ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016/5/19
                    ᠥᠪᠥᠷ ᠵᠠᠰᠠᠭ ᠠᠯᠪᠠᠨ ᠲᠠᠷᠬᠠᠭᠠᠭᠰᠠᠨ ﹇2015﹈ 127 ᠳ᠋ᠤᠭᠠᠷ ᠲᠤᠭᠠᠳᠤ                            2015 ᠣᠨ ᠤ 11 ᠳ᠋ᠤᠭᠡᠷ ᠰᠠᠷ᠎ᠠ ᠶᠢᠨ 17 ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ᠶᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃     ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠯᠪᠠᠨ ᠪᠠᠶᠢᠭᠤᠯᠭ᠎ᠠ     ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ     ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ                        ᠨᠢᠭᠡᠳᠦᠭᠡᠷ ᠪᠦᠯᠦᠭ  ᠶᠡᠷᠦᠩᠬᠡᠢ ᠳᠦᠷᠢᠮ          ᠨᠢᠭᠡᠳᠦᠭᠡᠷ ᠵᠦᠢᠯ   ᠬᠤᠲᠠ ᠬᠦᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠵᠦ᠂ ᠨᠡᠩ ᠭᠤᠣᠯᠴᠢ ᠪᠦᠭᠡᠳ ᠦᠷᠭᠦᠯᠵᠢᠯᠲᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢᠨ ᠲᠤᠰᠠᠳᠠ᠂ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2015﹈ 2 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠨᠡᠶᠢᠳᠡᠮ ᠪᠦᠷᠭᠦᠭᠦᠯᠬᠦ᠂ ᠦᠨᠳᠦᠰᠦ ᠶᠢ ᠪᠠᠲᠤᠯᠠᠬᠤ᠂ ᠣᠯᠠᠨ ᠳᠡᠰ ᠳᠠᠪᠬᠤᠷᠭ᠎ᠠ ᠶᠢᠨ᠂ ᠦᠷᠭᠦᠯᠵᠢᠯᠲᠡ ᠶᠢᠨ ᠴᠢᠭᠯᠡᠯᠲᠡ ᠶᠢ ᠪᠠᠷᠢᠮᠲᠠᠯᠠᠵᠤ᠂ ᠭᠤᠣᠯᠴᠢ ᠴᠢᠨᠠᠷ ᠢ ᠨᠡᠮᠡᠭᠳᠡᠭᠦᠯᠬᠦ᠂ ᠬᠦᠳᠡᠯᠦᠩᠭᠦᠢ ᠴᠢᠨᠠᠷ ᠲᠤ ᠲᠣᠬᠢᠷᠠᠭᠤᠯᠬᠤ᠂ ᠦᠷᠭᠦᠯᠵᠢᠯᠲᠡ ᠶᠢᠨ ᠴᠢᠨᠠᠷ ᠢ ᠪᠠᠲᠤᠯᠠᠬᠤ ᠪᠠᠷ ᠭᠤᠣᠯᠳᠠᠯᠭ᠎ᠠ ᠪᠣᠯᠭᠠᠨ᠂ ᠪᠦᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠠᠴᠠ ᠲᠤᠰᠠᠭᠠᠷᠯᠠᠬᠰᠠᠨ᠂ ᠪᠡᠯᠡ ᠮᠦᠩᠭᠦ ᠶᠢᠨ ᠢᠷᠡᠯᠲᠡ ᠨᠢ ᠣᠯᠠᠨ ᠵᠠᠮ ᠮᠥᠷ ᠲᠠᠢ᠂ ᠪᠠᠲᠤᠯᠠᠬᠤ ᠠᠷᠭ᠎ᠠ ᠮᠠᠶ᠋ᠢᠭ ᠨᠢ ᠣᠯᠠᠨ ᠳᠡᠰ ᠳᠠᠪᠬᠤᠷᠭ᠎ᠠ ᠲᠠᠢ᠂ ᠬᠠᠮᠢᠶᠠᠷᠤᠯᠲᠠ ᠦᠢᠯᠡᠴᠢᠯᠡᠭᠡ ᠶᠢ ᠨᠡᠶᠢᠭᠡᠮᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃      ᠭᠤᠷᠪᠠᠳᠤᠭᠠᠷ ᠵᠦᠢᠯ   ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠨᠢ ᠲᠥᠪ ᠭᠤᠣᠯᠴᠢ ᠬᠢᠭᠡᠳ ᠦᠷ᠎ᠡ ᠪᠦᠲᠦᠮᠵᠢ ᠶᠢ ᠤᠶᠠᠯᠳᠤᠭᠤᠯᠬᠤ᠂ ᠡᠷᠬᠡ ᠠᠰᠢᠭ ᠬᠢᠭᠡᠳ ᠡᠭᠦᠷᠭᠡ ᠶᠢ ᠵᠣᠬᠢᠴᠠᠯᠳᠤᠭᠤᠯᠬᠤ᠂ ᠪᠠᠲᠤᠯᠠᠭ᠎ᠠ ᠶᠢᠨ ᠬᠢᠷᠢ ᠬᠡᠮᠵᠢᠶ᠎ᠡ ᠬᠢᠭᠡᠳ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠠᠷᠢᠯᠴᠠᠨ ᠲᠣᠬᠢᠷᠠᠭᠤᠯᠬᠤ᠂ ᠦᠭᠡᠷᠡᠴᠢᠯᠡᠯᠲᠡ ᠬᠢᠬᠦ ᠠᠴᠠ ᠡᠮᠦᠨᠡᠬᠢ ᠬᠢᠭᠡᠳ ᠦᠭᠡᠷᠡᠴᠢᠯᠡᠯᠲᠡ ᠬᠢᠭᠰᠡᠨ ᠤ ᠳᠠᠷᠠᠭᠠᠬᠢ ᠣᠯᠭᠤᠮᠵᠢ ᠶᠢᠨ ᠬᠢᠷᠢ ᠬᠡᠮᠵᠢᠶ᠎ᠡ ᠶᠢ ᠬᠠᠷᠢᠯᠴᠠᠨ ᠵᠤᠯᠭᠠᠭᠤᠯᠬᠤ᠂ ᠳᠤᠪᠤᠶᠢᠮ᠎ᠠ ᠵᠦᠷᠢᠴᠡᠯ ᠢ ᠰᠢᠢᠳᠪᠦᠷᠢᠯᠡᠬᠦ ᠪᠠ ᠦᠷᠭᠦᠯᠵᠢᠯᠡᠨ ᠬᠥᠭᠵᠢᠭᠦᠯᠬᠦ ᠶᠢ ᠪᠠᠲᠤᠯᠠᠬᠤ ᠶᠢ ᠬᠠᠷᠢᠯᠴᠠᠨ ᠠᠬᠢᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃      ᠳᠥᠷᠪᠡᠳᠦᠭᠡᠷ ᠵᠦᠢᠯ   ᠣᠳᠣ ᠶᠢᠨ ᠬᠡᠷᠡᠭᠵᠢᠭᠦᠯᠵᠦ ᠪᠠᠶᠢᠭ᠎ᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠵᠢᠯ ᠠᠴᠠ ᠪᠠᠨ ᠪᠠᠭᠤᠵᠤ ᠠᠮᠠᠷᠠᠬᠤ ᠪᠠᠲᠤᠯᠠᠭ᠎ᠠ ᠶᠢᠨ ᠳᠦᠷᠢᠮ ᠳᠤ ᠦᠭᠡᠷᠡᠴᠢᠯᠡᠯᠲᠡ ᠬᠢᠬᠦ ᠳᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠳᠤ ᠣᠷᠤᠭᠤᠯᠵᠤ᠂ ᠨᠡᠶᠢᠭᠡᠮ ᠤᠨ ᠨᠢᠭᠡᠲᠦᠯᠲᠡᠢ ᠲᠦᠯᠦᠪᠯᠡᠭᠡ ᠪᠠ ᠬᠤᠪᠢ ᠬᠦᠮᠦᠨ ᠤ ᠳᠠᠩᠰᠠᠨ ᠡᠷᠦᠬᠡ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠪᠡᠯᠡ ᠮᠦᠩᠭᠦ ᠶᠢᠨ ᠢᠷᠡᠯᠲᠡ ᠶᠢᠨ ᠣᠯᠠᠨ ᠵᠠᠮ ᠮᠥᠷ ᠢᠶᠠᠷ ᠪᠡᠯᠡ ᠴᠤᠭᠯᠠᠭᠤᠯᠬᠤ ᠲᠣᠭᠲᠠᠴᠠ᠂ ᠵᠠᠷᠤᠳᠠᠯ ᠲᠤᠰᠢᠶᠠᠬᠤ ᠯᠤᠭ᠎ᠠ ᠬᠤᠯᠪᠣᠭᠳᠠᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠣᠯᠭᠤᠮᠵᠢ ᠶᠢ ᠲᠣᠭᠲᠠᠭᠠᠬᠤ ᠲᠣᠭᠲᠠᠴᠠ᠂ ᠡᠯ᠎ᠡ ᠲᠦᠷᠦᠯ ᠤᠨ ᠠᠵᠢᠯᠲᠠᠨ ᠢ ᠬᠠᠮᠲᠤ ᠳᠤᠨᠢ ᠬᠠᠷᠠᠭᠠᠯᠵᠠᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠣᠯᠭᠤᠮᠵᠢ ᠶᠢ ᠲᠣᠬᠢᠷᠠᠭᠤᠯᠬᠤ ᠲᠣᠭᠲᠠᠴᠠ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠶᠢ ᠬᠠᠮᠢᠶᠠᠷᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠠᠵᠢᠯ ᠮᠡᠷᠭᠡᠵᠢᠯ ᠤᠨ ᠵᠢᠯ ᠤᠨ ᠲᠤᠯᠤᠭᠰᠠᠨ ᠵᠤᠭᠤᠰ ᠤᠨ ᠳᠦᠷᠢᠮ ᠢ ᠪᠠᠶᠢᠭᠤᠯᠤᠨ᠂ ᠣᠯᠠᠨ ᠳᠡᠰ ᠳᠠᠪᠬᠤᠷᠭ᠎ᠠ ᠲᠠᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠶᠢ ᠬᠥᠭᠵᠢᠭᠦᠯᠬᠦ ᠬᠡᠷᠡᠭᠲᠡᠢ︔ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠪᠣᠯᠣᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠲᠠᠪᠤᠳᠤᠭᠠᠷ ᠵᠦᠢᠯ  ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠪᠡᠷᠲᠡᠭᠡᠨ ᠵᠠᠰᠠᠬᠤ ᠣᠷᠣᠨ ᠠᠴᠠ ᠨᠢᠭᠡᠲᠦᠯᠲᠡᠢ ᠲᠣᠭᠲᠠᠭᠠᠵᠤ᠂ ᠪᠦᠬᠦ ᠣᠷᠣᠨ ᠳᠤ ᠨᠢᠭᠡᠲᠦᠯᠲᠡᠢ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠪᠤᠳᠤᠬᠤ ᠠᠷᠭ᠎ᠠ᠂ ᠵᠠᠷᠤᠳᠠᠯ ᠲᠤᠰᠢᠶᠠᠬᠤ ᠬᠠᠷᠢᠴᠠᠯ᠂ ᠪᠤᠳᠤᠵᠤ ᠲᠠᠷᠬᠠᠭᠠᠬᠤ ᠠᠷᠭ᠎ᠠ᠂ ᠨᠢᠭᠡᠲᠦᠯᠲᠡᠢ ᠲᠦᠯᠦᠪᠯᠡᠬᠦ ᠲᠦᠷᠦᠯ ᠵᠦᠢᠯ ᠪᠣᠯᠣᠨ ᠲᠣᠬᠢᠷᠠᠭᠤᠯᠬᠤ ᠠᠷᠭ᠎ᠠ ᠶᠢ ᠬᠡᠷᠡᠭᠵᠢᠭᠦᠯᠬᠦ ᠬᠡᠷᠡᠭᠲᠡᠢ︔ ᠨᠢᠭᠡᠲᠦᠯᠲᠡᠢ ᠭᠠᠷᠳᠠᠨ ᠭᠦᠢᠴᠡᠳᠭᠡᠬᠦ ᠳᠦᠷᠢᠮ ᠵᠢᠷᠤᠮ ᠪᠣᠯᠣᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠬᠠᠶᠢᠯᠠᠭᠰᠠᠨ ᠠᠵᠢᠯ ᠢ ᠭᠦᠢᠴᠡᠳᠭᠡᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠦᠪᠡᠷᠲᠡᠭᠡᠨ ᠵᠠᠰᠠᠬᠤ ᠣᠷᠣᠨ ᠤ ᠱᠠᠳᠤᠨ ᠳᠤ ᠲᠦᠪᠯᠡᠷᠡᠭᠦᠯᠦᠨ ᠬᠠᠮᠢᠶᠠᠷᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠤ ᠲᠠᠲᠠᠪᠤᠷᠢᠯᠠᠬᠤ᠂ ᠬᠠᠮᠢᠶᠠᠷᠬᠤ ᠪᠠ ᠮᠦᠩᠭᠦ ᠥᠭᠬᠦ ᠬᠠᠷᠢᠭᠤᠴᠠᠯᠭ᠎ᠠ ᠶᠢ ᠲᠤᠳᠤᠷᠬᠠᠶᠢᠯᠠᠭᠰᠠᠨ ᠰᠠᠭᠤᠷᠢᠨ ᠳᠡᠭᠡᠷ᠎ᠡ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠶᠢ ᠦᠪᠡᠷᠲᠡᠭᠡᠨ ᠵᠠᠰᠠᠬᠤ ᠣᠷᠣᠨ ᠤ ᠱᠠᠳᠤᠨ ᠳᠤ ᠨᠢᠭᠡᠲᠦᠯᠲᠡᠢ ᠲᠦᠯᠦᠪᠯᠡᠬᠦ ᠶᠢ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠢ᠃      ᠵᠢᠷᠭᠤᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠪᠦᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ︔ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠨᠢ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠭᠡᠵᠦ ᠬᠠᠮᠢᠶᠠᠷᠬᠤ ᠠᠵᠢᠯ ᠢ ᠬᠠᠷᠢᠭᠤᠴᠠᠬᠤ ᠶᠢᠨ ᠬᠠᠮᠲᠤ᠂ ᠪᠦᠬᠦ ᠣᠷᠣᠨ ᠤ ᠭᠠᠷᠳᠠᠨ ᠭᠦᠢᠴᠡᠳᠭᠡᠬᠦ ᠪᠠᠶᠢᠭᠤᠯᠤᠮᠵᠢ ᠶᠢᠨ ᠲᠣᠬᠠᠶᠢᠯᠠᠭᠰᠠᠨ ᠠᠵᠢᠯ ᠢ ᠵᠢᠯᠣᠭᠤᠳᠬᠤ ᠬᠡᠷᠡᠭᠲᠡᠢ᠃      ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠨᠢ ᠲᠤᠰ ᠣᠷᠣᠨ ᠪᠦᠰᠡ ᠶᠢᠨ ᠳᠤᠲᠤᠷᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠨᠤᠭᠤᠳ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠶᠤᠰᠤᠭᠠᠷ᠂ ᠲᠤᠰ ᠣᠷᠣᠨ ᠪᠦᠰᠡ ᠶᠢᠨ ᠳᠤᠲᠤᠷᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠬᠠᠶᠢᠯᠠᠭᠰᠠᠨ ᠠᠵᠢᠯ ᠢ ᠭᠠᠷᠳᠠᠨ ᠭᠦᠢᠴᠡᠳᠭᠡᠬᠦ ᠠᠵᠢᠯ ᠢ ᠪᠤᠲᠠᠲᠠᠢ ᠳᠠᠭᠠᠭᠠᠨ ᠠᠪᠴᠤ ᠭᠦᠢᠴᠡᠳᠭᠡᠬᠦ ᠬᠡᠷᠡᠭᠲᠡᠢ᠃      ᠳᠤᠯᠤᠳᠤᠭᠠᠷ ᠵᠦᠢᠯ   ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠢ ᠲᠣᠬᠢᠷᠠᠭᠤᠯᠬᠤ᠂ ᠰᠠᠭᠤᠷᠢ ᠮᠦᠩᠭᠦ ᠶᠢ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠨᠠᠢᠮᠠᠳᠤᠭᠠᠷ ᠵᠦᠢᠯ   ᠪᠠᠶᠢᠭᠤᠯᠤᠮᠵᠢ ᠣᠷᠣᠨ ᠲᠤᠭ᠎ᠠ᠂ ᠬᠢᠨᠠᠨ ᠪᠤᠳᠤᠯᠲᠠ᠂ ᠳᠣᠲᠤᠭᠠᠲᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠵᠢᠴᠢ ᠠᠵᠢᠯ ᠦᠢᠯᠡᠰ ᠤᠨ ᠨᠢᠭᠡᠴᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ ᠪᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠲᠤᠰᠢᠶᠠᠬᠤ ᠪᠠᠶᠢᠭᠤᠯᠤᠮᠵᠢ ᠨᠢ ᠰᠠᠭᠤᠷᠢ ᠮᠦᠩᠭᠦ ᠶᠢ ᠲᠠᠲᠠᠪᠤᠷᠢᠯᠠᠨ ᠲᠤᠰᠢᠶᠠᠬᠤ ᠶᠢ ᠦᠨᠡᠨᠬᠦ ᠴᠢᠩᠭᠠᠳᠬᠠᠵᠤ᠂ ᠬᠡᠳᠦᠢ ᠬᠤᠷᠢᠶᠠᠪᠠᠰᠤ ᠵᠣᠬᠢᠪᠠᠯ ᠲᠡᠳᠦᠢ ᠶᠢ ᠨᠢ ᠬᠤᠷᠢᠶᠠᠬᠤ ᠬᠡᠷᠡᠭᠲᠡᠢ᠃                  ᠬᠤᠶᠠᠳᠤᠭᠠᠷ ᠪᠦᠯᠦᠭ   ᠬᠡᠷᠡᠭᠵᠢᠭᠦᠯᠬᠦ ᠬᠡᠪᠴᠢᠶ᠎ᠡ ᠪᠠ ᠡᠲᠡᠭᠡᠳ            ᠶᠢᠰᠦᠳᠦᠭᠡᠷ ᠵᠦᠢᠯ   ᠪᠠᠶᠢᠭᠤᠯᠤᠮᠵᠢ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠪᠠᠶᠢᠭᠤᠯᠬᠤ ᠪᠠᠷ ᠵᠥᠪᠰᠢᠶᠡᠷᠡᠭᠰᠡᠨ ᠳᠣᠣᠷ᠎ᠠ ᠵᠢᠭᠰᠠᠭᠠᠭᠰᠠᠨ ᠨᠢᠭᠡᠴᠡ ᠶᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠡᠪᠴᠢᠶ᠎ᠡ ᠳᠤ ᠵᠢᠭᠰᠠᠭᠠᠨ ᠣᠷᠣᠭᠤᠯᠤᠨ᠎ᠠ᠃      ︵ᠨᠢᠭᠡ︶ ᠠᠯᠪᠠᠲᠠᠨ ᠤ ᠬᠠᠤᠯᠢ ᠶᠤᠰᠤᠭᠠᠷ ᠬᠠᠮᠢᠶᠠᠷᠬᠤ ᠨᠢᠭᠡᠴᠡ᠃      ︵ᠬᠤᠶᠠᠷ︶ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠵᠤ ᠬᠠᠮᠢᠶᠠᠷᠬᠤ ᠪᠠᠶᠢᠭᠤᠯᠭ᠎ᠠ ︵ᠨᠢᠭᠡᠴᠡ︶᠃      ︵ᠭᠤᠷᠪᠠ︶ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢ ᠲᠦᠷᠦᠯ ᠬᠤᠪᠢᠶᠠᠨ ᠠᠬᠢᠭᠤᠯᠬᠤ ᠲᠣᠬᠠᠢ ᠵᠢᠯᠤᠭᠤᠳᠬᠤ ᠰᠠᠨᠠᠯ︾ ︵ᠲᠥᠪ ᠲᠠᠷᠬᠠᠭᠠᠭᠰᠠᠨ ﹇2011﹈ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠲᠦᠷᠦᠯ ᠬᠤᠪᠢᠶᠠᠨ ᠦᠭᠡᠷᠡᠴᠢᠯᠡᠯᠲᠡ ᠬᠢᠭᠰᠡᠨ ᠤ ᠳᠠᠷᠠᠭ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ᠂ ᠬᠤᠶᠠᠳᠤᠭᠠᠷ ᠲᠦᠷᠦᠯ ᠬᠡᠮᠡᠨ ᠲᠣᠭᠲᠠᠭᠠᠭᠳᠠᠭᠰᠠᠨ ᠠᠵᠢᠯ ᠦᠢᠯᠡᠰ ᠤᠨ ᠨᠢᠭᠡᠴᠡ᠃      ᠤᠳᠤᠬᠠᠨ ᠳᠤ ᠦᠢᠯᠡᠳᠪᠦᠷᠢᠯᠡᠯ ᠡᠵᠡᠩᠨᠡᠯᠲᠡ ᠶᠢᠨ ᠲᠦᠷᠦᠯ ᠬᠡᠮᠡᠨ ᠬᠤᠪᠢᠶᠠᠷᠢᠯᠠᠭᠳᠠᠭᠰᠠᠨ ᠪᠣᠯᠪᠠᠴᠤ ᠠᠵᠤ ᠠᠬᠤᠶᠢᠯᠠᠯ ᠪᠣᠯᠭᠠᠨ ᠬᠤᠪᠢᠷᠠᠭᠤᠯᠵᠤ ᠪᠠᠶᠢᠭᠤᠯᠤᠯ ᠢᠶᠠᠨ ᠦᠭᠡᠷᠡᠴᠢᠯᠡᠬᠦ ᠶᠢ ᠬᠠᠷᠠᠬᠠᠨ ᠪᠣᠲᠠᠲᠠᠶᠢᠵᠢᠭᠤᠯᠤᠭᠠᠳᠤᠢ ᠠᠵᠢᠯ ᠦᠢᠯᠡᠰ ᠤᠨ ᠨᠢᠭᠡᠴᠡ ᠨᠢ ᠨᠢᠭᠡᠨᠲᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠭᠰᠠᠨ ᠪᠠᠶᠢᠪᠠᠯ ᠪᠠᠰᠠ ᠦᠷᠭᠦᠯᠵᠢᠯᠡᠨ ᠣᠷᠤᠯᠴᠠᠨ᠎ᠠ︔ ᠬᠠᠷᠠᠬᠠᠨ ᠣᠷᠤᠯᠴᠠᠭᠠᠳᠤᠢ ᠪᠠᠶᠢᠪᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠲᠦᠷ ᠣᠷᠤᠯᠴᠠᠨ᠂ ᠠᠵᠤ ᠠᠬᠤᠶᠢᠯᠠᠯ ᠪᠣᠯᠭᠠᠨ ᠬᠤᠪᠢᠷᠠᠭᠤᠯᠵᠤ ᠪᠠᠶᠢᠭᠤᠯᠤᠯ ᠢᠶᠠᠨ ᠦᠭᠡᠷᠡᠴᠢᠯᠡᠬᠦ ᠶᠢ ᠪᠣᠲᠠᠲᠠᠶᠢᠵᠢᠭᠤᠯᠤᠭᠰᠠᠨ ᠤ ᠳᠠᠷᠠᠭ᠎ᠠ᠂ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠡᠪᠴᠢᠶᠡᠨ ᠳᠤ ᠣᠷᠤᠭᠤᠯᠬᠤ ᠬᠡᠷᠡᠭᠲᠡᠢ᠃      ᠠᠷᠪᠠᠳᠤᠭᠠᠷ ᠵᠦᠢᠯ   ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠦᠭᠰᠡᠨ ᠨᠢᠭᠡᠴᠡ ᠶᠢᠨ ᠣᠷᠣᠨ ᠲᠤᠭ᠎ᠠ ᠳᠤᠲᠤᠷᠠᠬᠢ ᠠᠵᠢᠯᠲᠠᠳ ᠪᠣᠯᠣᠨ ᠲᠣᠭᠲᠠᠭᠠᠯ ᠶᠤᠰᠤᠭᠠᠷ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠢᠶᠠᠨ ᠭᠦᠢᠴᠡᠳᠭᠡᠭᠰᠡᠨ ᠣᠣᠯ ᠤᠨ ᠣᠷᠣᠨ ᠲᠤᠭ᠎ᠠ ᠲᠤᠳᠤᠷᠠᠬᠢ ᠠᠵᠢᠯ ᠠᠴᠠ ᠪᠠᠨ ᠪᠠᠭᠤᠭᠰᠠᠨ ᠬᠦᠮᠦᠰ ︵ᠠᠵᠢᠯ ᠠᠴᠠ ᠰᠠᠯᠤᠬᠰᠠᠨ᠂ ᠲᠤᠷᠤᠬᠰᠢ ᠠᠳᠠᠯᠢ︶ ᠨᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠤᠷᠤᠯᠴᠠᠪᠠᠯ ᠵᠣᠬᠢᠨ᠎ᠠ᠃ ᠣᠷᠣᠨ ᠲᠤᠭ᠎ᠠ ᠠᠴᠠ ᠭᠠᠳᠠᠨᠠᠬᠢ ᠬᠦᠮᠦᠰ ᠨᠢ ᠲᠣᠭᠲᠠᠭᠠᠯ ᠶᠤᠰᠤᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠬᠤ ᠬᠡᠷᠡᠭᠲᠡᠢ᠃ ᠣᠷᠣᠨ ᠲᠤᠭ᠎ᠠ ᠶᠢᠨ ᠬᠠᠮᠢᠶᠠᠷᠤᠯᠲᠠ ᠨᠢ ᠵᠢᠷᠤᠮᠵᠢᠯ ᠦᠭᠡᠢ ᠨᠢᠭᠡᠴᠡ ᠨᠦᠭᠦᠳ ᠨᠢ ᠤᠷᠢᠳᠠᠪᠠᠷ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠢᠯᠭᠠᠷᠠᠭᠤᠯᠤᠨ ᠵᠢᠷᠤᠮᠵᠢᠭᠤᠯᠵᠤ᠂ ᠠᠵᠢᠯᠲᠠᠳ ᠤᠨ ᠢᠶᠠᠨ ᠪᠡᠶ᠎ᠡ ᠶᠢᠨ ᠭᠠᠷᠤᠯ ᠢ ᠲᠤᠳᠤᠷᠬᠠᠶᠢᠯᠠᠭᠰᠠᠨ ᠤ ᠳᠠᠷᠠᠭ᠎ᠠ ᠵᠣᠬᠢᠴᠠᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠳᠤ ᠣᠷᠤᠭᠤᠯᠬᠤ ᠬᠡᠷᠡᠭᠲᠡᠢ᠃      ᠨᠠᠰᠤᠨ ᠤ ᠠᠮᠠᠷᠠᠯᠳᠠ ᠪᠠᠨ ᠠᠪᠤᠬᠰᠠᠨ ᠠᠵᠢᠯᠲᠠᠳ ᠨᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠳᠤ ᠣᠷᠤᠯᠴᠠᠬᠤ ᠦᠭᠡᠢ᠂ ᠮᠦᠨ ᠤᠤᠯ ᠤᠨ ᠨᠢᠭᠡᠴᠡ ᠠᠴᠠ ᠨᠢ ᠨᠠᠰᠤᠨ ᠤ ᠠᠮᠠᠷᠠᠯᠳᠠ ᠪᠠᠨ ᠠᠪᠤᠬᠰᠠᠨ ᠮᠦᠩᠭᠦ ᠶᠢ ᠤᠯᠭᠤᠬᠤ ᠶᠢᠨ ᠬᠠᠮᠲᠤ᠂ ᠲᠣᠭᠲᠠᠭᠠᠯ ᠶᠤᠰᠤᠭᠠᠷ ᠬᠠᠮᠢᠶ᠎ᠠ ᠪᠦᠬᠦᠢ ᠣᠯᠭᠤᠮᠵᠢ ᠶᠢ ᠲᠣᠬᠢᠷᠠᠭᠤᠯᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ   ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠬᠡᠪᠴᠢᠶ᠎ᠡ ᠳᠤ ᠵᠢᠭᠰᠠᠭᠠᠨ ᠣᠷᠤᠭᠤᠯᠤᠭᠰᠠᠨ ᠨᠢᠭᠡᠴᠡ ᠵᠢᠴᠢ ᠲᠡᠳᠡᠨ ᠤ ᠳᠠᠭᠠᠳᠬᠠᠯ ᠳᠤ ᠣᠷᠤᠯᠴᠠᠭᠰᠠᠨ ᠬᠦᠮᠦᠰ ᠨᠢ ᠬᠠᠷᠢᠶᠠᠲᠤ ᠣᠷᠤᠨᠴᠢᠯᠠᠭᠰᠠᠨ ᠬᠠᠮᠢᠶᠠᠷᠤᠯᠲᠠ ᠶᠢᠨ ᠵᠠᠷᠴᠢᠮ ᠪᠣᠯᠣᠨ ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠶᠣᠰᠤᠭᠠᠷ ᠲᠤᠰ ᠲᠤᠰ ᠲᠤᠨᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠬᠡᠷᠡᠭᠲᠡᠢ᠃      ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠤᠯᠤᠰ ᠤᠨ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠲᠡᠳᠡᠨ ᠤ ᠠᠵᠢᠯᠲᠠᠳ ᠪᠣᠯᠣᠨ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠵᠠᠷᠴᠢᠮ ᠳᠡᠭᠡᠷ᠎ᠡ ᠪᠠᠨ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠬᠤ ᠬᠡᠷᠡᠭᠲᠡᠢ᠃                        ᠭᠤᠷᠪᠠᠳᠤᠭᠠᠷ ᠪᠦᠯᠦᠭ   ᠨᠠᠰᠤᠵᠢᠯ ᠤᠨ ᠠᠰᠠᠷᠠᠮᠵᠢ ᠶᠢᠨ ᠦᠨᠳᠦᠰᠦᠨ                                ᠳᠠᠭᠠᠳᠬᠠᠯ ᠤᠨ ᠰᠠᠭᠤᠷᠢ ᠮᠦᠩᠭᠦ ᠴᠤᠭᠯᠠᠭᠤᠯᠬᠤ            ᠠᠷᠪᠠᠨ ᠬᠤᠶᠠᠳᠤᠭᠠᠷ ᠵᠦᠢᠯ   ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢ ᠨᠢᠭᠡᠴᠡ ᠪᠣᠯᠣᠨ ᠬᠤᠪᠢ ᠬᠦᠮᠦᠨ ᠠᠴᠠ ᠬᠠᠮᠲᠣᠪᠠᠷ ᠳᠠᠭᠠᠭᠠᠵᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠂ ᠨᠢᠭᠡᠲᠦᠯᠲᠡᠢ ᠲᠦᠯᠦᠪᠯᠡᠵᠦ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠡᠯᠡ ᠴᠤᠭᠯᠠᠭᠤᠯᠬᠤ ᠲᠣᠭᠲᠠᠴᠠ ᠶᠢ ᠪᠣᠢ ᠪᠣᠯᠭᠠᠬᠤ ᠬᠡᠷᠡᠭᠲᠡᠢ᠃ ᠨᠢᠭᠡᠴᠡ ᠪᠣᠯᠣᠨ ᠠᠵᠢᠯᠲᠠᠳ ᠤᠯᠤᠰ ᠤᠨ ᠲᠣᠭᠲᠠᠭᠠᠯ ᠶᠤᠰᠤᠭᠠᠷ ᠵᠠᠷᠤᠳᠠᠯ ᠲᠤᠰᠢᠶᠠᠬᠤ ᠡᠭᠦᠷᠭᠡ ᠪᠠᠨ ᠭᠦᠢᠴᠡᠳᠭᠡᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠪᠠᠨ ᠢᠳᠡᠪᠬᠢᠲᠡᠢ ᠲᠣᠬᠢᠷᠠᠭᠤᠯᠤᠨ ᠰᠢᠯᠢᠳᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠶᠢᠨ ᠣᠷᠤᠭᠤᠯᠤᠯᠲᠠ ᠶᠢ ᠨᠡᠮᠡᠭᠳᠡᠭᠦᠯᠦᠨ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢ ᠲᠣᠭᠲᠠᠭᠰᠠᠨ ᠴᠠᠭ ᠬᠤᠭᠤᠴᠠᠭ᠎ᠠ ᠶᠣᠰᠤᠭᠠᠷ ᠭᠦᠢᠴᠡᠳ ᠲᠤᠭ᠎ᠠ ᠪᠠᠷ ᠤᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠠᠵᠢᠯᠲᠠᠨ ᠠᠵᠢᠯᠴᠢᠨ ᠨᠢ ᠬᠤᠪᠢ ᠬᠦᠮᠦᠨ ᠤ ᠵᠠᠷᠤᠳᠠᠯ ᠲᠤᠰᠢᠶᠠᠬᠤ ᠴᠠᠯᠢᠩ ᠢᠶᠠᠷ ᠰᠠᠭᠤᠷᠢ ᠲᠤᠭ᠎ᠠ ᠪᠣᠯᠭᠠᠵᠤ᠂ 8% ᠶᠢᠨ ᠬᠠᠷᠢᠴᠠᠯ ᠶᠣᠰᠤᠭᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢᠶᠠᠨ ᠲᠤᠰᠢᠶᠠᠵᠤ᠂ ᠨᠢᠭᠡᠴᠡ ᠨᠢ ᠬᠤᠪᠢ ᠬᠦᠮᠦᠨ ᠤ ᠴᠠᠯᠢᠩ ᠳᠣᠲᠤᠷ᠎ᠠ ᠠᠴᠠ ᠣᠷᠣᠯᠠᠨ ᠬᠠᠰᠤᠵᠤ ᠣᠷᠣᠯᠠᠨ ᠲᠤᠰᠢᠶᠠᠬᠤ ᠬᠡᠷᠡᠭᠲᠡᠢ᠃      ᠠᠯᠪᠠᠨ ᠪᠠᠶᠢᠭᠤᠯᠭ᠎ᠠ ᠶᠢᠨ ᠨᠢᠭᠡᠴᠡ ᠶᠢᠨ ᠠᠵᠢᠯᠲᠠᠳ ᠤᠨ ᠵᠠᠷᠤᠳᠠᠯ ᠲᠤᠰᠢᠶᠠᠬᠤ ᠴᠠᠯᠢᠩ ᠤᠨ ᠲᠦᠷᠦᠯ ᠵᠦᠢᠯ ᠳᠤ᠄ ᠦᠨᠳᠦᠰᠦᠨ ᠴᠠᠯᠢᠩ᠂ ᠤᠯᠤᠰ ᠠᠴᠠ ᠨᠢᠭᠡᠲᠦᠯᠲᠡᠢ ᠲᠣᠭᠲᠠᠭᠠᠭᠰᠠᠨ ᠨᠡᠮᠡᠭᠦᠷᠢ ᠪᠠ ᠨᠦᠬᠦᠪᠦᠷᠢ ︵ᠬᠠᠲᠠᠭᠤ ᠪᠡᠷᠬᠡᠰᠢᠶᠡᠯᠲᠡᠢ ᠪᠤᠶᠢᠲᠠ ᠪᠦᠭᠯᠡᠭᠦᠦ ᠣᠷᠣᠨ ᠤ ᠨᠡᠮᠡᠭᠦᠷᠢ ᠵᠤᠭᠤᠰ ᠵᠢᠴᠢ ᠤᠤᠯ ᠤᠨ ᠠᠵᠢᠯ ᠠᠴᠠ ᠪᠠᠨ ᠪᠠᠭᠤᠵᠦ ᠠᠮᠠᠷᠠᠬᠰᠠᠨ ᠵᠠᠷᠤᠳᠠᠯ ᠢ ᠪᠤᠳᠤᠵᠤ ᠤᠯᠭᠤᠬᠤ ᠰᠠᠭᠤᠷᠢ ᠲᠤᠭ᠎ᠠ ᠳᠤ ᠤᠯᠤᠰ ᠠᠴᠠ ᠨᠢᠭᠡᠲᠦᠯᠲᠡᠢ ᠲᠣᠭᠲᠠᠭᠠᠵᠤ ᠣᠷᠤᠭᠤᠯᠤᠭᠰᠠᠨ ᠲᠦᠷᠦᠯ ᠵᠦᠢᠯ ᠪᠠᠭᠲᠠᠨ᠎ᠠ︶᠂ ᠵᠢᠷᠤᠮᠵᠢᠭᠤᠯᠤᠭᠰᠠᠨ ᠤ ᠳᠠᠷᠠᠭᠠᠬᠢ ᠨᠡᠮᠡᠭᠦᠷᠢ ᠪᠠ ᠨᠦᠬᠦᠪᠦᠷᠢ ︵ᠭᠠᠵᠠᠷ ᠣᠷᠣᠨ ᠤ ᠨᠡᠮᠡᠯᠲᠡ ᠨᠡᠮᠡᠭᠦᠷᠢ ᠵᠤᠭᠤᠰ︶᠂ ᠵᠢᠯ ᠤᠨ ᠡᠴᠦᠰ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠤᠨ ᠮᠦᠩᠭᠦ ᠪᠠᠭᠲᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠵᠠᠷᠤᠳᠠᠯ ᠲᠤᠰᠢᠶᠠᠬᠤ ᠴᠠᠯᠢᠩ ᠤᠨ ᠲᠦᠷᠦᠯ ᠵᠦᠢᠯ ᠳᠤ᠄ ᠦᠨᠳᠦᠰᠦᠨ ᠴᠠᠯᠢᠩ᠂ ᠤᠯᠤᠰ ᠠᠴᠠ ᠨᠢᠭᠡᠲᠦᠯᠲᠡᠢ ᠲᠣᠭᠲᠠᠭᠠᠭᠰᠠᠨ ᠨᠡᠮᠡᠭᠦᠷᠢ ᠪᠠ ᠨᠦᠬᠦᠪᠦᠷᠢ ︵ᠬᠠᠲᠠᠭᠤ ᠪᠡᠷᠬᠡᠰᠢᠶᠡᠯᠲᠡᠢ ᠪᠤᠶᠢᠲᠠ ᠪᠦᠭᠯᠡᠭᠦᠦ ᠭᠠᠵᠠᠷ ᠣᠷᠣᠨ ᠤ ᠨᠡᠮᠡᠭᠦᠷᠢ ᠵᠣᠭᠤᠰ ᠵᠢᠴᠢ ᠤᠤᠯ ᠤᠨ ᠠᠵᠢᠯ ᠠᠴᠠ ᠪᠠᠨ ᠪᠠᠭᠤᠵᠦ ᠠᠮᠠᠷᠠᠬᠰᠠᠨ ᠵᠠᠷᠤᠳᠠᠯ ᠢ ᠪᠤᠳᠤᠵᠤ ᠤᠯᠭᠤᠬᠤ ᠰᠠᠭᠤᠷᠢ ᠲᠤᠭ᠎ᠠ ᠳᠤ ᠤᠯᠤᠰ ᠠᠴᠠ ᠨᠢᠭᠡᠲᠦᠯᠲᠡᠢ ᠲᠣᠭᠲᠠᠭᠠᠵᠤ ᠣᠷᠤᠭᠤᠯᠤᠭᠰᠠᠨ ᠲᠦᠷᠦᠯ ᠵᠦᠢᠯ ᠪᠠᠭᠲᠠᠨ᠎ᠠ︶᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠠᠭᠲᠠᠨ᠎ᠠ᠃ ᠪᠤᠰᠤᠳ ᠲᠦᠷᠦᠯ ᠵᠦᠢᠯ ᠢ ᠬᠤᠪᠢ ᠬᠦᠮᠦᠨ ᠤ ᠵᠠᠷᠤᠳᠠᠯ ᠲᠤᠰᠢᠶᠠᠬᠤ ᠴᠠᠯᠢᠩ ᠳᠤ ᠲᠦᠷ ᠣᠷᠤᠭᠤᠯᠬᠤ ᠦᠭᠡᠢ᠃      ᠠᠵᠢᠯᠲᠠᠨ ᠠᠵᠢᠯᠴᠢᠨ ᠤ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠬᠤᠪᠢ ᠬᠦᠮᠦᠨ ᠤ ᠳᠡᠭᠡᠷ᠎ᠡ ᠵᠢᠯ ᠤᠨ ᠰᠠᠷ᠎ᠠ ᠶᠢᠨ ᠳᠤᠮᠳᠠᠴᠢ ᠴᠠᠯᠢᠩ ᠢᠶᠠᠷ ᠰᠠᠭᠤᠷᠢ ᠪᠣᠯᠭᠠᠨ ᠬᠠᠷᠭᠤᠭᠤᠯᠤᠨ ᠲᠣᠭᠲᠠᠭᠠᠬᠤ ᠬᠡᠷᠡᠭᠲᠡᠢ᠃ ᠬᠤᠪᠢ ᠬᠦᠮᠦᠨ ᠤ ᠳᠡᠭᠡᠷ᠎ᠡ ᠵᠢᠯ ᠤᠨ ᠰᠠᠷ᠎ᠠ ᠶᠢᠨ ᠳᠤᠮᠳᠠᠴᠢ ᠴᠠᠯᠢᠩ ᠨᠢ ᠦᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯᠯᠠᠵᠤ ᠪᠠᠶᠢᠬᠤ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 300% ᠠᠴᠠ ᠳᠡᠭᠡᠭᠰᠢ ᠬᠡᠲᠦᠷᠡᠭᠰᠡᠨ ᠬᠡᠰᠡᠭ ᠢ ᠬᠤᠪᠢ ᠬᠦᠮᠦᠨ ᠤ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠳᠤ ᠪᠣᠳᠤᠵᠤ ᠣᠷᠤᠭᠤᠯᠬᠤ ᠦᠭᠡᠢ︔ ᠦᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯᠯᠠᠵᠤ ᠪᠠᠶᠢᠬᠤ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 60% ᠠᠴᠠ ᠳᠣᠣᠷ᠎ᠠ ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯᠯᠠᠵᠤ ᠪᠠᠶᠢᠬᠤ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 60% ᠶᠣᠰᠤᠭᠠᠷ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠬᠠᠷᠭᠤᠭᠤᠯᠤᠨ ᠲᠣᠭᠲᠠᠭᠠᠬᠤ ᠬᠡᠷᠡᠭᠲᠡᠢ᠃      ᠠᠷᠪᠠᠨ ᠳᠦᠷᠪᠡᠳᠦᠭᠡᠷ ᠵᠦᠢᠯ   ᠨᠢᠭᠡᠴᠡ ᠨᠢ ᠠᠵᠢᠯᠲᠠᠨ ᠠᠵᠢᠯᠴᠢᠨ ᠤ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠣᠭᠠᠨ ᠤ ᠨᠡᠶᠢᠯᠡᠪᠦᠷᠢ ᠶᠢᠨ 20% ᠪᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢ ᠲᠤᠰᠢᠶᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠨᠢᠭᠡᠲᠦᠯᠲᠡᠢ ᠲᠦᠯᠦᠪᠯᠡᠬᠦ ᠰᠠᠭᠤᠷᠢ ᠮᠦᠩᠭᠦ ᠳᠤ ᠲᠡᠮᠲᠡᠭᠯᠡᠨ ᠣᠷᠤᠭᠤᠯᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ   ᠨᠢᠭᠡᠴᠡ ᠪᠣᠯᠣᠨ ᠠᠵᠢᠯᠲᠠᠨ ᠠᠵᠢᠯᠴᠢᠨ ᠨᠢ ᠰᠠᠷ᠎ᠠ ᠰᠠᠷ᠎ᠠ ᠪᠠᠷ ᠭᠦᠢᠴᠡᠳ ᠲᠤᠭ᠎ᠠ ᠶᠣᠰᠤᠭᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢ ᠲᠤᠰᠢᠶᠠᠬᠤ ᠬᠡᠷᠡᠭᠲᠡᠢ᠃ ᠳᠠᠭᠠᠭᠠᠵᠤ ᠦᠯᠦ ᠳᠡᠶᠢᠯᠬᠦ ᠬᠦᠴᠦᠨ ᠵᠡᠷᠭᠡ ᠬᠠᠤᠯᠢ ᠳᠤ ᠲᠣᠭᠲᠠᠭᠠᠭᠰᠠᠨ ᠤᠴᠢᠷ ᠰᠢᠯᠲᠠᠭᠠᠨ ᠪᠢᠰᠢ ᠪᠣᠯ ᠬᠤᠶᠢᠰᠢᠯᠠᠭᠤᠯᠤᠨ ᠲᠤᠰᠢᠶᠠᠬᠤ ᠪᠠ ᠬᠠᠰᠤᠵᠤ ᠬᠡᠯᠲᠦᠷᠢᠭᠦᠯᠵᠦ ᠪᠣᠯᠬᠤ ᠦᠭᠡᠢ᠃      ᠠᠷᠪᠠᠨ ᠵᠢᠷᠭᠤᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠳᠡᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠡᠭᠬᠦ ᠶᠢᠨ ᠲᠣᠬᠢᠷᠠᠭᠤᠯᠤᠯᠲᠠ ᠶᠢᠨ ᠳᠦᠷᠢᠮ ᠢ ᠪᠠᠶᠢᠭᠤᠯᠵᠤ᠂ ᠬᠡᠷᠡᠭᠰᠡᠬᠦ ᠪᠡᠯᠡ ᠮᠦᠩᠭᠦ ᠶᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠦᠰᠦᠪ ᠠᠴᠠ ᠲᠣᠬᠢᠷᠠᠭᠤᠯᠬᠤ ᠬᠡᠷᠡᠭᠲᠡᠢ᠃      ᠠᠷᠪᠠᠨ ᠳᠤᠯᠤᠳᠤᠭᠠᠷ ᠵᠦᠢᠯ   ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠨᠢ ᠵᠤᠭᠤᠰ ᠥᠭᠬᠦ ᠳᠤ ᠬᠦᠷᠦᠯᠴᠡᠬᠦ ᠦᠭᠡᠢ ᠪᠠᠶᠢᠳᠠᠯ ᠢᠯᠡᠷᠡᠬᠦ ᠦᠶᠡᠰ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠨᠦᠬᠦᠪᠦᠷᠢ ᠥᠭᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ   ᠡᠯ᠎ᠡ ᠭᠠᠵᠠᠷ ᠣᠷᠣᠨ ᠨᠤᠭᠤᠳ ᠪᠤᠳᠠᠳᠤ ᠪᠠᠶᠢᠳᠠᠯ ᠢᠶᠠᠨ ᠦᠨᠳᠦᠰᠦᠯᠡᠨ ᠵᠣᠬᠢᠬᠤ ᠲᠤᠭ᠎ᠠ ᠬᠡᠮᠵᠢᠶᠡᠨ ᠤ ᠡᠷᠬᠢᠯᠲᠡ ᠶᠢᠨ ᠮᠦᠩᠭᠦ ᠲᠣᠬᠢᠷᠠᠭᠤᠯᠵᠤ᠂ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠮᠦᠩᠭᠦ ᠶᠢ ᠲᠣᠭᠲᠠᠭᠰᠠᠨ ᠴᠠᠭ ᠬᠤᠭᠤᠴᠠᠭ᠎ᠠ ᠶᠣᠰᠤᠭᠠᠷ ᠭᠦᠢᠴᠡᠳ ᠲᠤᠭ᠎ᠠ ᠪᠠᠷ ᠤᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ᠃                      ᠳᠥᠷᠪᠡᠳᠦᠭᠡᠷ ᠪᠦᠯᠦᠭ   ᠨᠠᠰᠤᠵᠢᠯ ᠤᠨ ᠠᠰᠠᠷᠠᠮᠵᠢ ᠶᠢᠨ ᠦᠨᠳᠦᠰᠦᠨ                                ᠳᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠬᠡ          ᠠᠷᠪᠠ ᠶᠢᠰᠦᠳᠦᠭᠡᠷ ᠵᠦᠢᠯ   ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠨᠢ ᠲᠣᠭᠲᠠᠭᠠᠯ ᠶᠤᠰᠤᠭᠠᠷ ᠳᠠᠭᠠᠳᠬᠠᠯ ᠳᠤ ᠣᠷᠤᠯᠴᠠᠭᠰᠠᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠬᠡ ᠶᠢ ᠪᠠᠶᠢᠭᠤᠯᠵᠤ᠂ ᠬᠤᠪᠢ ᠬᠦᠮᠦᠨ ᠤ ᠲᠤᠰᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢ ᠪᠦᠷ ᠬᠤᠪᠢ ᠬᠦᠮᠦᠨ ᠤ ᠳᠠᠩᠰᠠᠨ ᠡᠷᠦᠬᠡ ᠳᠤᠨᠢ ᠲᠡᠮᠲᠡᠭᠯᠡᠨ ᠣᠷᠤᠭᠤᠯᠬᠤ ᠬᠡᠷᠡᠭᠲᠡᠢ᠃      ᠬᠤᠷᠢᠳᠤᠭᠠᠷ ᠵᠦᠢᠯ   ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠬᠡ ᠶᠢ ᠵᠢᠯ ᠪᠦᠷᠢ ᠤᠯᠤᠰ ᠤᠨ ᠨᠢᠭᠡᠲᠦᠯᠲᠡᠢ ᠨᠡᠶᠢᠲᠡᠯᠡᠭᠰᠡᠨ ᠳᠠᠩᠰᠠᠯᠠᠨ ᠲᠡᠮᠲᠡᠭᠯᠡᠬᠦ ᠬᠦᠦ ᠶᠢᠨ ᠨᠤᠷᠮ᠎ᠠ ᠶᠣᠰᠤᠭᠠᠷ ᠬᠦᠦ ᠮᠦᠩᠭᠦ ᠶᠢ ᠨᠢ ᠪᠤᠳᠤᠵᠤ᠂ ᠬᠦᠦ ᠮᠦᠩᠭᠦ ᠶᠢᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ   ᠬᠤᠪᠢ ᠬᠦᠮᠦᠨ ᠤ ᠳᠠᠩᠰᠠᠨ ᠡᠷᠦᠬᠡ ᠶᠢ ᠬᠤᠪᠢ ᠬᠦᠮᠦᠨ ᠤ ᠡᠷᠬᠡ ᠠᠰᠢᠭ ᠢ ᠲᠡᠮᠲᠡᠭᠯᠡᠬᠦ᠂ ᠬᠤᠪᠢ ᠬᠦᠮᠦᠨ ᠤ ᠠᠵᠢᠯ ᠠᠴᠠ ᠪᠠᠨ ᠪᠠᠭᠤᠵᠦ ᠠᠮᠠᠷᠠᠬᠰᠠᠨ ᠤ ᠳᠠᠷᠠᠭᠠᠬᠢ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ ᠣᠯᠭᠤᠬᠤ ᠳᠤ ᠬᠡᠷᠡᠭᠯᠡᠬᠦ ᠬᠡᠷᠡᠭᠲᠡᠢ᠃ ᠬᠠᠤᠯᠢ ᠳᠤ ᠲᠣᠭᠲᠠᠭᠠᠭᠰᠠᠨ ᠪᠠᠶᠢᠳᠠᠯ ᠠᠴᠠ ᠪᠤᠰᠤᠳ᠂ ᠬᠤᠪᠢ ᠬᠦᠮᠦᠨ ᠤ ᠳᠠᠩᠰᠠᠨ ᠡᠷᠦᠬᠡ ᠠᠴᠠ ᠤᠷᠢᠳᠴᠢᠯᠡᠨ ᠭᠠᠷᠭᠠᠵᠤ ᠠᠪᠴᠤ ᠪᠣᠯᠬᠤ ᠦᠭᠡᠢ᠃      ᠬᠤᠷᠢᠨ ᠬᠤᠶᠠᠳᠤᠭᠠᠷ ᠵᠦᠢᠯ  ᠳᠠᠭᠠᠳᠬᠠᠯ ᠳᠤ ᠣᠷᠤᠯᠴᠠᠭᠰᠠᠨ ᠬᠦᠮᠦᠨ ᠨᠠᠰᠤ ᠪᠠᠷᠠᠭᠰᠠᠨ ᠤ ᠳᠠᠷᠠᠭ᠎ᠠ᠂ ᠲᠡᠭᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠬᠡ ᠶᠢᠨ ᠦᠯᠡᠳᠡᠪᠦᠷᠢ ᠲᠤᠭ᠎ᠠ ᠶᠢ ᠬᠠᠤᠯᠢ ᠶᠤᠰᠤᠭᠠᠷ ᠵᠠᠯᠭᠠᠮᠵᠢᠯᠠᠬᠤ ᠬᠡᠷᠡᠭᠲᠡᠢ᠃                    ᠲᠠᠪᠤᠳᠤᠭᠠᠷ ᠪᠦᠯᠦᠭ   ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ          ᠬᠤᠷᠢᠨ ᠭᠤᠷᠪᠠᠳᠤᠭᠠᠷ ᠵᠦᠢᠯ   ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠤᠤᠯ ᠤᠨ ᠣᠯᠭᠤᠮᠵᠢ ᠶᠢᠨ ᠪᠠᠷᠢᠮᠵᠢᠶ᠎ᠠ ᠶᠣᠰᠤᠭᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠤᠯᠭᠤᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ︵ᠵᠠᠷᠤᠳᠠᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ ᠪᠠᠭᠲᠠᠨ᠎ᠠ︶ ᠨᠢ ᠨᠡᠶᠢᠲᠡ ᠪᠦᠬᠦᠯᠢ 15 ᠵᠢᠯ ᠪᠣᠯᠣᠭᠰᠠᠨ ᠪᠠᠶᠢᠪᠠᠯ᠂ ᠳᠣᠣᠷᠠᠬᠢ ᠪᠠᠷᠢᠮᠵᠢᠶ᠎ᠠ ᠶᠣᠰᠤᠭᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠤᠯᠭᠤᠬᠤ ᠬᠡᠷᠡᠭᠲᠡᠢ᠄      ︵ᠨᠢᠭᠡ︶ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠠᠵᠢᠯ ᠳᠤ ᠣᠷᠤᠭᠰᠠᠨ ᠬᠦᠮᠦᠰ᠂ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠰᠠᠷ᠎ᠠ ᠰᠠᠷ᠎ᠠ ᠪᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠤᠯᠭᠤᠬᠤ ᠶᠢᠨ ᠬᠠᠮᠲᠤ᠂ ᠲᠣᠭᠲᠠᠭᠠᠯ ᠶᠤᠰᠤᠭᠠᠷ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠣᠯᠭᠤᠮᠵᠢ ᠶᠢ ᠬᠦᠷᠲᠡᠭᠡᠬᠦ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠪᠤᠳᠤᠵᠤ ᠤᠯᠭᠤᠬᠤ ᠠᠷᠭ᠎ᠠ ᠨᠢ᠄      ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ = ᠨᠠᠰᠤᠵᠢᠯ ᠤᠨ ᠠᠰᠠᠷᠠᠮᠵᠢ ᠶᠢᠨ ᠰᠠᠭᠤᠷᠢ ᠮᠦᠩᠭᠦ + ᠬᠤᠪᠢ ᠬᠦᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ      ᠨᠠᠰᠤᠵᠢᠯ ᠤᠨ ᠠᠰᠠᠷᠠᠮᠵᠢ ᠶᠢᠨ ᠰᠠᠭᠤᠷᠢ ᠮᠦᠩᠭᠦ = ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠶᠢᠨ ᠳᠡᠭᠡᠷ᠎ᠡ ᠵᠢᠯ ᠤᠨ ᠦᠪᠡᠷᠲᠡᠭᠡᠨ ᠵᠠᠰᠠᠬᠤ ᠣᠷᠣᠨ ᠤ ᠠᠵᠢᠯᠯᠠᠵᠤ ᠪᠠᠶᠢᠬᠤ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ × ︵1+ ᠲᠤᠰ ᠬᠦᠮᠦᠨ ᠤ ᠪᠣᠲᠠᠲᠠᠢ ᠳᠤᠮᠳᠠᠴᠢ ᠵᠠᠷᠤᠳᠠᠯ ᠲᠤᠰᠢᠶᠠᠬᠤ ᠴᠠᠯᠢᠩ ᠤᠨ ᠢᠯᠡᠳᠬᠡᠭᠴᠢ︶ ÷2 × ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ × 1%      ᠬᠤᠪᠢ ᠬᠦᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ = ᠠᠵᠢᠯ ᠠᠴᠠ ᠪᠠᠨ ᠪᠠᠭᠤᠵᠤ ᠠᠮᠠᠷᠠᠬᠤ ᠦᠶ᠎ᠡ ᠶᠢᠨ ᠬᠤᠪᠢ ᠬᠦᠮᠦᠨ ᠤ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠲᠤᠭ᠎ᠠ ÷ ᠪᠤᠳᠤᠵᠤ ᠤᠯᠭᠤᠬᠰᠠᠨ ᠰᠠᠷ᠎ᠠ ᠶᠢᠨ ᠲᠤᠭ᠎ᠠ ︵ᠪᠤᠳᠤᠵᠤ ᠤᠯᠭᠤᠭᠰᠠᠨ ᠰᠠᠷ᠎ᠠ ᠶᠢᠨ ᠲᠤᠭ᠎ᠠ ᠶᠢ ᠳᠠᠭᠠᠯᠳᠤᠭᠤᠯᠤᠯ 1 ᠳᠤ ᠦᠵᠡ︶       ᠪᠤᠲᠠᠲᠠᠢ ᠳᠤᠮᠳᠠᠴᠢ ᠵᠠᠷᠤᠳᠠᠯ ᠲᠤᠰᠢᠶᠠᠬᠤ ᠴᠠᠯᠢᠩ ᠤᠨ ᠢᠯᠡᠳᠬᠡᠭᠴᠢ =      XnCn-1+Xn-1Cn-2+Xn-2Cn-3 ᠁ ᠁ + X2015C2014+X2014C2013÷N      xn᠂ xn-1᠂ xn-2 ᠁ ᠁ x2014 ᠨᠢ ᠳᠠᠭᠠᠳᠬᠠᠯ ᠳᠤ ᠣᠷᠤᠯᠴᠠᠭᠰᠠᠨ ᠬᠦᠮᠦᠨ ᠤ ᠠᠵᠢᠯ ᠠᠴᠠ ᠪᠠᠨ ᠪᠠᠭᠤᠵᠦ ᠠᠮᠠᠷᠠᠬᠰᠠᠨ ᠲᠣᠬᠠᠢ ᠶᠢᠨ ᠵᠢᠯ ᠠᠴᠠ 2014 ᠣᠨ ᠪᠣᠯᠲᠠᠯ᠎ᠠ ᠵᠣᠬᠢᠬᠤ ᠣᠨ ᠵᠢᠯ ᠤᠨ ᠲᠤᠰ ᠬᠦᠮᠦᠨ ᠤ ᠡᠯ᠎ᠡ ᠰᠠᠷ᠎ᠠ ᠶᠢᠨ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢᠨ ᠨᠡᠶᠢᠯᠡᠪᠦᠷᠢ᠂ cn-1᠂ cn-2᠂ cn-3 ᠁ ᠁ c2013 ᠨᠢ ᠳᠠᠭᠠᠳᠬᠠᠯ ᠳᠤ ᠣᠷᠤᠯᠴᠠᠭᠰᠠᠨ ᠬᠦᠮᠦᠨ ᠤ ᠠᠵᠢᠯ ᠠᠴᠠ ᠪᠠᠨ ᠪᠠᠭᠤᠵᠦ ᠠᠮᠠᠷᠠᠬᠰᠠᠨ ᠤ ᠳᠡᠭᠡᠷ᠎ᠡ ᠨᠢᠭᠡ ᠵᠢᠯ ᠠᠴᠠ 2013 ᠣᠨ ᠪᠣᠯᠲᠠᠯ᠎ᠠ ᠵᠣᠬᠢᠬᠤ ᠣᠨ ᠵᠢᠯ ᠤᠨ ᠦᠪᠡᠷᠲᠡᠭᠡᠨ ᠵᠠᠰᠠᠬᠤ ᠣᠷᠣᠨ ᠤ ᠠᠵᠢᠯᠯᠠᠵᠤ ᠪᠠᠶᠢᠬᠤ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠪᠣᠯᠣᠨ᠎ᠠ᠃      N ᠪᠣᠯ ᠳᠠᠭᠠᠳᠬᠠᠯ ᠳᠤ ᠣᠷᠤᠯᠴᠠᠭᠰᠠᠨ ᠬᠦᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢᠶᠠᠨ ᠪᠣᠲᠠᠲᠠᠢ ᠲᠤᠰᠢᠶᠠᠭᠰᠠᠨ ᠣᠨ ᠵᠢᠯ ᠪᠣᠯᠣᠨ᠎ᠠ᠂ ᠪᠦᠲᠦᠨ ᠵᠢᠯ ᠪᠣᠯᠣᠭᠠᠳᠤᠢ ᠪᠣᠯ ᠵᠠᠷᠤᠳᠠᠯ ᠲᠤᠰᠢᠶᠠᠭᠰᠠᠨ ᠰᠠᠷ᠎ᠠ ᠶᠢᠨ ᠲᠤᠭ᠎ᠠ ᠶᠢ 12 ᠪᠠᠷ ᠬᠤᠪᠢᠶᠠᠨ ᠰᠤᠯᠢᠵᠤ ᠪᠤᠳᠤᠬᠤ ᠬᠡᠷᠡᠭᠲᠡᠢ᠃      ︵ᠬᠤᠶᠠᠷ︶ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠠᠵᠢᠯ ᠳᠤ ᠣᠷᠤᠭᠰᠠᠨ ᠬᠦᠮᠦᠰ ᠲᠤ᠂ ᠦᠭᠡᠷᠡᠴᠢᠯᠡᠯᠲᠡ ᠬᠢᠭᠰᠡᠨ ᠤ ᠡᠮᠦᠨ᠎ᠡ ᠬᠤᠶᠢᠨᠠᠬᠢ ᠣᠯᠭᠤᠮᠵᠢ ᠶᠢᠨ ᠬᠢᠷᠢ ᠬᠡᠮᠵᠢᠶ᠎ᠡ ᠶᠢ ᠬᠠᠷᠢᠯᠴᠠᠨ ᠵᠤᠯᠭᠠᠭᠤᠯᠬᠤ ᠵᠠᠷᠴᠢᠮ ᠶᠤᠰᠤᠭᠠᠷ᠂ 10 ᠵᠢᠯ ᠤᠨ ᠰᠢᠯᠵᠢᠯᠲᠡ ᠶᠢᠨ ᠴᠠᠭ ᠬᠤᠭᠤᠴᠠᠭ᠎ᠠ ᠶᠢ ᠬᠡᠷᠡᠭᠵᠢᠭᠦᠯᠬᠦ ᠬᠡᠷᠡᠭᠲᠡᠢ᠃      1. ᠰᠢᠯᠵᠢᠯᠲᠡ ᠶᠢᠨ ᠴᠠᠭ ᠬᠤᠭᠤᠴᠠᠭ᠎ᠠ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ᠂ ᠣᠯᠭᠤᠮᠵᠢ ᠶᠢ ᠪᠤᠳᠤᠵᠤ ᠤᠯᠭᠤᠬᠤ ᠰᠢᠨ᠎ᠡ ᠬᠠᠭᠤᠴᠢᠨ ᠠᠷᠭ᠎ᠠ ᠶᠢᠨ ᠠᠳᠠᠯᠢᠳᠬᠠᠯ ᠢ ᠬᠡᠷᠡᠭᠵᠢᠭᠦᠯᠵᠦ᠂ ᠰᠠᠭᠤᠷᠢ ᠶᠢ ᠪᠠᠲᠤᠯᠠᠨ ᠦᠨᠳᠦᠷ ᠢ ᠬᠢᠵᠠᠭᠠᠷᠯᠠᠨ᠎ᠠ᠄ ᠰᠢᠨ᠎ᠡ ᠠᠷᠭ᠎ᠠ ︵ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠣᠯᠭᠤᠮᠵᠢ ᠪᠠᠭᠲᠠᠨ᠎ᠠ︶ ᠳᠠᠬᠢ ᠣᠯᠭᠤᠮᠵᠢ ᠪᠤᠳᠤᠵᠤ ᠤᠯᠭᠤᠬᠤ ᠪᠠᠷᠢᠮᠵᠢᠶ᠎ᠠ ᠨᠢ ᠬᠠᠭᠤᠴᠢᠨ ᠠᠷᠭ᠎ᠠ ᠳᠠᠬᠢ ᠣᠯᠭᠤᠮᠵᠢ ᠶᠢᠨ ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠬᠠᠭᠤᠴᠢᠨ ᠠᠷᠭ᠎ᠠ ᠶᠢᠨ ᠪᠠᠷᠢᠮᠵᠢᠶ᠎ᠠ ᠶᠣᠰᠤᠭᠠᠷ ᠪᠤᠳᠤᠵᠤ ᠤᠯᠭᠤᠨ᠎ᠠ︔ ᠰᠢᠨ᠎ᠡ ᠠᠷᠭ᠎ᠠ ᠳᠠᠬᠢ ᠣᠯᠭᠤᠮᠵᠢ ᠪᠤᠳᠤᠵᠤ ᠤᠯᠭᠤᠬᠤ ᠪᠠᠷᠢᠮᠵᠢᠶ᠎ᠠ ᠨᠢ ᠬᠠᠭᠤᠴᠢᠨ ᠠᠷᠭ᠎ᠠ ᠳᠠᠬᠢ ᠣᠯᠭᠤᠮᠵᠢ ᠶᠢᠨ ᠪᠠᠷᠢᠮᠵᠢᠶ᠎ᠠ ᠠᠴᠠ ᠦᠨᠳᠦᠷ ᠪᠠᠶᠢᠪᠠᠯ᠂ ᠬᠡᠲᠦᠷᠡᠭᠰᠡᠨ ᠬᠡᠰᠡᠭ ᠢ ᠨᠢ᠂ ᠨᠢᠭᠡᠳᠦᠭᠡᠷ ᠵᠢᠯ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ ︵2014 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶ ᠬᠡᠲᠦᠷᠡᠭᠰᠡᠨ ᠬᠡᠰᠡᠭ ᠤᠨ 10% ᠶᠢ ᠤᠯᠭᠤᠵᠦ᠂ ᠬᠤᠶᠠᠳᠤᠭᠠᠷ ᠵᠢᠯ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ ︵2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2016 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶ 20% ᠶᠢ ᠤᠯᠭᠤᠨ᠂ ᠢᠩᠬᠢᠵᠦ ᠳᠡᠰ ᠳᠠᠷᠠᠭᠠᠯᠠᠯ ᠢᠶᠠᠷ ᠦᠯᠢᠭᠡᠷᠯᠡᠨ ᠪᠤᠳᠤᠵᠤ᠂ ᠰᠢᠯᠵᠢᠯᠲᠡ ᠶᠢᠨ ᠴᠠᠭ ᠬᠤᠭᠤᠴᠠᠭ᠎ᠠ ᠡᠴᠦᠰ ᠤᠨ ᠵᠢᠯ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ ︵2024 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2024 ᠣᠨ ᠤ 9 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ︶ ᠬᠡᠲᠦᠷᠡᠭᠰᠡᠨ ᠬᠡᠰᠡᠭ ᠤᠨ 100% ᠪᠠᠷ ᠤᠯᠭᠤᠨ᠎ᠠ᠃      ᠣᠯᠭᠤᠮᠵᠢ ᠶᠢ ᠪᠤᠳᠤᠵᠤ ᠤᠯᠭᠤᠬᠤ ᠰᠢᠨ᠎ᠡ ᠬᠠᠭᠤᠴᠢᠨ ᠪᠠᠷᠢᠮᠵᠢᠶ᠎ᠠ ᠶᠢ ᠳᠣᠣᠷᠠᠬᠢ ᠲᠣᠮᠢᠶ᠎ᠠ ᠶᠣᠰᠤᠭᠠᠷ ᠪᠤᠳᠤᠨ᠎ᠠ᠄      ︵1︶ ᠬᠠᠭᠤᠴᠢᠨ ᠠᠷᠭ᠎ᠠ ᠳᠠᠬᠢ ᠣᠯᠭᠤᠮᠵᠢ ᠪᠤᠳᠤᠵᠤ ᠤᠯᠭᠤᠬᠤ ᠪᠠᠷᠢᠮᠵᠢᠶ᠎ᠠ =      ︵A × M+B+C+D︶ × ∏n=2015N ︵1+Gn-1︶      A᠄ 2014 ᠣᠨ ᠤ 9 ᠳ᠋ᠤᠭᠡᠷ ᠰᠠᠷ᠎ᠠ ᠶᠢᠨ ᠬᠤᠪᠢ ᠬᠦᠮᠦᠨ ᠤ ᠦᠨᠳᠦᠰᠦᠨ ᠴᠠᠯᠢᠩ︔      B᠄ 2014 ᠣᠨ ᠤ 9 ᠳ᠋ᠤᠭᠡᠷ ᠰᠠᠷ᠎ᠠ ᠶᠢᠨ ᠬᠤᠪᠢ ᠬᠦᠮᠦᠨ ᠤ ᠲᠤᠰᠢᠶᠠᠯ ᠪᠠ ᠲᠤᠰᠢᠶᠠᠯ ᠤᠨ ᠳᠡᠰ ︵ᠠᠵᠢᠯ ᠤᠨ ᠪᠠᠶᠢᠷᠢ᠂ ᠠᠵᠢᠯᠴᠢᠨ ᠤ ᠮᠡᠷᠭᠡᠵᠢᠯ ᠤᠨ ᠵᠡᠷᠭᠡ ᠳᠡᠰ︶ ᠵᠡᠷᠭᠡ ᠲᠠᠢ ᠵᠣᠬᠢᠴᠠᠭᠰᠠᠨ ᠠᠵᠢᠯ ᠠᠴᠠ ᠪᠠᠨ ᠪᠠᠭᠤᠵᠦ ᠠᠮᠠᠷᠠᠬᠰᠠᠨ ᠨᠦᠬᠦᠪᠦᠷᠢ ᠶᠢᠨ ᠪᠠᠷᠢᠮᠵᠢᠶ᠎ᠠ︔      C᠄ ᠲᠥᠷᠦ ᠠᠯᠪᠠᠨ ᠲᠠᠷᠬᠠᠭᠠᠭᠰᠠᠨ ﹇2015﹈ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠤᠭᠠᠷ ᠵᠣᠬᠢᠬᠤ ᠬᠡᠮᠵᠢᠶ᠎ᠡ ᠪᠠᠷ ᠨᠡᠮᠡᠭᠰᠡᠨ ᠠᠵᠢᠯ ᠠᠴᠠ ᠪᠠᠨ ᠪᠠᠭᠤᠵᠦ ᠠᠮᠠᠷᠠᠬᠰᠠᠨ ᠵᠠᠷᠤᠳᠠᠯ ᠤᠨ ᠪᠠᠷᠢᠮᠵᠢᠶ᠎ᠠ︔      D᠄ 2014 ᠣᠨ ᠤ 9 ᠳ᠋ᠤᠭᠡᠷ ᠰᠠᠷ᠎ᠠ ᠶᠢᠨ ᠬᠤᠪᠢ ᠬᠦᠮᠦᠨ ᠤ ᠲᠤᠰᠢᠶᠠᠯ ᠪᠠ ᠲᠤᠰᠢᠶᠠᠯ ᠤᠨ ᠳᠡᠰ ︵ᠠᠵᠢᠯ ᠤᠨ ᠪᠠᠶᠢᠷᠢ᠂ ᠠᠵᠢᠯᠴᠢᠨ ᠤ ᠮᠡᠷᠭᠡᠵᠢᠯ ᠤᠨ ᠵᠡᠷᠭᠡ ᠳᠡᠰ︶ ᠵᠡᠷᠭᠡ ᠲᠠᠢ ᠵᠣᠬᠢᠴᠠᠭᠰᠠᠨ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠬᠠᠲᠠᠭᠤ ᠪᠡᠷᠬᠡᠰᠢᠶᠡᠯᠲᠡᠢ ᠪᠤᠶᠢᠲᠠ ᠪᠦᠭᠯᠡᠭᠦᠦ ᠭᠠᠵᠠᠷ ᠣᠷᠣᠨ ᠤ ᠨᠡᠮᠡᠭᠦᠷᠢ ᠵᠤᠭᠤᠰ᠄      M᠄ ᠬᠤᠪᠢ ᠬᠦᠮᠦᠨ ᠤ ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠶᠢᠨ ᠠᠵᠢᠯ ᠤᠨ ᠵᠢᠯ ᠬᠤᠭᠤᠴᠠᠭ᠎ᠠ ᠲᠠᠢ ᠵᠣᠬᠢᠴᠠᠭᠰᠠᠨ ᠬᠠᠭᠤᠴᠢᠨ ᠠᠷᠭ᠎ᠠ ᠶᠢᠨ ᠪᠤᠳᠤᠵᠤ ᠤᠯᠭᠤᠬᠤ ᠬᠠᠷᠢᠴᠠᠯ ︵ᠬᠦᠳᠡᠯᠮᠦᠷᠢ ᠶᠢᠨ ᠵᠢᠱᠢᠶᠡᠴᠢ ᠵᠡᠷᠭᠡ ᠬᠦᠮᠦᠰ ᠤᠨ ᠨᠡᠮᠡᠨ ᠤᠯᠭᠤᠬᠰᠠᠨ ᠠᠵᠢᠯ ᠠᠴᠠ ᠪᠠᠨ ᠪᠠᠭᠤᠵᠦ ᠠᠮᠠᠷᠠᠬᠰᠠᠨ ᠵᠠᠷᠤᠳᠠᠯ ᠤᠨ ᠬᠠᠷᠢᠴᠠᠯ ᠪᠠᠭᠲᠠᠬᠤ ᠦᠭᠡᠢ︶᠄      Gn-1: n-1 ᠵᠢᠯ ᠳᠤ ᠨᠢᠭᠡᠲᠦᠯᠲᠡᠢ ᠲᠣᠭᠲᠠᠭᠠᠭᠰᠠᠨ ᠴᠠᠯᠢᠩ ᠤᠨ ᠦᠰᠦᠮᠵᠢ᠂ n∈      ﹇2015᠂ N﹈᠂ ᠭᠡᠬᠦ ᠳᠡᠭᠡᠨ G2014 =0︔      N᠄ ᠰᠢᠯᠵᠢᠯᠲᠠ ᠶᠢᠨ ᠴᠠᠭ ᠬᠤᠭᠤᠴᠠᠭ᠎ᠠ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠠᠵᠢᠯ ᠠᠴᠠ ᠪᠠᠨ ᠪᠠᠭᠤᠵᠦ ᠠᠮᠠᠷᠠᠬᠰᠠᠨ ᠣᠨ ᠵᠢᠯ᠂ n∈ ﹇2015᠂ 2024﹈᠃ 2014 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠪᠣᠯ ᠠᠵᠢᠯ ᠠᠴᠠ ᠪᠠᠨ ᠪᠠᠭᠤᠵᠦ ᠠᠮᠠᠷᠠᠬᠰᠠᠨ ᠣᠨ ᠵᠢᠯ ᠢ 2015 ᠣᠨ ᠢᠶᠠᠷ ᠦᠵᠡᠨ᠎ᠡ᠃      ︵2︶ ᠰᠢᠨ᠎ᠡ ᠠᠷᠭ᠎ᠠ ᠳᠠᠬᠢ ᠣᠯᠭᠤᠮᠵᠢ ᠪᠣᠳᠣᠵᠤ ᠤᠯᠭᠤᠬᠤ ᠪᠠᠷᠢᠮᠵᠢᠶ᠎ᠠ = ᠨᠠᠰᠤᠵᠢᠯ ᠤᠨ ᠠᠰᠠᠷᠠᠮᠵᠢ ᠶᠢᠨ ᠰᠠᠭᠤᠷᠢ ᠮᠦᠩᠭᠦ + ᠬᠤᠪᠢ ᠬᠦᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠦᠩᠭᠦ + ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ + ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ      ᠨᠠᠰᠤᠵᠢᠯ ᠤᠨ ᠠᠰᠠᠷᠠᠮᠵᠢ ᠶᠢᠨ ᠰᠠᠭᠤᠷᠢ ᠮᠦᠩᠭᠦ = ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠶᠢᠨ ᠳᠡᠭᠡᠷ᠎ᠡ ᠵᠢᠯ ᠤᠨ ᠦᠪᠡᠷᠲᠡᠭᠡᠨ ᠵᠠᠰᠠᠬᠤ ᠣᠷᠣᠨ ᠤ ᠠᠵᠢᠯᠯᠠᠵᠤ ᠪᠠᠶᠢᠬᠤ ᠠᠵᠢᠯᠲᠠᠨ ᠠᠵᠢᠯᠴᠢᠳ ᠤᠨ ᠰᠠᠷ᠎ᠠ ᠶᠢᠨ ᠳᠤᠮᠳᠠᠴᠢ ᠴᠠᠯᠢᠩ × ︵1 + ᠬᠤᠪᠢ ᠬᠦᠮᠦᠨ ᠤ ᠳᠤᠮᠳᠠᠴᠢ ᠵᠠᠷᠤᠳᠠᠯ ᠲᠤᠰᠢᠶᠠᠬᠤ ᠴᠠᠯᠢᠩ ᠤᠨ ᠢᠯᠡᠳᠬᠡᠭᠴᠢ︶ ÷2 × ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ × 1%      ᠬᠤᠪᠢ ᠬᠦᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠦᠩᠭᠦ = ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠶᠢᠨ ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠪᠦᠬᠦ ᠲᠤᠭ᠎ᠠ ÷ ᠪᠤᠳᠤᠵᠤ ᠤᠯᠭᠤᠭᠰᠠᠨ ᠰᠠᠷ᠎ᠠ ᠶᠢᠨ ᠲᠤᠭ᠎ᠠ      ᠰᠢᠯᠵᠢᠯᠲᠠ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ = ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠶᠢᠨ ᠳᠡᠭᠡᠷ᠎ᠡ ᠵᠢᠯ ᠤᠨ ᠦᠪᠡᠷᠲᠡᠭᠡᠨ ᠵᠠᠰᠠᠬᠤ ᠣᠷᠣᠨ ᠤ ᠠᠵᠢᠯᠯᠠᠵᠤ ᠪᠠᠶᠢᠬᠤ ᠠᠵᠢᠯᠲᠠᠨ ᠠᠵᠢᠯᠴᠢᠳ ᠤᠨ ᠰᠠᠷ᠎ᠠ ᠶᠢᠨ ᠳᠤᠮᠳᠠᠴᠢ ᠴᠠᠯᠢᠩ × ᠬᠤᠪᠢ ᠬᠦᠮᠦᠨ ᠤ ᠵᠠᠷᠤᠳᠠᠯ ᠲᠤᠰᠢᠶᠠᠭᠰᠠᠨ ᠢᠶᠠᠷ ᠦᠵᠡᠭᠰᠡᠨ ᠢᠯᠡᠳᠬᠡᠭᠴᠢ × ᠵᠠᠷᠤᠳᠠᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ × 1.2%      ᠠᠵᠢᠯ ᠮᠠᠷᠭᠡᠵᠢᠯ ᠤᠨ ᠵᠢᠯ ᠤᠨ ᠲᠤᠯᠤᠬᠰᠠᠨ ᠵᠤᠭᠤᠰ ᠢ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠮᠡᠷᠭᠡᠵᠢᠯ ᠤᠨ ᠵᠢᠯ ᠤᠨ ᠲᠣᠯᠣᠭᠰᠠᠨ ᠵᠤᠭᠤᠰ ᠤᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠪᠤᠳᠤᠵᠤ ᠤᠯᠭᠤᠬᠤ ᠬᠡᠷᠡᠭᠲᠡᠢ᠃      ᠬᠤᠪᠢ ᠬᠦᠮᠦᠨ ᠤ ᠳᠤᠮᠳᠠᠴᠢ ᠵᠠᠷᠤᠳᠠᠯ ᠲᠤᠰᠢᠶᠠᠬᠤ ᠴᠠᠯᠢᠩ ᠤᠨ ᠢᠯᠡᠳᠬᠡᠭᠴᠢ = ︵ᠬᠤᠪᠢ ᠬᠦᠮᠦᠨ ᠤ ᠵᠠᠷᠤᠳᠠᠯ ᠲᠤᠰᠢᠶᠠᠭᠰᠠᠨ ᠢᠶᠠᠷ ᠦᠵᠡᠭᠰᠡᠨ ᠢᠯᠡᠳᠬᠡᠭᠴᠢ × ᠵᠠᠷᠤᠳᠠᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ + ᠬᠤᠪᠢ ᠬᠦᠮᠦᠨ ᠤ ᠪᠤᠲᠠᠲᠠᠢ ᠳᠤᠮᠳᠠᠴᠢ ᠵᠠᠷᠤᠳᠠᠯ ᠲᠤᠰᠢᠶᠠᠭᠰᠠᠨ ᠴᠠᠯᠢᠩ ᠤᠨ ᠢᠯᠡᠳᠬᠡᠭᠴᠢ × ᠪᠣᠲᠠᠲᠠᠢ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ︶ ÷ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ      ᠵᠠᠷᠤᠳᠠᠯ ᠲᠤᠰᠢᠶᠠᠭᠰᠠᠨ ᠢᠶᠠᠷ ᠦᠵᠡᠭᠰᠡᠨ ᠢᠯᠡᠳᠬᠡᠭᠴᠢ ᠶᠢ ᠬᠤᠪᠢ ᠬᠦᠮᠦᠨ ᠤ ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠶᠢᠨ ᠲᠤᠰᠢᠶᠠᠯ ᠪᠠ ᠲᠤᠰᠢᠶᠠᠯ ᠤᠨ ᠳᠡᠰ ︵ᠠᠵᠢᠯ ᠤᠨ ᠪᠠᠶᠢᠷᠢ᠂ ᠠᠵᠢᠯᠴᠢᠨ ᠤ ᠮᠡᠷᠭᠡᠵᠢᠯ ᠤᠨ ᠵᠡᠷᠭᠡ ᠳᠡᠰ︶ ᠵᠡᠷᠭᠡ ᠶᠢ ᠦᠨᠳᠦᠰᠦᠯᠡᠨ ᠲᠣᠭᠲᠠᠭᠠᠬᠤ ᠬᠡᠷᠡᠭᠲᠡᠢ ︵ᠵᠠᠷᠤᠳᠠᠯ ᠲᠤᠰᠢᠶᠠᠭᠰᠠᠨ ᠢᠶᠠᠷ ᠦᠵᠡᠭᠰᠡᠨ ᠢᠯᠡᠳᠬᠡᠭᠴᠢ ᠶᠢᠨ ᠬᠦᠰᠦᠨᠦᠭᠲᠦ ᠶᠢ ᠳᠠᠭᠠᠯᠳᠤᠭᠤᠯᠤᠯ 2 ᠲᠤ ᠦᠵᠡ︶᠃      2.ᠰᠢᠯᠵᠢᠯᠲᠡ ᠶᠢᠨ ᠴᠠᠭ ᠬᠤᠭᠤᠴᠠᠭ᠎ᠠ ᠳᠠᠭᠤᠰᠤᠭᠰᠠᠨ ᠤ ᠳᠠᠷᠠᠭ᠎ᠠ ︵2024 ᠣᠨ ᠤ 10 ᠳ᠋ᠤᠭᠠᠷ ᠰᠠᠷ᠎ᠠ ᠶᠢᠨ 1 ᠤ ᠡᠳᠦᠷ ᠵᠢᠴᠢ ᠲᠡᠭᠦᠨ ᠠᠴᠠ ᠰᠡᠭᠦᠯᠡᠷ︶ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠳᠤ ᠰᠢᠨ᠎ᠡ ᠠᠷᠭ᠎ᠠ ᠶᠢᠨ ᠣᠯᠭᠤᠮᠵᠢ ᠪᠤᠳᠤᠵᠤ ᠤᠯᠭᠤᠬᠤ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ  ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠠᠵᠢᠯ ᠠᠴᠠ ᠪᠠᠨ ᠪᠠᠭᠤᠵᠦ ᠠᠮᠠᠷᠠᠬᠤ ᠨᠠᠰᠤᠨ ᠳᠤ ᠬᠦᠷᠦᠭᠰᠡᠨ ᠪᠣᠯᠪᠠᠴᠤ ᠬᠤᠪᠢ ᠬᠦᠮᠦᠨ ᠤ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 15 ᠵᠢᠯ ᠳᠤ ᠬᠦᠷᠦᠭᠰᠡᠨ ᠦᠭᠡᠢ ᠬᠦᠮᠦᠰ ᠲᠤ ᠲᠡᠳᠡᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠷᠢᠴᠠᠭ᠎ᠠ ᠶᠢ ᠰᠢᠢᠳᠪᠦᠷᠢᠯᠡᠬᠦ ᠪᠠ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠪᠣᠳᠣᠵᠣ ᠤᠯᠭᠤᠬᠤ ᠳᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ﹀ ᠶᠢ ᠬᠡᠷᠡᠭᠵᠢᠭᠦᠯᠬᠦ ᠲᠣᠭᠲᠠᠭᠠᠯ ᠤᠳ︾ ︵ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠦᠨ ᠤ ᠵᠠᠷᠯᠢᠭ 13 ᠳ᠋ᠤᠭᠠᠷ ᠲᠣᠭᠠᠲᠤ︶ ᠲᠠᠢ ᠬᠠᠷᠢᠴᠠᠭᠤᠯᠤᠨ ᠬᠡᠷᠡᠭᠵᠢᠭᠦᠯᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠤᠯᠤᠰ ᠤᠨ ᠪᠠᠶᠢᠷᠢᠯᠠᠭᠤᠯᠤᠯᠲᠠ ᠶᠤᠰᠤᠭᠠᠷ᠂ ᠠᠵᠢᠯᠲᠠᠨ ᠠᠵᠢᠯᠴᠢᠨ ᠤ ᠴᠠᠯᠢᠩ ᠨᠡᠮᠡᠭᠳᠡᠬᠦ ᠪᠠ ᠪᠠᠷᠠᠭᠠᠨ ᠤ ᠦᠨ᠎ᠡ ᠶᠢᠨ ᠬᠤᠪᠢᠷᠠᠬᠤ ᠵᠡᠷᠭᠡ ᠪᠠᠶᠢᠳᠠᠯ ᠢ ᠦᠨᠳᠦᠰᠦᠯᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢᠨ ᠲᠣᠬᠢᠷᠠᠭᠤᠯᠤᠯᠲᠠ ᠶᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠲᠣᠬᠢᠷᠠᠭᠤᠯᠬᠤ ᠠᠷᠭ᠎ᠠ ᠪᠣᠯᠣᠨ ᠲᠣᠬᠢᠷᠠᠭᠤᠯᠬᠤ ᠬᠢᠷᠢ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ ᠪᠦᠬᠦ ᠣᠷᠣᠨ ᠤ ᠨᠢᠭᠡᠲᠦᠯᠲᠡᠢ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃      ᠬᠤᠷᠢᠨ ᠳᠣᠯᠣᠳᠤᠭᠠᠷ ᠵᠦᠢᠯ   ᠠᠵᠢᠯ ᠠᠴᠠ ᠪᠠᠨ ᠪᠠᠭᠤᠵᠦ ᠠᠮᠠᠷᠠᠬᠤ ᠨᠦᠬᠦᠴᠡᠯ ᠳᠤ ᠨᠡᠶᠢᠴᠡᠭᠰᠡᠨ ᠳᠠᠭᠠᠳᠬᠠᠯ ᠳᠤ ᠣᠷᠤᠯᠴᠠᠭᠰᠠᠳ᠂ ᠬᠠᠮᠢᠶᠠᠷᠤᠯᠲᠠ ᠶᠢᠨ ᠡᠷᠬᠡ ᠮᠡᠳᠡᠯ ᠶᠤᠰᠤᠭᠠᠷ ᠠᠵᠢᠯ ᠠᠴᠠ ᠪᠠᠨ ᠪᠠᠭᠤᠵᠦ ᠠᠮᠠᠷᠠᠬᠤ ᠭᠠᠷᠳᠠᠮ ᠢ ᠬᠢᠨᠠᠨ ᠵᠦᠪᠰᠢᠶᠡᠷᠡᠵᠦ ᠭᠦᠢᠴᠡᠳᠭᠡᠬᠦ ᠬᠡᠷᠡᠭᠲᠡᠢ᠃      ᠬᠤᠷᠢᠨ ᠨᠠᠢᠮᠠᠳᠤᠭᠠᠷ ᠵᠦᠢᠯ   ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠮᠤᠵᠢ ᠶᠠᠮᠦᠨ ᠤ ᠳᠡᠰ ᠠᠴᠠ ᠳᠡᠭᠡᠭᠰᠢᠬᠢ ᠬᠦᠳᠡᠯᠮᠦᠷᠢ ᠶᠢᠨ ᠵᠢᠱᠢᠶᠡᠴᠢ᠂ ᠴᠢᠬᠤᠯᠠ ᠶᠡᠭᠡ ᠭᠠᠪᠢᠶ᠎ᠠ ᠵᠢᠳᠭᠦᠯ ᠲᠠᠢ ᠳᠡᠭᠡᠳᠦ ᠵᠡᠷᠭᠡ ᠶᠢᠨ ᠮᠡᠷᠭᠡᠵᠢᠯᠲᠡᠨ ᠵᠡᠷᠭᠡ ᠢᠷᠠᠭᠤ ᠠᠯᠳᠠᠷᠲᠤ ᠴᠣᠯᠠ ᠤᠯᠤᠭᠰᠠᠨ ᠠᠵᠢᠯᠲᠠᠳ ᠲᠤ ᠠᠵᠢᠯᠯᠠᠵᠤ ᠪᠠᠶᠢᠬᠤ ᠦᠶ᠎ᠡ ᠳᠤ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠣᠯᠭᠤᠵᠣ᠂ ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠳᠤ ᠠᠵᠢᠯ ᠠᠴᠠ ᠪᠠᠨ ᠪᠠᠭᠤᠵᠦ ᠠᠮᠠᠷᠠᠬᠰᠠᠨ ᠦᠨᠳᠦᠰᠦᠨ ᠵᠠᠷᠤᠳᠠᠯ ᠢ ᠪᠤᠳᠤᠵᠤ ᠤᠯᠭᠤᠬᠤ ᠬᠠᠷᠢᠴᠠᠯ ᠢ ᠨᠢ ᠳᠠᠬᠢᠵᠤ ᠳᠡᠭᠡᠭᠰᠢᠯᠡᠭᠦᠯᠬᠦ ᠦᠭᠡᠢ᠂ ᠬᠦᠬᠢᠭᠦᠯᠦᠨ ᠱᠠᠩᠨᠠᠬᠤ ᠳᠤ ᠬᠡᠷᠡᠭᠰᠡᠬᠦ ᠪᠡᠯᠡ ᠮᠦᠩᠭᠦ ᠶᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠦᠩᠭᠦ ᠠᠴᠠ ᠭᠠᠷᠭᠠᠵᠤ ᠪᠣᠯᠬᠤ ᠦᠭᠡᠢ᠃ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠲᠤᠰ ᠲᠦᠷᠦᠯ ᠤᠨ ᠢᠷᠠᠭᠤ ᠠᠯᠳᠠᠷᠲᠤ ᠴᠣᠯᠠ ᠶᠢ ᠬᠦᠷᠲᠡᠭᠰᠡᠨ ᠠᠵᠢᠯᠲᠠᠳ ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠳᠤ ᠨᠢᠭᠡ ᠯᠡ ᠤᠳᠠᠭᠠᠨ ᠤ ᠴᠢᠨᠠᠷᠲᠠᠢ ᠠᠵᠢᠯ ᠠᠴᠠ ᠪᠠᠨ ᠪᠠᠭᠤᠵᠦ ᠠᠮᠠᠷᠠᠬᠰᠠᠨ ᠨᠦᠬᠦᠪᠦᠷᠢ ᠣᠯᠭᠤᠵᠣ᠂ ᠪᠡᠯᠡ ᠮᠦᠩᠭᠦ ᠶᠢ ᠣᠣᠯ ᠤᠨ ᠵᠠᠮ ᠮᠥᠷ ᠢᠶᠠᠷ ᠭᠠᠷᠭᠠᠨ᠎ᠠ᠃ ᠨᠢᠭᠡ ᠯᠡ ᠤᠳᠠᠭᠠᠨ ᠤ ᠴᠢᠨᠠᠷᠲᠠᠢ ᠨᠦᠬᠦᠪᠦᠷᠢ ᠶᠢᠨ ᠪᠠᠷᠢᠮᠵᠢᠶ᠎ᠠ ᠶᠢ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠠᠢ ᠬᠠᠮᠵᠢᠯᠴᠠᠨ ᠲᠣᠭᠲᠠᠭᠠᠬᠤ ᠬᠡᠷᠡᠭᠲᠡᠢ᠃      ᠣᠣᠯ ᠤᠨ ᠠᠵᠢᠯ ᠠᠴᠠ ᠪᠠᠨ ᠪᠠᠭᠤᠵᠦ ᠠᠮᠠᠷᠠᠬᠰᠠᠨ ᠵᠠᠷᠤᠳᠠᠯ ᠢ ᠨᠡᠮᠡᠵᠦ ᠤᠯᠭᠤᠬᠤ ᠪᠠᠶᠢᠳᠠᠯ ᠳᠤ ᠨᠡᠶᠢᠴᠡᠭᠰᠡᠨ ᠪᠤᠰᠤᠳ ᠬᠦᠮᠦᠰ ᠤᠨ ᠬᠢ ᠶᠢ ᠳᠡᠭᠡᠷ᠎ᠡ ᠳᠤᠷᠠᠳᠤᠭᠰᠠᠨ ᠠᠷᠭ᠎ᠠ ᠶᠢᠨ ᠶᠤᠰᠤᠭᠠᠷ ᠰᠢᠢᠳᠪᠦᠷᠢᠯᠡᠬᠦ ᠬᠡᠷᠡᠭᠲᠡᠢ᠃              ᠵᠢᠷᠭᠤᠳᠤᠭᠠᠷ ᠪᠦᠯᠦᠭ   ᠨᠠᠰᠤᠵᠢᠯ ᠤᠨ ᠠᠰᠠᠷᠠᠮᠵᠢ ᠶᠢᠨ ᠳᠠᠭᠠᠳᠬᠠᠯ                                  ᠤᠨ ᠣᠯᠭᠤᠮᠵᠢ ᠶᠢ ᠵᠠᠷᠤᠴᠠᠭᠤᠯᠬᠤ            ᠬᠤᠷᠢ ᠶᠢᠰᠦᠳᠦᠭᠡᠷ ᠵᠦᠢᠯ   ᠳᠠᠭᠠᠳᠬᠠᠯ ᠳᠤ ᠣᠷᠤᠯᠴᠠᠭᠰᠠᠳ ᠠᠵᠢᠯ ᠠᠴᠠ ᠪᠠᠨ ᠪᠠᠭᠤᠵᠦ ᠠᠮᠠᠷᠠᠬᠤ ᠭᠠᠷᠳᠠᠮ ᠢ ᠭᠦᠢᠴᠡᠳᠭᠡᠭᠰᠡᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠠᠴᠠ ᠠᠵᠢᠯ ᠠᠴᠠ ᠪᠠᠨ ᠪᠠᠭᠤᠵᠦ ᠠᠮᠠᠷᠠᠬᠤ ᠶᠢ ᠵᠥᠪᠰᠢᠶᠡᠷᠡᠭᠰᠡᠨ ᠤ ᠲᠠᠷᠠᠭᠠᠬᠢ ᠰᠠᠷ᠎ᠠ ᠠᠴᠠ ᠨᠢ ᠡᠬᠢᠯᠡᠨ ᠲᠡᠳᠡᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠤᠯᠭᠤᠬᠤ ᠬᠡᠷᠡᠭᠲᠡᠢ᠃      ᠭᠤᠴᠢᠳᠤᠭᠠᠷ ᠵᠦᠢᠯ   ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠲᠦᠷᠦᠯ ᠵᠦᠢᠯ ᠬᠤᠪᠢᠶᠠᠨ ᠠᠳᠠᠯᠢ ᠪᠤᠰᠤ ᠰᠠᠭᠤᠷᠢ ᠮᠦᠩᠭᠦ ᠠᠴᠠ ᠵᠠᠷᠤᠴᠠᠭᠤᠯᠬᠤ ᠬᠡᠷᠡᠭᠲᠡᠢ᠄      ︵ᠨᠢᠭᠡ︶ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ᠂ ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠤᠰᠤᠭᠠᠷ ᠤᠯᠭᠤᠭᠰᠠᠨ ᠠᠵᠢᠯ ᠠᠴᠠ ᠪᠠᠨ ᠪᠠᠭᠤᠵᠦ ᠠᠮᠠᠷᠠᠬᠰᠠᠨ ᠵᠠᠷᠤᠳᠠᠯ ᠢ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠨᠢᠭᠡᠲᠦᠯᠲᠡᠢ ᠲᠦᠯᠦᠪᠯᠡᠬᠦ ᠰᠠᠭᠤᠷᠢ ᠮᠦᠩᠭᠦ ᠠᠴᠠ ᠵᠠᠷᠤᠴᠠᠭᠤᠯᠬᠤ ᠬᠡᠷᠡᠭᠲᠡᠢ᠃      ︵ᠬᠤᠶᠠᠷ︶ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ᠂ ᠬᠤᠪᠢ ᠬᠦᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠬᠤᠪᠢ ᠬᠦᠮᠦᠨ ᠤ ᠳᠠᠩᠰᠠᠨ ᠡᠷᠦᠬᠡ ᠶᠢᠨ ᠰᠠᠭᠤᠷᠢ ᠮᠦᠩᠭᠦ ᠠᠴᠠ ᠵᠠᠷᠤᠴᠠᠭᠤᠯᠵᠤ᠂ ᠥᠭᠴᠦ ᠦᠯᠦ ᠬᠦᠷᠦᠯᠴᠡᠬᠦ ᠦᠶᠡᠰ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠨᠢᠭᠡᠲᠦᠯᠲᠡᠢ ᠲᠦᠯᠦᠪᠯᠡᠬᠦ ᠰᠠᠭᠤᠷᠢ ᠮᠦᠩᠭᠦ ᠠᠴᠠ ᠵᠠᠷᠤᠴᠠᠭᠤᠯᠬᠤ ᠬᠡᠷᠡᠭᠲᠡᠢ︔ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠢ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠰᠠᠭᠤᠷᠢ ᠮᠦᠩᠭᠦ ᠠᠴᠠ ᠵᠠᠷᠤᠴᠠᠭᠤᠯᠬᠤ ᠬᠡᠷᠡᠭᠲᠡᠢ︔ ᠪᠤᠰᠤᠳ ᠬᠡᠰᠡᠭ ᠢ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠨᠢᠭᠡᠲᠦᠯᠲᠡᠢ ᠲᠦᠯᠦᠪᠯᠡᠬᠦ ᠰᠠᠭᠤᠷᠢ ᠮᠦᠩᠭᠦ ᠠᠴᠠ ᠵᠠᠷᠤᠴᠠᠭᠤᠯᠬᠤ ᠬᠡᠷᠡᠭᠲᠡᠢ᠃      ︵ᠭᠤᠷᠪᠠ︶ ᠳᠠᠭᠠᠳᠬᠠᠯ ᠳᠤ ᠣᠷᠤᠯᠴᠠᠭᠰᠠᠳ ᠠᠵᠢᠯ ᠠᠴᠠ ᠪᠠᠨ ᠪᠠᠭᠤᠵᠦ ᠠᠮᠠᠷᠠᠬᠰᠠᠨ ᠤ ᠳᠠᠷᠠᠭ᠎ᠠ ᠲᠣᠭᠲᠠᠭᠠᠯ ᠶᠤᠰᠤᠭᠠᠷ ᠨᠡᠮᠡᠭᠳᠡᠭᠰᠡᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠨᠠᠰᠤᠵᠢᠯ ᠤᠨ ᠠᠰᠠᠷᠠᠮᠵᠢ ᠶᠢᠨ ᠰᠠᠭᠤᠷᠢ ᠮᠦᠩᠭᠦ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠵᠠᠮ ᠮᠥᠷ ᠶᠤᠰᠤᠭᠠᠷ ᠵᠠᠷᠤᠴᠠᠭᠤᠯᠬᠤ ᠬᠡᠷᠡᠭᠲᠡᠢ᠃      ᠭᠤᠴᠢᠨ ᠨᠢᠭᠡᠳᠦᠭᠡᠷ ᠵᠦᠢᠯ   ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠳᠠᠬᠢᠨ ᠳᠠᠪᠳᠠᠨ ᠬᠦᠷᠳᠡᠵᠦ ᠪᠣᠯᠬᠤ ᠦᠭᠡᠢ᠃      ᠭᠤᠴᠢᠨ ᠬᠤᠶᠠᠳᠤᠭᠠᠷ ᠵᠦᠢᠯ   ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠨᠠᠰᠤ ᠪᠠᠷᠠᠭᠰᠠᠨ ᠤ ᠳᠠᠷᠠᠭ᠎ᠠ᠂ ᠨᠠᠰᠤ ᠪᠠᠷᠠᠭᠰᠠᠨ ᠤ ᠲᠠᠷᠠᠭᠠᠬᠢ ᠰᠠᠷ᠎ᠠ ᠠᠴᠠ ᠨᠢ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠩᠭᠦ ᠶᠢ ᠤᠯᠭᠤᠬᠤ ᠪᠠᠨ ᠵᠣᠭᠰᠤᠭᠠᠬᠤ ᠬᠡᠷᠡᠭᠲᠡᠢ᠃                        ᠳᠤᠯᠤᠳᠤᠭᠠᠷ ᠪᠦᠯᠦᠭ   ᠨᠠᠰᠤᠵᠢᠯ ᠤᠨ ᠠᠰᠠᠷᠠᠮᠵᠢ ᠶᠢᠨ ᠦᠨᠳᠦᠰᠦᠨ                               ᠳᠠᠭᠠᠳᠬᠠᠯ ᠤᠨ ᠬᠠᠷᠢᠴᠠᠭ᠎ᠠ ᠶᠢ ᠵᠠᠯᠭᠠᠭᠤᠯᠬᠤ            ᠭᠤᠴᠢᠨ ᠭᠤᠷᠪᠠᠳᠤᠭᠠᠷ ᠵᠦᠢᠯ   ᠳᠠᠭᠠᠳᠬᠠᠯ ᠳᠤ ᠣᠷᠤᠯᠴᠠᠭᠰᠠᠳ ᠦᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤᠲᠤᠷᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠤᠭᠤᠷᠤᠨᠲᠤ ᠰᠢᠯᠵᠢᠬᠦ ᠳᠤ ᠵᠦᠪᠬᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠠᠴᠠ ᠪᠢᠰᠢ ᠰᠠᠭᠤᠷᠢ ᠮᠦᠩᠭᠦ ᠶᠢ ᠰᠢᠯᠵᠢᠭᠦᠯᠬᠦ ᠦᠭᠡᠢ᠃      ᠭᠤᠴᠢᠨ ᠳᠦᠷᠪᠡᠳᠦᠭᠡᠷ ᠵᠦᠢᠯ   ᠳᠠᠭᠠᠳᠬᠠᠯ ᠳᠤ ᠣᠷᠤᠯᠴᠠᠭᠰᠠᠳ ᠮᠤᠵᠢ ᠠᠯᠤᠰᠯᠠᠨ ᠰᠢᠯᠵᠢᠬᠦ ᠪᠣᠶᠣ ᠠᠵᠤ ᠠᠬᠤᠶᠢᠯᠠᠯ ᠠᠴᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠰᠢᠯᠵᠢᠭᠰᠡᠨ ᠪᠠᠶᠢᠪᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠶᠢᠨ ᠬᠠᠮᠲᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠲᠤᠭ᠎ᠠ ᠶᠢ ᠳᠠᠭᠠᠯᠳᠤᠨ ᠰᠢᠯᠵᠢᠭᠦᠯᠬᠦ ᠶᠢᠨ ᠬᠠᠮᠲᠤ᠂ ᠬᠤᠪᠢ ᠬᠦᠮᠦᠨ ᠤ ᠡᠯ᠎ᠡ ᠵᠢᠯ ᠤᠨ ᠪᠤᠲᠠᠲᠠᠢ ᠵᠠᠷᠤᠳᠠᠯ ᠲᠤᠰᠢᠶᠠᠭᠰᠠᠨ ᠴᠠᠯᠢᠩ ᠢᠶᠠᠷ ᠰᠠᠭᠤᠷᠢ ᠲᠤᠭ᠎ᠠ ᠪᠣᠯᠭᠠᠵᠤ᠂ 12% ᠤᠨ ᠨᠡᠶᠢᠯᠡᠪᠦᠷᠢ ᠪᠠᠷ ᠰᠠᠭᠤᠷᠢ ᠮᠦᠩᠭᠦ ᠶᠢ ᠰᠢᠯᠵᠢᠭᠦᠯᠦᠨ᠂ ᠬᠤᠪᠢ ᠬᠦᠮᠦᠨ ᠤ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠲᠤᠭ᠎ᠠ ᠶᠢ ᠨᠡᠶᠢᠯᠡᠭᠦᠯᠦᠨ ᠪᠤᠳᠤᠬᠤ ᠬᠡᠷᠡᠭᠲᠡᠢ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠭᠰᠠᠨ ᠪᠣᠲᠠᠲᠠᠢ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠶᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠭᠰᠠᠨ ᠪᠣᠲᠠᠲᠠᠢ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠯᠤᠭ᠎ᠠ ᠨᠡᠶᠢᠯᠡᠭᠦᠯᠦᠨ ᠪᠤᠳᠤᠵᠤ᠂ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠭᠡᠵᠦ ᠦᠵᠡᠵᠦ ᠮᠠᠭᠠᠳᠯᠠᠨ ᠲᠣᠭᠲᠠᠭᠠᠬᠤ ᠦᠭᠡᠢ᠃      ᠭᠤᠴᠢᠨ ᠲᠠᠪᠤᠳᠤᠭᠠᠷ ᠵᠦᠢᠯ   ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠭᠡᠷᠡᠴᠢᠯᠡᠯᠲᠡ ᠶᠢ ᠬᠡᠷᠡᠭᠵᠢᠭᠦᠯᠦᠭᠰᠡᠨ ᠲᠣᠷᠰᠢᠯᠲᠠ ᠶᠢᠨ ᠴᠢᠬ ᠪᠣᠯᠬᠤ ᠭᠠᠵᠠᠷ ᠣᠷᠣᠨ ᠨᠤᠭᠤᠳ ᠤᠨ ᠳᠠᠭᠠᠳᠬᠠᠯ ᠳᠤ ᠣᠷᠤᠯᠴᠠᠭᠰᠠᠳ ᠨᠢ ᠲᠤᠰ ᠠᠷᠭ᠎ᠠ ᠶᠢᠨ ᠬᠡᠷᠡᠭᠵᠢᠭᠦᠯᠬᠦ ᠬᠡᠪᠴᠢᠶᠡᠨ ᠳᠤ ᠣᠷᠤᠭᠤᠯᠬᠤ ᠳᠤ ᠨᠡᠶᠢᠴᠡᠭᠰᠡᠨ ᠣᠷᠣᠨ ᠲᠤᠭ᠎ᠠ ᠳᠤᠲᠤᠷᠠᠬᠢ ᠵᠢᠩᠬᠢᠨᠢ ᠠᠵᠢᠯᠲᠠᠨ ᠠᠵᠢᠯᠴᠢᠨ ᠪᠠᠶᠢᠪᠠᠯ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠠᠵᠢᠯᠯᠠᠭᠰᠠᠨ ᠵᠢᠯ ᠬᠤᠭᠤᠴᠠᠭ᠎ᠠ ᠶᠢ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠪᠠᠷ ᠦᠵᠡᠵᠦ᠂ ᠠᠵᠢᠯ ᠠᠴᠠ ᠪᠠᠨ ᠪᠠᠭᠤᠵᠦ ᠠᠮᠠᠷᠠᠬᠤ ᠦᠶ᠎ᠡ ᠳᠤ ᠲᠣᠭᠲᠠᠭᠠᠯ ᠶᠤᠰᠤᠭᠠᠷ ᠣᠯᠭᠤᠮᠵᠢ ᠶᠢ ᠪᠤᠳᠤᠵᠤ ᠤᠯᠭᠤᠨ᠂ ᠬᠤᠪᠢ ᠬᠦᠮᠦᠨ ᠤ ᠵᠠᠷᠤᠳᠠᠯ ᠲᠤᠰᠢᠶᠠᠭᠰᠠᠨ ᠡᠬᠡ ᠮᠦᠩᠭᠦ ᠪᠠ ᠬᠦᠦ ᠮᠦᠩᠭᠦ ᠶᠢ ᠦᠭᠡᠷᠡᠴᠢᠯᠡᠯᠲᠡ ᠬᠢᠭᠰᠡᠨ ᠤ ᠳᠠᠷᠠᠭᠠᠬᠢ ᠬᠤᠪᠢ ᠬᠦᠮᠦᠨ ᠤ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠬᠤᠪᠢ ᠬᠦᠮᠦᠨ ᠤ ᠳᠠᠩᠰᠠᠨ ᠡᠷᠦᠬᠡ ᠳᠤ ᠬᠤᠪᠢᠶᠠᠷᠢᠯᠠᠨ ᠰᠢᠯᠵᠢᠭᠦᠯᠵᠦ᠂ ᠰᠢᠨ᠎ᠡ ᠬᠠᠭᠤᠴᠢᠨ ᠠᠷᠭ᠎ᠠ ᠶᠢᠨ ᠪᠠᠷᠢᠮᠵᠢᠶ᠎ᠠ ᠶᠢᠨ ᠠᠳᠠᠯᠢᠳᠬᠠᠯ ᠤᠨ ᠬᠡᠪᠴᠢᠶᠡᠨ ᠳᠤ ᠪᠤᠳᠤᠵᠤ ᠣᠷᠤᠭᠤᠯᠬᠤ ᠦᠭᠡᠢ᠂ ᠲᠤᠰ ᠬᠦᠮᠦᠨ ᠨᠢ ᠠᠵᠢᠯ ᠠᠴᠠ ᠪᠠᠨ ᠪᠠᠭᠤᠵᠦ ᠠᠮᠠᠷᠠᠬᠤ ᠦᠶᠡᠰ ᠬᠤᠪᠢ ᠬᠦᠮᠦᠨ ᠤ ᠵᠠᠷᠤᠳᠠᠯ ᠲᠤᠰᠢᠶᠠᠭᠰᠠᠨ ᠡᠬᠡ ᠮᠦᠩᠭᠦ ᠪᠠ ᠬᠦᠦ ᠮᠦᠩᠭᠦ ᠶᠢ ᠨᠢᠭᠡ ᠯᠡ ᠤᠳᠠᠭᠠᠨ ᠤ ᠴᠢᠨᠠᠷᠲᠠᠢ ᠪᠠᠷ ᠬᠤᠪᠢ ᠬᠦᠮᠦᠨ ᠳᠤᠨᠢ ᠥᠭᠬᠦ ᠬᠡᠷᠡᠭᠲᠡᠢ᠃ ᠲᠣᠷᠰᠢᠯᠲᠠ ᠬᠢᠭᠰᠡᠨ ᠡᠯ᠎ᠡ ᠭᠠᠵᠠᠷ ᠣᠷᠣᠨ ᠨᠤᠭᠤᠳ ᠲᠣᠷᠰᠢᠯᠲᠠ ᠶᠢᠨ ᠬᠤᠭᠤᠴᠠᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠦᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠤᠳᠤᠯᠲᠠ ᠬᠢᠵᠦ᠂ ᠦᠯᠡᠳᠡᠪᠦᠷᠢ ᠰᠠᠭᠤᠷᠢ ᠮᠦᠩᠭᠦ ᠶᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠳᠤ ᠨᠡᠶᠢᠯᠡᠭᠦᠯᠦᠨ ᠣᠷᠤᠭᠤᠯᠵᠤ ᠨᠢᠭᠡᠲᠦᠯᠲᠡᠢ ᠬᠡᠷᠡᠭᠯᠡᠬᠦ ᠬᠡᠷᠡᠭᠲᠡᠢ᠃                         ᠨᠠᠢᠮᠠᠳᠤᠭᠠᠷ ᠪᠦᠯᠦᠭ   ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ                               ᠮᠦᠩᠭᠦ ᠶᠢ ᠬᠠᠮᠢᠶᠠᠷᠬᠤ ᠪᠠ ᠬᠢᠨᠠᠯᠲᠠ ᠲᠠᠯᠪᠢᠬᠤ      ᠭᠤᠴᠢᠨ ᠵᠢᠷᠭᠤᠳᠤᠭᠠᠷ ᠵᠦᠢᠯ   ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠳᠤ ᠲᠤᠰᠠᠭᠠᠷ ᠳᠠᠩᠰᠠ ᠪᠠᠶᠢᠭᠤᠯᠵᠤ᠂ ᠲᠤᠰᠠᠭᠠᠷ ᠲᠣᠭᠠᠴᠠᠭ᠎ᠠ ᠬᠢᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠡᠳ᠋ ᠤᠨ ᠵᠠᠰᠠᠭ ᠤᠨ ᠲᠤᠰᠬᠠᠢ ᠡᠷᠦᠬᠡ ᠳᠤ ᠣᠷᠤᠭᠤᠯᠤᠨ᠂ ᠣᠷᠣᠯᠭ᠎ᠠ ᠵᠠᠷᠤᠯᠭ᠎ᠠ ᠶᠢᠨ ᠬᠤᠣᠰ ᠱᠤᠭᠤᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠢ ᠵᠤᠭᠤᠰ ᠢ ᠲᠤᠰᠬᠠᠶᠢᠯᠠᠨ ᠬᠡᠷᠡᠭᠯᠡᠵᠦ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠬᠡᠳ ᠡᠵᠡᠯᠡᠨ ᠠᠪᠬᠤ ᠪᠣᠶᠣ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      ᠭᠤᠴᠢᠨ ᠳᠤᠯᠤᠳᠤᠭᠠᠷ ᠵᠦᠢᠯ   ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠶᠢᠨ ᠠᠮᠦᠷ ᠲᠥᠪᠰᠢᠨ ᠢ ᠪᠠᠲᠤᠯᠠᠭᠰᠠᠨ ᠤᠷᠢᠳᠠᠯ ᠳᠣᠣᠷ᠎ᠠ᠂ ᠤᠯᠤᠰ ᠤᠨ ᠲᠣᠭᠲᠠᠭᠠᠯ ᠶᠤᠰᠤᠭᠠᠷ ᠪᠡᠯᠡ ᠣᠷᠤᠭᠤᠯᠤᠨ ᠡᠵᠡᠩᠨᠡᠵᠦ ᠥᠷᠳᠡᠭ ᠢ ᠪᠠᠲᠤᠯᠠᠨ ᠥᠷᠳᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃      ᠭᠤᠴᠢᠨ ᠨᠠᠢᠮᠠᠳᠤᠭᠠᠷ ᠵᠦᠢᠯ   ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠬᠢᠨᠠᠨ ᠪᠤᠳᠤᠯᠲᠠ ᠵᠢᠴᠢ ᠭᠠᠷᠳᠠᠨ ᠭᠦᠢᠴᠡᠳᠭᠡᠬᠦ ᠪᠠ ᠲᠠᠲᠠᠪᠤᠷᠢᠯᠠᠵᠤ ᠲᠤᠰᠢᠶᠠᠬᠤ ᠪᠠᠶᠢᠭᠤᠯᠤᠮᠵᠢ ᠨᠤᠭᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ ᠪᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦ ᠳᠤ ᠬᠢᠨᠠᠨ ᠪᠤᠳᠤᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ᠂ ᠬᠠᠮᠢᠶᠠᠷᠤᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ᠃      ᠭᠤᠴᠢ ᠶᠢᠰᠦᠳᠦᠭᠡᠷ ᠵᠦᠢᠯ   ᠰᠠᠭᠤᠷᠢ ᠮᠦᠩᠭᠦ ᠶᠢᠨ ᠬᠠᠮᠢᠶᠠᠷᠤᠯᠲᠠ ᠬᠢᠵᠦ ᠬᠢᠨᠠᠯᠲᠠ ᠲᠠᠯᠪᠢᠬᠤ ᠰᠠᠯᠠᠭ᠎ᠠ ᠮᠦᠴᠢᠷ ᠤᠳ ᠬᠠᠤᠯᠢ ᠶᠤᠰᠤᠭᠠᠷ ᠬᠢᠨᠠᠯᠲᠠ ᠪᠠᠶᠢᠴᠠᠭᠠᠯᠲᠠ ᠬᠢᠬᠦ ᠳᠡᠭᠡᠨ᠂ ᠪᠠᠶᠢᠴᠠᠭᠠᠭᠳᠠᠬᠤ ᠨᠢᠭᠡᠴᠡ ᠪᠣᠯᠣᠨ ᠠᠵᠢᠯᠲᠠᠨ ᠠᠵᠢᠯᠴᠢᠨ ᠨᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠯᠤᠭ᠎ᠠ ᠬᠤᠯᠪᠣᠭᠳᠠᠬᠤ ᠮᠠᠲ᠋ᠧᠷᠢᠶᠠᠯ ᠢᠶᠠᠨ ᠦᠨᠡᠨ ᠮᠦᠨ ᠢᠶᠠᠷ ᠬᠠᠩᠭᠠᠵᠤ᠂ ᠪᠠᠶᠢᠴᠠᠭᠠᠯᠲᠠ ᠶᠢ ᠲᠡᠪᠴᠢᠬᠦ ᠪᠣᠶᠣ ᠬᠤᠳᠠᠯ ᠢᠶᠠᠷ ᠮᠡᠳᠡᠭᠦᠯᠬᠦ᠂ ᠨᠢᠭᠤᠵᠤ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠃      ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠨᠢ ᠲᠣᠬᠠᠶᠢᠯᠠᠭᠰᠠᠨ ᠠᠵᠢᠯ ᠢᠶᠠᠨ ᠭᠠᠷᠳᠠᠨ ᠭᠦᠢᠴᠡᠳᠭᠡᠬᠦ᠂ ᠪᠦᠷᠢᠳᠭᠡᠬᠦ᠂ ᠪᠠᠶᠢᠴᠠᠭᠠᠯᠲᠠ ᠬᠢᠬᠦ ᠪᠠᠷ ᠳᠠᠮᠵᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ ᠬᠡᠷᠡᠭᠰᠡᠬᠦ ᠲᠤᠭ᠎ᠠ ᠪᠠᠷᠢᠮᠲᠠ ᠶᠢ ᠣᠯᠵᠤ᠂ ᠬᠤᠯᠪᠣᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠳᠤ ᠦᠨᠡᠨ ᠮᠦᠨ ᠢᠶᠠᠷ ᠬᠠᠩᠭᠠᠬᠤ ᠬᠡᠷᠡᠭᠲᠡᠢ᠃      ᠳᠦᠴᠢᠳᠦᠭᠡᠷ ᠵᠦᠢᠯ   ᠬᠦᠮᠦᠨ ᠬᠡᠷᠡᠭᠯᠡᠬᠦ ᠨᠢᠭᠡᠴᠡ ᠨᠢ ᠵᠢᠯ ᠪᠦᠷᠢ ᠠᠵᠢᠯᠲᠠᠨ ᠠᠵᠢᠯᠴᠢᠳ ᠲᠠᠭᠠᠨ ᠲᠤᠰ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠵᠡᠷᠭᠡ ᠪᠠᠶᠢᠳᠠᠯ ᠢᠶᠠᠨ ᠨᠡᠶᠢᠲᠡᠯᠡᠵᠦ᠂ ᠠᠵᠢᠯᠲᠠᠨ ᠠᠵᠢᠯᠴᠢᠳ ᠤᠨ ᠬᠢᠨᠠᠯᠲᠠ ᠶᠢ ᠬᠦᠯᠢᠶᠡᠬᠦ ᠬᠡᠷᠡᠭᠲᠡᠢ᠃      ᠳᠦᠴᠢᠨ ᠨᠢᠭᠡᠳᠦᠭᠡᠷ ᠵᠦᠢᠯ   ᠨᠢᠭᠡᠴᠡ ᠪᠣᠶᠣ ᠠᠵᠢᠯᠲᠠᠨ ᠠᠵᠢᠯᠴᠢᠨ ᠨᠢ ᠭᠠᠷᠳᠠᠨ ᠭᠦᠢᠴᠡᠳᠭᠡᠬᠦ ᠪᠠᠶᠢᠭᠤᠯᠤᠮᠵᠢ ᠶᠢᠨ ᠬᠠᠤᠯᠢ ᠶᠤᠰᠤᠭᠠᠷ ᠨᠡᠶᠢᠭᠡᠮ ᠤᠨ ᠳᠠᠭᠠᠳᠬᠠᠯ ᠢ ᠪᠦᠷᠢᠳᠭᠡᠨ ᠲᠡᠮᠲᠡᠭᠯᠡᠭᠰᠡᠨ ᠦᠭᠡᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠠᠷᠭᠤᠭᠤᠯᠤᠨ ᠲᠣᠭᠲᠠᠭᠠᠭᠰᠠᠨ ᠦᠭᠡᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠤᠯᠭᠤᠭᠰᠠᠨ ᠦᠭᠡᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠦᠨ ᠵᠠᠯᠭᠠᠬᠤ ᠭᠠᠷᠳᠠᠮ ᠢ ᠭᠦᠢᠴᠡᠳᠭᠡᠭᠰᠡᠨ ᠦᠭᠡᠢ ᠪᠣᠶᠣ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠷᠬᠡ ᠠᠰᠢᠭ ᠢ ᠬᠦᠨᠦᠭᠡᠭᠰᠡᠨ ᠪᠣᠰᠤᠳ ᠦᠢᠯᠡ ᠠᠵᠢᠯᠯᠠᠭ᠎ᠠ ᠲᠠᠢ ᠪᠠᠶᠢᠪᠠᠯ ᠬᠠᠤᠯᠢ ᠶᠤᠰᠤᠭᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ ᠪᠣᠶᠣ ᠵᠠᠰᠠᠭ ᠵᠠᠬᠢᠷᠭᠠᠨ ᠤ ᠵᠠᠭᠠᠯᠳᠤᠭ᠎ᠠ ᠬᠢᠬᠦ ᠶᠢ ᠳᠤᠷᠠᠳᠴᠤ ᠪᠣᠯᠣᠨ᠎ᠠ᠃      ᠠᠵᠢᠯᠲᠠᠨ ᠠᠵᠢᠯᠴᠢᠨ ᠨᠢ ᠬᠦᠮᠦᠨ ᠬᠡᠷᠡᠭᠯᠡᠬᠦ ᠨᠢᠭᠡᠴᠡ ᠯᠦᠭᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠠᠷᠭᠤᠯᠳᠤᠭᠠᠨ ᠡᠭᠦᠰᠪᠡᠯ᠂ ᠬᠠᠤᠯᠢ ᠶᠤᠰᠤᠭᠠᠷ ᠡᠶᠡᠲᠡᠭᠦᠯᠬᠦ᠂ ᠬᠦᠨᠳᠡᠯᠡᠨ ᠠᠴᠠ ᠲᠠᠰᠣᠯᠠᠭᠤᠯᠬᠤ ᠪᠠᠷ ᠭᠤᠶᠤᠴᠢᠯᠠᠵᠤ ᠪᠣᠯᠣᠨ᠎ᠠ᠃      ᠳᠦᠴᠢᠨ ᠬᠤᠶᠠᠳᠤᠭᠠᠷ ᠵᠦᠢᠯ   ᠤᠯᠤᠰ ᠤᠨ ᠠᠵᠢᠯᠲᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠠᠵᠢᠯ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠤᠭᠰᠠᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠠᠶᠢᠪᠠᠯ᠂ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃                        ᠶᠢᠰᠦᠳᠦᠭᠡᠷ ᠪᠦᠯᠦᠭ   ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ            ᠳᠦᠴᠢᠨ ᠭᠤᠷᠪᠠᠳᠤᠭᠠᠷ ᠵᠦᠢᠯ   ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠭᠰᠠᠨ ᠨᠢᠭᠡᠴᠡ ᠨᠢ ᠠᠵᠢᠯᠲᠠᠨ ᠳᠠᠭᠠᠨ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠪᠠᠶᠢᠭᠤᠯᠵᠤ ᠥᠭᠬᠦ ᠬᠡᠷᠡᠭᠲᠡᠢ᠃      ᠳᠦᠴᠢᠨ ᠳᠦᠷᠪᠡᠳᠦᠭᠡᠷ ᠵᠦᠢᠯ  ᠠᠵᠢᠯ ᠮᠡᠷᠭᠡᠵᠢᠯ ᠤᠨ ᠵᠢᠯ ᠤᠨ ᠵᠤᠭᠤᠰ ᠤᠨ ᠲᠤᠯᠤᠬᠰᠠᠨ ᠵᠠᠷᠤᠳᠠᠯ ᠢ ᠨᠢᠭᠡᠴᠡ ᠪᠣᠯᠣᠨ ᠠᠵᠢᠯᠲᠠᠨ ᠠᠴᠠ ᠬᠠᠮᠲᠤᠪᠠᠷ ᠳᠠᠭᠠᠭᠠᠨ ᠡᠭᠦᠷᠭᠡᠯᠡᠬᠦ ᠬᠡᠷᠡᠭᠲᠡᠢ᠃ ᠨᠢᠭᠡᠴᠡ ᠶᠢᠨ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠵᠠᠷᠤᠳᠠᠯ ᠲᠤᠰᠢᠶᠠᠬᠤ ᠬᠠᠷᠢᠴᠠᠯ ᠨᠢ 8%᠂ ᠬᠤᠪᠢ ᠬᠦᠮᠦᠨ ᠤ ᠵᠠᠷᠤᠳᠠᠯ ᠲᠤᠰᠢᠶᠠᠬᠤ ᠬᠠᠷᠢᠴᠠᠯ ᠨᠢ 4% ᠪᠠᠶᠢᠵᠦ᠂ ᠨᠢᠭᠡᠴᠡ ᠪᠣᠯᠣᠨ ᠬᠤᠪᠢ ᠬᠦᠮᠦᠨ ᠤ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠪᠠᠷ ᠲᠣᠭᠲᠠᠭᠠᠬᠤ ᠬᠡᠷᠡᠭᠲᠡᠢ᠃ ᠬᠤᠪᠢ ᠬᠦᠮᠦᠨ ᠤ ᠲᠤᠰᠢᠶᠠᠬᠤ ᠵᠠᠷᠤᠳᠠᠯ ᠢ ᠨᠢᠭᠡᠴᠡ ᠠᠴᠠ ᠣᠷᠣᠯᠠᠨ ᠬᠠᠰᠤᠵᠤ ᠣᠷᠣᠯᠠᠨ ᠲᠤᠰᠢᠶᠠᠬᠤ ᠬᠡᠷᠡᠭᠲᠡᠢ᠃      ᠳᠦᠴᠢᠨ ᠲᠠᠪᠤᠳᠤᠭᠠᠷ ᠵᠦᠢᠯ  ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠨᠢ ᠳᠠᠭᠠᠳᠬᠠᠯ ᠳᠤ ᠣᠷᠤᠯᠴᠠᠭᠰᠠᠳ ᠲᠤ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠬᠤᠪᠢ ᠬᠦᠮᠦᠨ ᠤ ᠳᠠᠩᠰᠠᠨ ᠡᠷᠦᠬᠡ ᠶᠢ ᠪᠠᠶᠢᠭᠤᠯᠵᠤ᠂ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠢ ᠬᠤᠪᠢ ᠬᠦᠮᠦᠨ ᠤ ᠳᠠᠩᠰᠠᠨ ᠡᠷᠦᠬᠡ ᠶᠢᠨ ᠠᠷᠭ᠎ᠠ ᠮᠠᠶ᠋ᠢᠭ ᠢ ᠠᠪᠴᠤ ᠪᠠᠶᠢᠭᠠᠳ ᠬᠠᠮᠢᠶᠠᠷᠬᠤ ᠬᠡᠷᠡᠭᠲᠡᠢ᠃ ᠨᠢᠭᠡᠴᠡ ᠪᠣᠯᠣᠨ ᠠᠵᠢᠯᠲᠠᠨ ᠠᠵᠢᠯᠴᠢᠨ ᠬᠤᠪᠢ ᠬᠦᠮᠦᠨ ᠨᠢ ᠲᠣᠭᠲᠠᠭᠠᠯ ᠶᠤᠰᠤᠭᠠᠷ ᠲᠤᠰᠢᠶᠠᠭᠰᠠᠨ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠵᠠᠷᠤᠳᠠᠯ ᠢ ᠪᠦᠭᠦᠳᠡ ᠶᠢ ᠬᠤᠪᠢ ᠬᠦᠮᠦᠨ ᠤ ᠠᠵᠢᠯ ᠮᠡᠷᠭᠡᠵᠢᠯ ᠤᠨ ᠵᠢᠯ ᠤᠨ ᠲᠤᠯᠤᠬᠰᠠᠨ ᠵᠤᠭᠤᠰ ᠤᠨ ᠬᠤᠪᠢ ᠬᠦᠮᠦᠨ ᠤ ᠳᠠᠩᠰᠠᠨ ᠡᠷᠦᠬᠡ ᠳᠤ ᠪᠤᠳᠤᠵᠤ ᠣᠷᠣᠭᠤᠯᠬᠤ ᠬᠡᠷᠡᠭᠲᠡᠢ᠃      ᠡᠳ᠋ ᠤᠨ ᠵᠠᠰᠠᠭ ᠤᠨ ᠪᠦᠬᠦ ᠲᠤᠭ᠎ᠠ ᠪᠠᠷ ᠵᠣᠭᠤᠰ ᠰᠢᠯᠵᠢᠭᠦᠯᠦᠨ ᠥᠭᠬᠦ ᠨᠢᠭᠡᠴᠡ ᠨᠦᠭᠦᠳ ᠤᠨ ᠨᠢᠭᠡᠴᠡ ᠠᠴᠠ ᠵᠠᠷᠤᠳᠠᠯ ᠲᠤᠰᠢᠶᠠᠬᠤ ᠳᠤ ᠨᠢᠭᠡᠴᠡ ᠶᠢᠨ ᠬᠠᠩᠭᠠᠭᠰᠠᠨ ᠮᠡᠳᠡᠭᠡ ᠵᠠᠩᠭᠢ ᠶᠢ ᠦᠨᠳᠦᠰᠦᠯᠡᠨ ᠳᠠᠩᠰᠠ ᠲᠡᠮᠲᠡᠭᠯᠡᠬᠦ ᠠᠷᠭ᠎ᠠ ᠮᠠᠶ᠋ᠢᠭ ᠢ ᠠᠪᠴᠤ ᠪᠠᠶᠢᠭᠠᠳ᠂ ᠵᠢᠯ ᠪᠦᠷᠢ ᠤᠯᠤᠰ ᠠᠴᠠ ᠨᠢᠬᠡᠳᠦᠯᠳᠡᠢ ᠨᠡᠶᠢᠳᠡᠯᠡᠭᠰᠡᠨ ᠲᠡᠩᠰᠠ ᠲᠡᠮᠳᠡᠭᠯᠡᠬᠦ ᠠᠰᠢᠭ ᠨᠤᠷᠮ᠎ᠠ ᠪᠠᠷ ᠬᠦᠤ ᠪᠤᠳᠤᠵᠦ᠂ ᠠᠵᠢᠯᠳᠠᠨ ᠠᠵᠢᠯ ᠠᠴᠠ ᠪᠠᠨ ᠪᠠᠭᠤᠵᠤ ᠠᠮᠠᠷᠠᠬᠤ ᠪᠤᠶᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠨᠢᠬᠡᠳᠦᠯᠳᠡᠢ ᠲᠦᠯᠦᠪᠯᠡᠬᠦ ᠰᠠᠭᠤᠷᠢ ᠮᠦᠡᠭᠬᠦ ᠶᠢ ᠰᠢᠯᠵᠢᠬᠦᠯᠬᠦ ᠶᠢ ᠬᠦᠢᠴᠡᠳᠬᠡᠬᠦ ᠳᠡᠭᠡᠨ᠂ ᠬᠤᠪᠢ ᠬᠦᠮᠦᠨ ᠤ ᠠᠵᠢᠯ ᠮᠡᠷᠬᠡᠵᠢᠯ ᠤᠨ ᠵᠢᠯ ᠤᠨ ᠲᠤᠯᠤᠬᠰᠠᠨ ᠵᠤᠭᠤᠰ ᠤᠨ ᠲᠠᠩᠰᠠᠨ ᠡᠷᠦᠬᠡ ᠶᠢᠨ ᠬᠠᠳᠠᠭᠠᠯᠠᠮᠵᠢ ᠶᠢᠨ ᠪᠦᠬᠦ ᠲᠤᠭ᠎ᠠ ᠶᠢ ᠠᠳᠠᠯᠢ ᠱᠠᠳᠤᠨ ᠤ ᠡᠳ᠋ ᠤᠨ ᠵᠠᠰᠠᠭ ᠠᠴᠠ ᠰᠢᠯᠵᠢᠬᠦᠯᠦᠨ ᠦᠭᠬᠦᠭᠰᠡᠨ ᠵᠤᠭᠤᠰ ᠢᠶᠠᠷ ᠪᠤᠳᠠᠳᠠᠢ ᠲᠡᠮᠳᠡᠭᠯᠡᠬᠦ ᠬᠡᠷᠡᠭᠳᠡᠢ᠃      ᠬᠤᠪᠢ ᠬᠦᠮᠦᠨ ᠤ ᠲᠤᠰᠢᠶᠠᠬᠰᠠᠨ ᠠᠵᠢᠯ ᠮᠡᠷᠬᠡᠵᠢᠯ ᠤᠨ ᠵᠢᠯ ᠤᠨ ᠲᠤᠯᠤᠬᠰᠠᠨ ᠵᠤᠭᠤᠰ ᠤᠨ ᠵᠠᠷᠤᠳᠠᠯ ᠪᠤᠯᠤᠨ ᠡᠳ᠋ ᠤᠨ ᠵᠠᠰᠠᠭ ᠤᠨ ᠪᠤᠰᠤ ᠪᠦᠬᠦ ᠲᠤᠭ᠎ᠠ ᠪᠠᠷ ᠵᠤᠭᠤᠰ ᠬᠠᠨᠭ᠍ᠭᠠᠬᠤ ᠨᠢᠬᠡᠴᠡ ᠶᠢᠨ ᠲᠤᠰᠢᠶᠠᠬᠰᠠᠨ ᠠᠵᠢᠯ ᠮᠡᠷᠬᠡᠵᠢᠯ ᠤᠨ ᠵᠢᠯ ᠤᠨ ᠲᠤᠯᠤᠬᠰᠠᠨ ᠵᠤᠭᠤᠰ ᠤᠨ ᠵᠠᠷᠤᠳᠠᠯ ᠳᠤ ᠪᠤᠳᠠᠳᠤ ᠲᠠᠩᠰᠠ ᠶᠢᠨ ᠬᠤᠷᠠᠮᠳᠤᠭᠤᠯᠤᠯ ᠢ ᠬᠡᠷᠡᠭᠵᠢᠬᠦᠯᠵᠦ᠂ ᠪᠤᠳᠠᠳᠠᠢ ᠠᠰᠢᠭ ᠤᠷᠤᠯᠭ᠎ᠠ ᠶᠤᠰᠤᠭᠠᠷ ᠬᠦᠤ ᠪᠤᠳᠤᠬᠤ ᠬᠡᠷᠡᠭᠳᠡᠢ᠃      ᠳᠦᠴᠢᠨ ᠵᠢᠷᠭᠤᠳᠤᠭᠠᠷ ᠵᠦᠢᠯ  ᠪᠤᠳᠠᠳᠤ ᠲᠠᠩᠰᠠ ᠶᠢᠨ ᠬᠤᠷᠠᠮᠳᠤᠭᠤᠯᠤᠯ ᠤᠨ ᠠᠵᠢᠯ ᠮᠡᠷᠬᠡᠵᠢᠯ ᠤᠨ ᠵᠢᠯ ᠤᠨ ᠲᠤᠯᠤᠬᠰᠠᠨ ᠵᠤᠭᠤᠰ ᠤᠨ ᠰᠠᠭᠤᠷᠢ ᠮᠦᠡᠭᠬᠦ ᠳᠤ ᠤᠯᠤᠰ ᠤᠨ ᠲᠤᠭᠳᠠᠭᠠᠭᠰᠠᠨ ᠪᠡᠯᠡ ᠤᠷᠤᠭᠤᠯᠬᠤ ᠬᠠᠮᠢᠶᠠᠷᠤᠯᠳᠠ ᠶᠢᠨ ᠠᠷᠭ᠎ᠠ ᠶᠤᠰᠤᠭᠠᠷ ᠵᠠᠬ᠎ᠠ ᠲᠡᠯᠬᠡᠬᠦᠷᠴᠢᠯᠡᠭᠰᠡᠨ ᠪᠡᠯᠡ ᠤᠷᠤᠭᠤᠯᠵᠦ ᠡᠵᠡᠩᠨᠡᠬᠦ ᠶᠢ ᠬᠡᠷᠡᠭᠵᠢᠬᠦᠯᠬᠦ ᠬᠡᠷᠡᠭᠳᠡᠢ᠃      ᠳᠦᠴᠢᠨ ᠲᠤᠯᠤᠳᠤᠭᠠᠷ ᠵᠦᠢᠯ   ᠲᠠᠭᠠᠳᠬᠠᠯ ᠳᠤ ᠤᠷᠤᠯᠴᠠᠭᠰᠠᠳ ᠠᠵᠢᠯ ᠠᠴᠠ ᠪᠠᠨ ᠪᠠᠭᠤᠵᠤ ᠠᠮᠠᠷᠠᠬᠰᠠᠨ ᠤ ᠲᠠᠷᠠᠭ᠎ᠠ᠂ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠠᠵᠢᠯ ᠮᠡᠷᠬᠡᠵᠢᠯ ᠤᠨ ᠵᠢᠯ ᠤᠨ ᠲᠤᠯᠤᠬᠰᠠᠨ ᠵᠤᠭᠤᠰ ᠤᠨ ᠠᠷᠭ᠎ᠠ︾ ᠶᠢᠨ ᠲᠤᠭᠳᠠᠭᠠᠯ ᠶᠤᠰᠤᠭᠠᠷ ᠵᠤᠬᠢᠬᠤ ᠠᠵᠢᠯ ᠮᠡᠷᠬᠡᠵᠢᠯ ᠤᠨ ᠵᠢᠯ ᠤᠨ ᠲᠤᠯᠤᠬᠰᠠᠨ ᠵᠤᠭᠤᠰ ᠤᠨ ᠤᠯᠭᠤᠮᠵᠢ ᠪᠠᠨ ᠠᠪᠬᠤ ᠬᠡᠷᠡᠭᠳᠡᠢ᠃                        ᠠᠷᠪᠠᠳᠤᠭᠠᠷ ᠪᠦᠯᠦᠭ  ᠨᠠᠰᠤᠵᠢᠯ ᠤᠨ ᠠᠰᠠᠷᠠᠮᠵᠢ ᠶᠢᠨ ᠲᠠᠭᠠᠳᠬᠠᠯ                                ᠤᠨ ᠭᠠᠷᠳᠠᠨ ᠬᠦᠢᠴᠡᠳᠬᠡᠬᠦ ᠦᠢᠯᠡᠴᠢᠯᠡᠭᠡ           ᠳᠦᠴᠢᠨ ᠨᠠᠢᠮᠠᠳᠤᠭᠠᠷ ᠵᠦᠢᠯ  ᠡᠯ᠎ᠠ ᠱᠠᠳᠤᠨ ᠤ ᠨᠡᠶᠢᠬᠡᠮ ᠤᠨ ᠲᠠᠭᠠᠳᠬᠠᠯ ᠤᠨ ᠭᠠᠷᠳᠠᠨ ᠬᠦᠢᠴᠡᠳᠬᠡᠬᠦ ᠪᠠᠶᠢᠭᠤᠯᠤᠮᠵᠢ ᠨᠢ ᠦᠪᠡᠷᠳᠡᠬᠡᠨ ᠵᠠᠰᠠᠬᠤ ᠤᠷᠤᠨ ᠤ ᠨᠢᠬᠡᠳᠦᠯᠳᠡᠢ ᠲᠤᠭᠳᠠᠭᠠᠭᠰᠠᠨ ᠲᠤᠬᠠᠢᠢᠯᠠᠬᠰᠠᠨ ᠠᠵᠢᠯ ᠤᠨ ᠭᠠᠷᠳᠠᠨ ᠬᠦᠢᠴᠡᠳᠬᠡᠬᠦ ᠲᠦᠷᠢᠮ ᠵᠢᠷᠤᠮ ᠪᠤᠯᠤᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠰᠢᠰᠲ᠋ᠧᠮ ᠤᠨ ᠭᠠᠷᠳᠠᠨ ᠬᠦᠢᠴᠡᠳᠬᠡᠬᠦ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠤᠬᠠᠢᠢᠯᠠᠭᠰᠠᠨ ᠠᠵᠢᠯ ᠶᠤᠰᠤᠭᠠᠷ᠂ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠭᠠᠷᠳᠠᠨ ᠬᠦᠢᠴᠡᠳᠬᠡᠬᠦ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃       ᠲᠦᠴᠢ ᠶᠢᠰᠦᠳᠦᠬᠡᠷ ᠵᠦᠢᠯ    ᠵᠢᠷᠤᠮᠵᠢᠭᠤᠯᠬᠤ᠂ ᠮᠡᠳᠡᠭᠡ ᠵᠠᠩᠬᠢᠵᠢᠭᠤᠯᠬᠤ ᠪᠠ ᠲᠤᠰᠬᠠᠢᠢᠵᠢᠭᠤᠯᠬᠤ ᠬᠠᠮᠢᠶᠠᠷᠤᠯᠳᠠ ᠶᠢᠨ ᠱᠠᠭᠠᠷᠳᠠᠯᠭ᠎ᠠ ᠶᠤᠰᠤᠭᠠᠷ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠦᠪᠡᠷᠳᠡᠬᠡᠨ ᠵᠠᠰᠠᠬᠤ ᠤᠷᠤᠨ ᠤ ᠱᠠᠳᠤ ᠠᠴᠠ ᠲᠦᠪᠯᠡᠷᠡᠬᠦᠯᠦᠨ ᠬᠠᠮᠢᠶᠠᠷᠬᠤ ᠬᠡᠷᠡᠭᠳᠡᠢ᠃       ᠲᠠᠪᠢᠳᠤᠭᠠᠷ ᠵᠦᠢᠯ   ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠦᠡᠭᠬᠦ ᠶᠢ ᠨᠡᠶᠢᠬᠡᠮ ᠤᠨ ᠲᠠᠭᠠᠳᠬᠠᠯ ᠤᠨ ᠭᠠᠷᠳᠠᠨ ᠬᠦᠢᠴᠡᠳᠬᠡᠬᠦ ᠪᠠᠶᠢᠭᠤᠯᠤᠮᠵᠢ ᠠᠴᠠ ᠨᠡᠶᠢᠬᠡᠮ ᠤᠨ ᠲᠠᠭᠠᠳᠬᠠᠯ ᠤᠨ ᠺᠠᠷᠲ ᠢᠶᠠᠷ ᠲᠠᠮᠵᠢᠭᠤᠯᠵᠦ ᠤᠯᠭᠤᠬᠤ ᠬᠡᠷᠡᠭᠳᠡᠢ᠃ ᠬᠠᠮᠢᠶᠠᠷᠤᠯᠳᠠ ᠦᠢᠯᠡᠴᠢᠯᠡᠭᠡ ᠶᠢᠨ ᠬᠢᠷᠢ ᠬᠡᠮᠵᠢᠶ᠎ᠠ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠦᠭᠰᠡᠨ ᠰᠠᠭᠤᠷᠢᠨ ᠲᠡᠬᠡᠷ᠎ᠠ᠂ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠤᠨ ᠬᠠᠮᠢᠶᠠᠷᠤᠯᠳᠠ ᠦᠢᠯᠡᠴᠢᠯᠡᠭᠡ ᠶᠢᠨ ᠨᠡᠶᠢᠬᠡᠮᠴᠢᠯᠠᠯᠳᠠ ᠶᠢ ᠪᠡᠶᠡᠯᠡᠬᠦᠯᠬᠦ ᠬᠡᠷᠡᠭᠳᠡᠢ᠃       ᠲᠠᠪᠢᠨ ᠨᠢᠬᠡᠳᠦᠬᠡᠷ ᠵᠦᠢᠯ   ᠡᠯ᠎ᠠ ᠭᠠᠵᠠᠷ ᠤᠷᠤᠨ ᠨᠤᠭᠤᠳ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ ᠤᠨ ᠦᠬᠡᠷᠡᠴᠢᠯᠠᠯᠳᠠ ᠶᠢᠨ ᠬᠡᠷᠡᠭᠴᠡᠭᠡ ᠶᠢ ᠦᠨᠳᠦᠰᠦᠯᠡᠵᠦ᠂ ᠨᠡᠶᠢᠬᠡᠮ ᠤᠨ ᠲᠠᠭᠠᠳᠬᠠᠯ ᠤᠨ ᠭᠠᠷᠳᠠᠨ ᠬᠦᠢᠴᠡᠳᠬᠡᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠠᠵᠢᠯᠳᠠᠨ ᠢᠶᠠᠨ ᠬᠦᠢᠴᠡᠳ ᠪᠤᠯᠭᠠᠵᠦ᠂ ᠴᠢᠬᠤᠯᠠᠳᠠᠢ ᠵᠠᠷᠤᠳᠠᠯ ᠪᠤᠯᠤᠨ ᠦᠢᠯᠡᠴᠢᠯᠡᠬᠡᠨ ᠤ ᠪᠡᠯᠡᠳᠬᠡᠮᠵᠢ ᠶᠢ ᠬᠠᠨᠭ᠍ᠭᠠᠬᠤ ᠬᠡᠷᠡᠭᠳᠡᠢ︔ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠬᠡᠮ ᠲᠤᠭᠤᠷᠢᠭ ᠤᠨ ᠬᠦᠮᠦᠨ ᠤ ᠬᠦᠮᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠠᠵᠢᠯ ᠤᠨ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠦ᠂ ᠨᠠᠰᠤᠳᠠᠶᠢᠴᠤᠳ ᠤᠨ ᠦᠢᠯᠡᠴᠢᠯᠡᠬᠡᠨ ᠤ ᠪᠠᠯᠡᠳᠬᠡᠮᠵᠢ ᠪᠤᠯᠤᠨ ᠦᠢᠯᠡᠴᠢᠯᠡᠬᠡᠨ ᠤ ᠲᠤᠤᠷ ᠰᠦᠯᠵᠢᠶ᠎ᠠ ᠶᠢᠨ ᠪᠠᠶᠢᠭᠤᠯᠤᠯᠳᠠ ᠶᠢ ᠲᠦᠷᠬᠡᠳᠬᠡᠨ᠂ ᠠᠵᠢᠯ ᠠᠴᠠ ᠪᠠᠨ ᠪᠠᠭᠤᠵᠦ ᠠᠮᠠᠷᠠᠬᠰᠠᠨ ᠬᠦᠮᠦᠰ ᠲᠤ ᠲᠦᠬᠦᠮ ᠪᠦᠬᠡᠳ ᠲᠦᠷᠬᠡᠨ ᠦᠢᠯᠡᠴᠢᠯᠡᠭᠡ ᠶᠢ ᠬᠠᠨᠭ᠍ᠭᠠᠬᠤ ᠬᠡᠷᠡᠭᠳᠡᠢ᠃                        ᠠᠷᠪᠠᠨ ᠨᠢᠬᠡᠳᠦᠬᠡᠷ ᠪᠦᠯᠦᠭ  ᠲᠠᠭᠠᠯᠳᠤᠭᠤᠯᠤᠯ ᠲᠦᠷᠢᠮ            ᠲᠠᠪᠢᠨ ᠬᠤᠶᠠᠳᠤᠭᠠᠷ ᠵᠦᠢᠯ   ᠲᠤᠰ ᠠᠷᠭ᠎ᠠ ᠶᠢ 2014 ᠤᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ᠃      ᠲᠠᠭᠠᠯᠳᠤᠭᠤᠯᠤᠯ᠄      1. ᠬᠤᠪᠢ ᠬᠦᠮᠦᠨ ᠤ ᠲᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠦᠡᠭᠬᠦ ᠶᠢ ᠪᠤᠳᠤᠵᠦ ᠤᠯᠭᠤᠬᠤ ᠰᠠᠷ᠎ᠠ ᠶᠢᠨ ᠲᠤᠭ᠎ᠠ ᠶᠢᠨ ᠬᠦᠰᠦᠨᠦᠭᠳᠤ      2. ᠵᠠᠷᠤᠳᠠᠯ ᠲᠤᠰᠢᠶᠠᠭᠰᠠᠨ ᠢᠶᠠᠷ ᠦᠵᠡᠭᠰᠡᠨ ᠢᠯᠡᠳᠬᠡᠭᠴᠢ ᠶᠢᠨ ᠬᠦᠰᠦᠨᠦᠭᠳᠤ
                                        ︵ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号