠴᠢᠯᠠᠭᠰᠠᠨ ᠪᠠᠶᠢᠨ᠎ᠠ᠃ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠰᠦᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠶ ᠠᠳᠬᠤᠨ᠎ᠠ᠃ ᠬᠤᠶᠠᠷ ᠲᠤ ᠥᠪᠡᠷ ᠤᠨ ᠥᠷᠲᠡᠭ ᠢ ᠪᠠᠭᠤᠷᠠᠭᠤᠯᠬᠤ ᠪᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠠᠵᠤ ᠠᠬᠤᠶᠢᠯᠠᠯ ᠤᠨ ᠭᠠᠶᠢᠯᠢ ᠶᠢᠨ ᠳᠠᠷᠤᠭᠠᠰᠤ᠂ ᠡᠨᠧᠷᠭᠢ ᠬᠡᠷᠡᠭᠯᠡᠬᠦ ᠥᠪᠡᠷ ᠤᠨ ᠦᠷᠳᠡᠭ᠂ ᠭᠠᠵᠠᠷ ᠬᠡᠷᠡᠭᠯᠡᠬᠦ ᠥᠪᠡᠷ ᠤᠨ ᠦᠷᠳᠡᠭ᠂ ᠪᠡᠯᠡ ᠲᠣᠬᠢᠷᠠᠭᠤᠯᠬᠤ ᠥᠪᠡᠷ ᠤᠨ ᠥᠷᠲᠡᠭ᠂ ᠳᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠦᠷᠳᠡᠭ᠂ ᠬᠥᠮᠦᠨ ᠤ ᠬᠦᠴᠦᠨ ᠤ ᠥᠪᠡᠷ ᠤᠨ ᠥᠷᠳᠡᠭ᠂ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠵᠡᠷᠭᠡ ᠲᠠᠯ᠎ᠠ ᠪᠠᠷ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠤᠨ ᠠᠮᠵᠢᠯᠲᠠ ᠣᠯᠬᠤ ᠶᠢ ᠦᠨᠡᠨ ᠬᠦ ᠲᠦᠯᠬᠢᠨ ᠠᠬᠢᠭᠤᠯᠤᠨ᠎ᠠ᠃ ᠭᠤᠷᠪᠠ ᠳᠤ ᠬᠦᠰᠢᠬᠦᠷᠭᠡ ᠶᠢ ᠦᠭᠡᠶᠢᠰᠬᠡᠬᠦ ᠪᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠨ᠎ᠠ᠃ 2015 ᠣᠨ ᠰᠡᠭᠦᠯᠴᠢ ᠪᠠᠷ᠂ ᠪᠥᠬᠦ ᠣᠷᠣᠨ ᠤ ᠬᠥᠰᠢᠭᠦᠷᠭᠡ ᠶᠢᠨ ᠨᠣᠷᠮ᠎ᠠ 95% ᠪᠠᠶᠢᠵᠤ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 44 ᠵᠠᠭᠤᠨ ᠤ ᠴᠡᠭ ᠳᠣᠣᠷ᠎ᠠ ᠪᠠᠶᠢᠪᠠ᠃ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠷᠮᠠᠶᠢᠨ ᠰᠡᠷᠭᠡᠶᠢᠯᠡᠨ ᠠᠷᠢᠯᠭᠠᠬᠤ ᠬᠡᠷᠡᠭᠲᠡᠶ᠃ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠶᠢ ᠬᠥᠲᠥᠯᠥᠨ ᠵᠢᠯᠣᠭᠤᠳᠬᠤ ᠶᠢᠨ ᠬᠠᠮᠲᠤ ᠰᠲ᠋ᠣᠺ᠂ ᠵᠢᠭᠡᠯᠡᠯᠭᠡ ᠶᠢᠨ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠤᠯᠠᠨ ᠵᠦᠢᠯ ᠤᠨ ᠪᠠᠭᠠᠵᠢ ᠶᠢ ᠭᠦᠢᠴᠡᠳ ᠠᠰᠢᠭᠯᠠᠨ᠂ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠡᠭᠦᠨ ᠤ ᠬᠠᠮᠲᠤ᠂ ᠡᠷᠡᠭᠦᠯ ᠪᠤᠰᠤ ᠵᠢᠭᠡᠯᠡᠯᠭᠡ ᠶᠢᠨ ᠲᠤᠯᠭᠠᠨ ᠲᠠᠶᠢᠯᠬᠤ ᠪᠠ ᠪᠥᠭᠡᠮ ᠢᠶᠠᠷ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠵᠦ᠂ ᠡᠷᠡᠭᠦᠯ ᠪᠤᠰᠤ ᠵᠢᠭᠡᠯᠡᠯᠭᠡ ᠶᠢ ᠠᠷᠢᠯᠭᠠᠵᠦ᠂ ᠵᠠᠰᠠᠭ ᠤᠨ ᠣᠷᠳᠣᠨ ᠤ ᠦᠯᠡᠳᠡᠵᠦ ᠪᠠᠶᠢᠭ᠎ᠠ ᠥᠭᠴᠡᠭᠡ ᠶᠢ ᠰᠣᠯᠢᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠥᠲᠥᠯᠥᠭᠴᠢ᠄      ᠪᠣᠤ ᠡᠷᠬᠢᠯᠡᠭᠴᠢ᠂ ︽ᠬᠥᠲᠥᠯᠪᠦᠷᠢ︾ ᠳᠤ ︽13· 5︾ ᠶᠢᠨ ᠬᠤᠭᠤᠴᠠᠭᠠᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠪᠦᠷᠢ ᠳᠤᠮᠳᠠᠴᠢ ᠪᠠᠷ 7.5 % ᠪᠠᠷ ᠨᠡᠮᠡᠭᠳᠡᠭᠦᠯᠦᠨ᠎ᠡ ᠭᠡᠵᠦ ᠲᠣᠭᠲᠠᠭᠠᠵᠠᠢ᠂ ᠲᠡᠭᠡᠪᠡᠯ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠬᠡᠬᠦ ᠶᠡᠭᠡ ᠠᠬᠤᠶ ᠪᠠᠶᠢᠳᠠᠯ ᠤᠨ ᠳᠣᠣᠷ᠎ᠠ ᠡᠨᠡ ᠬᠦ ᠲᠣᠭᠲᠠᠭᠤᠨ ᠨᠡᠮᠡᠭᠳᠡᠯ ᠢ ᠬᠡᠷᠬᠢᠨ ᠪᠠᠲᠤᠯᠠᠬᠤ ᠪᠣᠢ︖      ᠪᠤᠥ ᠮᠠᠨᠳᠠ᠄      ᠥᠪᠡᠷᠲᠡᠭᠡᠨ ᠵᠠᠰᠠᠬᠤ ᠣᠷᠣᠨ ᠤ ︽ᠬᠥᠲᠥᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ 5 ᠵᠢᠯ ᠳᠤ ᠮᠠᠨ ᠤ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠪᠦᠷᠢ ᠳᠤᠮᠳᠠᠴᠢ ᠪᠠᠷ 7.5% ᠣᠷᠴᠢᠮ ᠨᠡᠮᠡᠭᠳᠡᠭᠦᠯᠦᠨ᠎ᠡ᠂ 2020 ᠣᠨ ᠪᠣᠯᠬᠤ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠨᠢ 2.6 ᠳ᠋ᠦᠩᠰᠢᠭᠤᠷ ᠲᠥᠭᠦᠷᠢᠭ ᠣᠷᠴᠢᠮ ᠬᠦᠷᠦᠨ᠎ᠡ᠃ ᠶᠠᠭᠤᠨ ᠤ ᠡᠮᠦᠨ᠎ᠡ ᠬᠡᠷᠡᠭᠴᠡᠭᠡ ᠶᠢ ᠪᠣᠳᠣᠯᠬᠢᠯᠠᠬᠤ ᠴᠢᠬᠤᠯᠠᠲᠠᠶ᠃ ᠮᠠᠨ ᠤ ᠣᠷᠣᠨ ᠤ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠵᠡᠷᠭᠡ ᠲᠠᠯ᠎ᠠ ᠪᠠᠷ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠪᠠᠰᠠ ᠨᠡᠯᠢᠶᠡᠳ ᠳᠣᠲᠠᠭᠤ ᠲᠠᠯ᠎ᠠ ᠪᠠᠶᠢᠵᠤ᠂ ᠲᠤᠲᠠᠭᠤ ᠲᠠᠯ᠎ᠠ ᠪᠠᠨ ᠨᠥᠬᠦᠬᠦ ᠶᠢᠨ ᠲᠥᠯᠥᠭᠡ᠂ ᠦᠷᠭᠦᠯᠵᠢᠯᠡᠨ ᠪᠦᠬᠦ ᠤᠯᠤᠰ ᠤᠨ ᠳᠤᠮᠳᠠᠴᠢ ᠬᠤᠷᠳᠤᠴᠠ ᠠᠴᠠ ᠲᠦᠷᠭᠡᠨ ᠨᠡᠮᠡᠭᠳᠡᠯ ᠤᠨ ᠬᠤᠷᠳᠤᠴᠠ ᠲᠠᠢ ᠪᠠᠶᠢᠯᠭᠠᠬᠤ ᠬᠡᠷᠡᠭᠲᠡᠶ︔ ᠲᠠᠷᠠᠭ᠎ᠠ ᠳᠤᠨᠢ ᠪᠣᠯᠤᠯᠴᠠᠭ᠎ᠠ ᠶᠢ ᠪᠣᠳᠣᠯᠬᠢᠯᠠᠬᠤ ᠬᠡᠷᠡᠭᠲᠡᠢ ᠶᠤᠮ᠃ ᠤᠯᠠᠨ ᠵᠢᠯ ᠤᠨ ᠬᠤᠷᠠᠮᠳᠤᠭᠤᠯ ᠢᠶᠠᠷ᠂ ᠮᠠᠨ ᠤ ᠣᠷᠣᠨ ᠬᠥᠭᠵᠢᠯᠲᠡ ᠳᠤ ᠵᠣᠬᠢᠬᠤ ᠰᠠᠭᠤᠷᠢ  ᠲᠠᠯᠪᠢᠵᠤ᠂ ᠢᠯᠠᠩᠭᠤᠶ᠎ᠠ ᠤᠢᠢᠷ᠎ᠠ ᠶᠢᠨ ᠵᠢᠯ ᠤᠳ ᠲᠤ ᠪᠦᠲᠦᠮᠵᠢᠲᠡᠶ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾ ᠠᠩᠬ᠎ᠠ ᠠᠯᠬᠤᠮ ᠲᠥᠯᠥᠪᠰᠢᠷᠡᠵᠦ᠂ ᠨᠢᠭᠡ ᠪᠦᠯᠦᠭ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠪᠣᠯᠤᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠴᠢᠬᠤᠯᠠ ᠶᠡᠭᠡ ᠲᠥᠷᠥᠯ ᠵᠦᠢᠯ ᠤᠳ ᠢ ᠶᠠᠭ ᠪᠠᠶᠢᠭᠤᠯᠵᠤ ᠡᠬᠢᠯᠡᠪᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠬᠦ ᠪᠠ ᠥᠭᠡᠷᠡᠴᠢᠯᠡᠯᠲᠡ ᠨᠠᠭᠡᠭᠡᠯᠲᠠ ᠶᠢ ᠲᠠᠰᠣᠷᠠᠯᠲᠠ ᠣᠢᠭᠡᠢ ᠭᠦᠨᠵᠡᠭᠡᠶᠢᠷᠡᠭᠦᠯᠬᠦ ᠶᠢ ᠳᠠᠭᠠᠯᠳᠤᠨ᠂ ᠰᠢᠨ᠎ᠡ ᠠᠵᠤ ᠦᠢᠯᠡᠰ᠂ ᠰᠢᠨ᠎ᠡ ᠲᠧᠭᠨᠢᠭ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠶᠡᠭᠡ ᠬᠡᠮᠵᠢᠶ᠎ᠡ ᠪᠠᠷ ᠴᠣᠯᠭᠤᠷᠠᠨ ᠭᠠᠷᠬᠤ ᠪᠣᠯᠣᠨ᠎ᠠ᠂ ᠴᠢᠷᠮᠠᠶᠢᠯᠭ᠎ᠠ ᠪᠠᠷ ᠳᠠᠮᠵᠢᠭᠠᠳ᠂ 7.5% ᠣᠷᠴᠢᠮ ᠤᠨ ᠨᠡᠮᠡᠭᠳᠡᠯ ᠤᠨ ᠬᠤᠷᠳᠤᠴᠠ ᠶᠢ ᠪᠡᠶᠡᠯᠡᠭᠦᠯᠵᠦ ᠪᠦᠷᠢᠨ ᠪᠣᠯᠬᠤ ᠶᠤᠮ᠃      ᠬᠥᠲᠥᠯᠥᠭᠴᠢ᠄      ᠠᠷᠠᠳ ᠲᠦᠮᠡᠨ ᠳᠤ ᠨᠡᠩ ᠶᠡᠭᠡ ᠬᠦᠷᠲᠡᠭᠡᠯ ᠥᠭᠴᠦ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠣᠯ ᠮᠠᠨ ᠤ ᠣᠷᠣᠨ ᠤ ︽13· 5︾ ᠶᠢᠨ ᠴᠢᠬᠤᠯᠠ ᠡᠭᠦᠷᠭᠡ ᠮᠥᠨ᠂ ᠡᠶᠢᠮᠦ ᠠᠴᠠ ︽ᠬᠥᠲᠥᠯᠪᠦᠷᠢ︾ ᠳᠤ ᠶᠠᠮᠠᠷ ᠶᠠᠮᠠᠷ ᠭᠤᠣᠯ ᠭᠤᠣᠯ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠲᠣᠭᠲᠠᠭᠠᠭᠰᠠᠨ ᠪᠤᠢ︖      ᠪᠤᠥ ᠮᠠᠨᠳᠠ᠄      ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠠᠵᠤ ᠠᠬᠤᠶ ᠨᠡᠶᠢᠭᠡᠮ ᠤᠨ ᠬᠥᠭᠵᠢᠯ ᠤᠨ ᠡᠭᠦᠰᠭᠡᠯ ᠪᠣᠯᠤᠨ ᠲᠡᠭᠦᠰᠬᠡᠯ ᠮᠥᠨ᠃ ︽ᠬᠥᠲᠥᠯᠪᠦᠷᠢ︾ ᠨᠢ ᠬᠠᠮᠲᠤᠪᠠᠷ ᠡᠳ᠋ᠯᠡᠬᠦ ᠬᠥᠭᠵᠢᠯᠲᠡ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠬᠤ ᠰᠢᠪᠲᠤᠯᠤᠯᠲᠠ ᠶᠢᠨ ᠢᠨᠵᠧᠨᠧᠷᠢᠩ ᠢ  ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ᠂ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠥᠪᠥᠷ ᠮᠣᠩᠭᠤᠯ ᠤᠨ ᠡᠷᠡᠭᠦᠯ ᠮᠡᠨᠳᠦ ᠶᠢᠨ ᠪᠦᠲᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠬᠤ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ 7 ᠲᠠᠯ᠎ᠠ ᠪᠠᠷ ᠲᠣᠳᠣᠷᠬᠠᠶᠢᠯᠠᠨ ᠥᠭᠦᠯᠡᠵᠤ᠂ 17 ᠵᠦᠢᠯ ᠤᠨ ᠭᠤᠣᠯ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠵᠤ᠂ ᠲᠦᠢᠯ ᠤᠨ ᠶᠠᠳᠠᠭᠤ ᠬᠦᠴᠢᠷᠳᠡᠯᠲᠡᠶ ᠶᠢ ᠬᠦᠴᠦ ᠲᠠᠯᠪᠢᠨ ᠠᠷᠢᠯᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤᠪᠠᠷ ᠡᠳ᠋ᠯᠡᠬᠦ ᠶᠢ ᠦᠨᠡᠨ ᠬᠦ ᠪᠠᠲᠤᠯᠠᠬᠤ ᠪᠣᠯᠣᠨ᠎ᠠ᠃      ᠨᠢᠭᠡ ᠳᠤ ᠤᠯᠤᠰ ᠤᠨ ᠤᠳᠤ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠭᠤᠷ ᠪᠠᠶᠢᠭ᠎ᠠ ᠲᠠᠷᠢᠶᠠᠯᠠᠬᠤ ᠮᠠᠯᠵᠢᠬᠤ ᠣᠷᠣᠨ ᠤ ᠶᠠᠳᠠᠭᠤ ᠬᠦᠴᠢᠷᠳᠡᠯᠲᠡᠶ 80.3ᠲᠦᠮᠡᠨ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠥᠬᠦᠡ ᠤ ᠶᠠᠳᠠᠭᠤ ᠬᠦᠴᠢᠷᠳᠡᠯᠲᠡᠢ ᠭᠡᠰᠡᠨ ᠮᠠᠯᠠᠭᠠᠢ ᠶᠢ ᠨᠢ ᠠᠪᠴᠤ ᠬᠠᠶᠠᠵᠤ᠂ ᠣᠷᠣᠨ ᠪᠦᠰᠡ ᠶᠢᠨ ᠴᠢᠨᠠᠷᠲᠠᠶ ᠶᠠᠳᠠᠭᠤ ᠬᠦᠴᠢᠷᠳᠡᠯᠲᠡᠶ ᠶᠢ ᠪᠦᠬᠦᠯᠢ ᠴᠣᠭᠴᠠ ᠪᠠᠷ ᠰᠢᠢᠳᠪᠦᠷᠢᠯᠡᠨ᠎ᠡ︔ ᠬᠤᠶᠠᠷ ᠲᠤ᠂ ᠪᠥᠬᠦ ᠣᠷᠣᠨ ᠤ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠭᠤᠯᠢ ᠳᠤ ᠣᠷᠣᠬᠤ ᠪᠦᠬᠦ ᠨᠤᠷᠮ᠎ᠠ ᠶᠢ 90% ᠣᠷᠴᠢᠮ ᠳᠤ ᠬᠦᠷᠦᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠢᠶᠠᠨ ᠤ ᠬᠡᠪᠴᠢᠶᠡᠨ ᠳᠤ ᠲᠡᠩᠴᠡᠭᠦᠷᠢᠲᠡᠶ ᠬᠥᠭᠵᠢᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠪᠦᠬᠦ ᠨᠤᠷᠮ᠎ᠠ ᠶᠢ 95% ᠠᠴᠠ ᠳᠡᠭᠡᠭᠰᠢ ᠲᠣᠭᠲᠠᠪᠤᠷᠢᠵᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠪᠦᠬᠦ ᠨᠤᠷᠮ᠎ᠠ ᠶᠢ 40% ᠳᠤ ᠬᠦᠷᠦᠭᠦᠯᠵᠦ᠂ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠰᠤᠷᠭᠠᠨ ᠬᠥᠮᠦᠵᠢᠯ ᠬᠦᠷᠲᠡᠬᠦ ᠴᠠᠭ ᠬᠤᠭᠤᠴᠠᠭ᠎ᠠ ᠶᠢ 10.8 ᠵᠢᠯ ᠬᠦᠷᠦᠭᠦᠯᠦᠨ᠎ᠡ︔ ᠭᠤᠷᠪᠠ ᠳᠤ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ ᠶᠢ ᠵᠢᠯ ᠪᠦᠷᠢ ᠳᠤᠮᠳᠠᠴᠢ ᠪᠠᠷ 25 ᠲᠦᠮᠡᠨ ᠬᠥᠮᠦᠨ ᠳᠤ ᠬᠦᠷᠦᠭᠦᠯᠦᠨ᠎ᠡ︔ ᠲᠥᠷᠪᠡ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠳᠤᠰ 8% ᠣᠷᠴᠢᠮ ᠪᠠ 9 % ᠣᠷᠴᠢᠮ ᠨᠡᠮᠡᠭᠳᠡᠭᠦᠯᠦᠨ᠎ᠡ︔ ᠲᠠᠪᠤ ᠳᠤ ᠡᠯ᠎ᠡ ᠲᠦᠷᠦᠯ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ︵ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠪᠠ ᠬᠤᠳᠠ ᠶᠢᠨ ᠳᠣᠲᠣᠷᠠᠬᠢ ᠲᠣᠰᠬᠤᠨ︶ ᠤᠨ 100 ᠲᠦᠮᠡᠨ ᠢᠵᠢ ᠶᠢ ᠥᠭᠡᠷᠡᠴᠢᠯᠡᠵᠦ᠂ 280 ᠭᠠᠷᠤᠶ ᠬᠥᠮᠦᠨ ᠠᠮᠠ ᠶᠢᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 1350 ᠲᠥᠮᠡᠨ ᠬᠥᠮᠦᠨ ᠳᠤ ᠬᠦᠷᠦᠭᠦᠯᠦᠨ᠎ᠡ︔ ᠵᠢᠷᠭᠤᠭ᠎ᠠ ᠳᠤ ᠬᠥᠮᠦᠨ ᠤ ᠳᠤᠮᠳᠠᠴᠢ ᠵᠢᠱᠢᠭᠰᠡᠨ ᠨᠠᠰᠤᠨ ᠬᠤᠲᠤᠭ ᠢ 76 ᠨᠠᠰᠤ ᠣᠷᠴᠢᠮ ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ ᠨᠣᠭᠳᠠᠬᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ ᠶᠢ 6 ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ ᠨᠣᠭᠳᠠᠬᠤ ᠠᠵᠢᠯ ᠡᠷᠬᠢᠯᠡᠬᠦ ᠡᠮᠴᠢ ᠶᠢᠨ ᠲᠤᠭ᠎ᠠ ᠶᠢ 2.5 ᠬᠥᠮᠦᠨ ᠳᠤ ᠬᠦᠷᠦᠭᠦᠯᠵᠦ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠠᠢ ᠶᠢ 2.5 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ ᠶᠢᠨ ᠬᠢᠷᠢ ᠲᠡᠩᠴᠡᠬᠦ ᠠᠴᠠ ᠳᠡᠭᠡᠭᠰᠢ ᠬᠡᠮᠵᠢᠶ᠎ᠡ ᠳᠤ ᠬᠦᠷᠦᠭᠰᠡᠨ ᠬᠥᠮᠦᠨ ᠤ ᠲᠤᠭ᠎ᠠ ᠶᠢ 90% ᠳᠤ ᠬᠦᠷᠦᠭᠦᠯᠦᠨ᠎ᠡ︔ ᠲᠤᠯᠤᠭ᠎ᠠ ᠳᠤ ᠬᠥᠮᠦᠨ ᠠᠮᠠ ᠶᠢᠨ ᠮᠡᠨᠳᠦᠯᠡᠬᠦ ᠴᠢᠨᠠᠷ ᠤᠨ ᠢᠯᠭᠠᠯ ᠤᠨ ᠬᠠᠷᠢᠴᠠᠯ ᠢ 107:100 ᠳᠤ ᠬᠢᠵᠠᠭᠠᠷᠯᠠᠨ᠎ᠠ᠃      ᠬᠥᠲᠥᠯᠥᠭᠴᠢ᠄      ︽ᠬᠥᠲᠥᠯᠪᠦᠷᠢ︾ ᠳᠤ ︽ᠡᠶ᠎ᠡ ᠵᠣᠬᠢᠴᠠᠯ ᠲᠠᠢ ᠥᠪᠥᠷ ᠮᠣᠩᠭᠤᠯ ᠢ ᠪᠥᠳᠥᠭᠡᠨ ᠪᠠᠶᠢᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠠᠲᠤ ᠪᠠᠬᠢ ᠪᠠᠶᠢᠭᠤᠯᠬᠤ︾ ᠠᠭᠤᠯᠭ᠎ᠠ ᠶᠢ ᠬᠤᠶᠠᠷ ᠪᠦᠯᠦᠭ ᠬᠡᠰᠡᠭ ᠠᠩᠭᠢᠯᠠᠨ‌‍ᠷ ᠲᠥᠯᠥᠪᠵᠢᠭᠦᠯᠭᠡi ᠬᠢᠭᠰᠡᠨ ᠪᠠᠶᠢᠭ᠎ᠠ᠂ ᠪᠣᠣ ᠡᠷᠬᠢᠯᠡᠭᠴᠢ᠂ ᠲᠠ ᠡᠨᠡ ᠲᠤᠬᠠᠢ ᠴᠢᠬᠤᠯᠠ ᠠᠴᠢ ᠬᠤᠯᠪᠣᠭᠳᠠᠯ ᠢ ᠮᠠᠨ ᠳᠤ ᠳᠥᠭᠦᠮᠬᠡᠨ ᠲᠠᠨᠢᠯᠴᠠᠭᠤᠯᠵᠤ ᠥᠭᠭᠦᠨ᠎ᠡ ᠦᠦ︖      ᠪᠣᠣ ᠮᠠᠨᠳᠠ᠄      ᠡᠨᠡ ᠬᠤᠶᠠᠷ ᠬᠡᠰᠡᠭ ᠢ ᠨᠡᠮᠡᠭᠰᠡᠨ ᠨᠢ᠂ ᠭᠤᠣᠯᠳᠠᠭᠤ ᠮᠠᠨ ᠤ ᠣᠷᠣᠨ ᠤ ᠣᠨᠴᠠᠯᠢᠭ ᠪᠠ ᠪᠦᠬᠦ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠣᠳᠣᠯᠬᠢᠯᠠᠭᠰᠠᠨ ᠶᠤᠮ᠃ ᠮᠠᠨ ᠤ ᠣᠷᠣᠨ ᠪᠣᠯ ᠬᠥᠭᠵᠢᠭᠡᠳᠦᠶ ᠭᠠᠵᠠᠷ ᠣᠷᠣᠨ ᠪᠣᠯᠣᠨ᠎ᠠ᠂ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠨᠢ ᠪᠠᠰᠠ ᠲᠡᠶᠢᠮᠦ ᠴᠢᠩᠭ᠎ᠠ ᠪᠢᠰᠢ᠂ ᠬᠤᠳᠠ ᠬᠥᠳᠡᠭᠡ᠂ ᠣᠷᠣᠨ ᠪᠦᠰᠡ᠂ ᠠᠵᠤ ᠠᠬᠤᠶ ᠨᠡᠶᠢᠭᠡᠮ ᠤᠨ ᠬᠥᠭᠵᠢᠯᠲᠡ ᠵᠣᠬᠢᠴᠠᠩᠭᠤᠶ ᠪᠤᠰᠤ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠠᠯ᠎ᠠ ᠪᠠᠷ ᠨᠡᠯᠢᠶᠡᠳ ᠬᠤᠴᠣᠷᠤᠩᠭᠤᠶ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ᠂ ᠪᠦᠬᠦ ᠤᠯᠤᠰ ᠲᠠᠢ ᠴᠤᠭᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠭᠰᠠᠭᠠᠷ᠂ ᠬᠥᠭᠵᠢᠯᠲᠡ ᠪᠣᠯ ᠮᠥᠨ ᠯᠡ ᠮᠠᠨ ᠤ ᠣᠷᠣᠨ ᠤ ᠲᠡᠷᠢᠭᠦᠨ ᠴᠢᠬᠤᠯᠠ ᠡᠭᠦᠷᠭᠡ ᠮᠥᠨ᠂ ︽ᠬᠥᠲᠥᠯᠪᠦᠷᠢ︾ ᠳᠤ ︽ᠠᠵᠤ ᠠᠬᠤᠶ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠤᠵᠠᠭᠠᠶᠢᠷᠠᠭᠤᠯᠬᠤ︾ ᠨᠢ ᠳᠠᠷᠤᠶ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠳᠤᠮᠳᠠ ᠲᠡᠰ ᠳᠡᠪᠰᠢᠭᠦᠯᠵᠦ᠂ ᠲᠠᠰ ᠳᠡᠪᠰᠢᠭᠦᠯᠬᠦ ᠶᠢᠨ ᠳᠤᠮᠳᠠ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠬᠥᠲᠥᠯᠬᠦ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠬᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠵᠣᠬᠢᠴᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃     ᠡᠭᠦᠨ ᠤ ᠬᠠᠮᠲᠤ᠂ ᠨᠡᠶᠢᠭᠡᠮ ᠤᠨ ᠡᠶ᠎ᠡ ᠵᠣᠬᠢᠴᠠᠯ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠰᠢᠨᠵᠢ ᠮᠥᠨ᠂ ᠮᠠᠨ ᠤ ᠣᠷᠣᠨ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠪᠣᠯ ᠪᠢᠳᠡᠨ ᠤ ᠡᠷᠬᠡᠪᠰᠢ ᠭᠦᠢᠴᠡᠳᠬᠡᠬᠦ ᠬᠡᠷᠡᠭᠲᠡᠶ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠥᠭᠡᠳ ᠪᠠᠰᠠ ᠴᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠮᠥᠨ᠃ ᠶᠡᠷᠦᠩᠬᠡᠶ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠬᠠᠷᠢᠯᠴᠠᠨ ᠬᠠᠷᠠᠭᠠᠯᠵᠠᠨ ᠬᠠᠪᠰᠤᠷᠤᠯᠴᠠᠵᠤ᠂ ᠭᠡᠷ ᠣᠷᠣᠨ ᠢᠶᠠᠨ ᠰᠠᠶᠢᠳᠤᠷ ᠰᠠᠬᠢᠵᠤ᠂ ᠬᠢᠯᠢ ᠬᠢᠵᠠᠭᠠᠷ ᠢᠶᠠᠨ ᠰᠠᠶᠢᠳᠤᠷ ᠰᠠᠬᠢᠵᠤ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠭᠡᠷ ᠣᠷᠣᠨ ᠢᠶᠠᠨ ᠰᠠᠶᠢᠳᠤᠷ ᠰᠠᠬᠢᠵᠤ᠂ ᠥᠪᠥᠷ ᠮᠣᠩᠭᠤᠯ ᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠶᠢ ᠬᠦᠰᠡᠪᠡ᠃ ︽ᠬᠥᠲᠥᠯᠪᠦᠷᠢ︾ ᠳᠤ ᠲᠤᠰᠬᠠᠶᠢᠯᠠᠨ ︽ᠡᠶ᠎ᠡ ᠵᠣᠬᠢᠴᠠᠯ ᠲᠠᠢ ᠥᠪᠥᠷ ᠮᠣᠩᠭᠤᠯ ᠢ ᠪᠥᠳᠥᠭᠡᠨ ᠪᠠᠶᠢᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠠᠲᠤ ᠪᠠᠬᠢ ᠪᠠᠶᠢᠭᠤᠯᠬᠤ︾ ᠲᠥᠯᠥᠪᠵᠢᠭᠦᠯᠭᠡ ᠬᠢᠵᠦ᠂ ᠵᠣᠷᠢᠯᠭ᠎ᠠ ᠨᠢ ︽ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ︾ ᠢ ᠪᠠᠷᠢᠮᠲᠠᠯᠠᠨ ᠲᠤᠤᠱᠯᠠᠭᠤᠯᠬᠤ ᠶᠢᠨ ᠬᠠᠮᠲᠤ᠂ ᠬᠠᠷᠢᠯᠴᠠᠨ ᠬᠠᠷᠠᠭᠠᠯᠵᠠᠨ ᠬᠠᠪᠰᠤᠷᠤᠯᠴᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠨᠢᠭᠲᠠᠷᠠᠨ ᠪᠦᠯᠬᠦᠮᠳᠡᠬᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠬᠦ ᠪᠤᠯᠣᠨ᠎ᠠ᠃      ᠬᠥᠲᠥᠯᠥᠭᠴᠢ᠄      ᠵᠠ᠂ ᠪᠣᠣ ᠡᠷᠬᠢᠯᠡᠭᠴᠢ ᠶᠢᠨ ᠲᠠᠶᠢᠯᠪᠤᠷᠢᠯᠠᠭᠰᠠᠨ ᠳᠤ ᠲᠠᠯᠠᠷᠬᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠂ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠣᠯᠭᠠᠶ᠎ᠠ︕
     ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠯᠧᠺᠲᠷᠤᠨ ᠵᠠᠰᠠᠭ ᠤᠨ ᠶᠠᠪᠤᠳᠠᠯ ᠤᠨ  ᠭᠠᠵᠠᠷ ᠤᠨ ᠳᠠᠷᠤᠭ᠎ᠠ ᠡᠾᠧ ᠪᠢᠶᠤᠤ ᠰᠤᠷᠪᠤᠯᠵᠢᠯᠠᠭᠳᠠᠭᠴᠢ ᠳᠤ ᠪᠠᠷ᠎ᠠ ᠪᠤᠯᠵᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠶᠢ ᠲᠤᠭᠤᠷᠢᠨ ᠦᠵᠡᠭᠰᠡᠨ ᠨᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号