ᠪᠥᠬᠦ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠥᠭᠵᠢᠯᠲᠡ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/5/20
     ᠪᠥᠬᠦ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠥᠭᠵᠢᠯᠲᠡ ᠶᠢᠨ ᠠᠵᠢᠯ ᠤᠨ ᠬᠤᠷᠠᠯ ᠬᠤᠷᠠᠯᠳᠤᠪᠠ      5 ᠳ᠋ᠤᠭᠠᠷ ᠰᠠᠷ᠎ᠠ ᠶᠢᠨ 13᠎ ᠤ ᠡᠳᠦᠷ᠂ ᠪᠥᠬᠦ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠬᠥᠭᠵᠢᠭᠦᠯᠬᠦ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠤ ︽12.5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠭᠡᠷ ᠪᠦᠯᠢ ᠶᠢᠨ ᠬᠥᠭᠵᠢᠯᠲᠡ ᠶᠢᠨ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠭᠡᠷ ᠪᠦᠯᠢ ᠶᠢᠨ ᠬᠥᠭᠵᠢᠯᠲᠡ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠶ ᠵᠠᠳᠠᠯᠪᠠ᠃ ᠪᠦᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ 2016 ᠣᠨ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ ᠹᠦ᠋ ᠷᠦᠢ ᠹᠧᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃      ᠳᠡᠳ᠋ ᠡᠷᠬᠢᠯᠡᠭᠴᠢ ᠹᠦ᠋ ᠷᠦᠢ ᠹᠧᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠣᠷᠣᠨ ᠤ ᠭᠡᠷ ᠪᠦᠯᠢ ᠶᠢᠨ ᠬᠥᠭᠵᠢᠯᠲᠡ ᠶᠢᠨ ᠠᠵᠢᠯ ᠤᠨ ᠦᠢᠯᠡᠳᠦᠯᠭᠡ ᠨᠢ ᠲᠥᠯᠥᠪᠯᠡᠭᠡᠲᠦ ᠦᠷᠡᠵᠢᠯ ᠤᠨ ᠠᠵᠢᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠪᠠᠲᠤ ᠪᠠᠬᠢ ᠰᠠᠭᠤᠷᠢ ᠲᠠᠯᠪᠢᠪᠠ᠄ ᠨᠢᠭᠡ ᠳᠤ ᠴᠢᠳᠠᠪᠤᠷᠢ ᠶᠢᠨ ᠪᠠᠶᠢᠭᠤᠯᠤᠯᠲᠠ ᠪᠠᠷ ᠭᠤᠣᠯᠯᠠᠭᠤᠯᠤᠭᠰᠠᠨ ︽ᠰᠢᠨ᠎ᠡ ᠭᠡᠷ ᠪᠦᠯᠢ ᠶᠢᠨ ᠲᠥᠯᠥᠪᠯᠡᠭᠡ︾᠎ ᠨᠢ ᠮᠠᠨ ᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠥᠷᠥᠯ ᠲᠡᠮᠳᠡᠭᠲᠦ ᠪᠣᠯᠪᠠ︔ ᠬᠤᠶᠠᠷ ᠲᠤ ᠡᠷᠡᠭᠦᠯ ᠮᠡᠨᠳᠦ ᠪᠠᠷ ᠰᠢᠪᠲᠤᠯᠤᠯᠲᠠ ᠶᠢᠨ ᠴᠢᠬ ᠪᠣᠯᠭᠠᠨ᠂ ᠭᠤᠣᠯ ᠰᠡᠳᠦᠪ ᠨᠢᠭᠡᠳᠦᠯᠲᠡᠶ᠂ ᠤᠯᠠᠨ ᠶᠠᠩᠵᠤ ᠶᠢᠨ ᠬᠡᠯᠪᠡᠷᠢ ᠲᠠᠢ ︽ᠤᠮᠠᠷᠠᠲᠤ ᠬᠢᠯᠢ ᠶᠢᠨ ᠵᠣᠯ ᠵᠢᠷᠭᠠᠯᠲᠤ ᠭᠡᠷ ᠪᠦᠯᠢ︾᠎ ᠶᠢ ᠡᠭᠦᠳᠦᠨ ᠪᠠᠶᠢᠭᠤᠯᠬᠤ ᠪᠠᠷ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠠᠭᠤᠰᠤᠯᠴᠠᠨ ᠬᠥᠭᠵᠢᠬᠦ ᠲᠠᠪᠴᠠᠩ ᠢ ᠪᠠᠶᠢᠭᠤᠯᠪᠠ︔ ᠭᠤᠷᠪᠠ ᠳᠤ ᠭᠡᠷ ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠰᠢᠨ᠎ᠡ ᠬᠠᠶᠢᠨ ᠰᠥᠪᠡᠭᠴᠢᠯᠡᠯᠲᠡ ᠲᠠᠢ ᠪᠣᠯᠪᠠ︔ ᠲᠦᠷᠪᠡ ᠳᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠪᠠ ᠡᠮᠴᠢᠯᠡᠭᠡ ᠰᠤᠪᠢᠯᠠᠯᠲᠠ ᠶᠢᠨ ᠤᠶᠠᠯᠳᠤᠭᠤᠯᠤᠯ ᠨᠢ ᠥᠷᠭᠡᠨ ᠳᠡᠯᠭᠡᠷ ᠬᠦᠷᠢᠶᠡᠯᠡᠯ ᠢ ᠣᠯᠪᠠ︔ ᠲᠠᠪᠤ ᠳᠤ ︽ᠭᠤᠷᠪᠠᠨ ᠵᠦᠢᠯ ᠤᠨ ᠳᠦᠷᠢᠮ︾ ᠪᠠ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠲᠡᠳᠬᠦᠨ ᠲᠤᠰᠠᠯᠠᠬᠤ ᠬᠠᠯᠠᠮᠵᠢᠯᠠᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ︔ ᠵᠢᠷᠭᠤᠭ᠎ᠠ ᠳᠤ᠂ ᠲᠥᠷᠥᠬᠦ ᠬᠥᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠯᠠᠪᠳᠠᠭᠤᠨ ᠢᠶᠠᠷ ᠪᠠᠭᠤᠷᠠᠪᠠ᠃      ᠳᠡᠳ᠋ ᠡᠷᠬᠢᠯᠡᠭᠴᠢ ᠹᠦ᠋ ᠷᠦᠢ ᠹᠧᠩ ᠴᠢᠬᠤᠯᠠᠴᠢᠯᠠᠭᠰᠠᠨ ᠨᠢ᠂ 2016 ᠣᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠳᠤ ᠠᠰᠢᠭᠲᠠᠢ ᠬᠥᠭᠵᠢᠯᠲᠡ ᠳᠡᠮᠵᠢᠯᠲᠡ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠤᠨ ᠲᠤᠬᠠᠶ ᠶᠢᠨ ᠲᠠᠯᠠᠪᠠᠢ ᠳᠤ 7 ᠠᠶᠢᠮᠠᠭ ᠬᠤᠲᠠ ᠠᠵᠢᠯ ᠤᠨ ᠲᠤᠷᠰᠢᠯᠭ᠎ᠠ ᠪᠠᠨ ᠰᠣᠯᠢᠯᠴᠠᠪᠠ᠃ ᠬᠤᠷᠠᠯ ᠤᠨ ᠲᠥᠯᠥᠭᠡᠯᠡᠭᠴᠢᠳ ᠪᠠᠰᠠ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠡᠷ ᠪᠦᠯᠢ ᠶᠢᠨ ᠬᠥᠭᠵᠢᠯᠲᠡ ᠶᠢᠨ ᠲᠥᠷᠥᠯ ᠵᠦᠢᠯ ᠤᠨ ᠴᠢᠭ᠋ ᠢ ᠲᠣᠭᠤᠷᠢᠨ ᠦᠵᠡᠵᠦ ᠪᠠᠶᠢᠴᠠᠭᠠᠪᠠ᠃ ᠡᠯ᠎ᠡ ᠠᠶᠢᠮᠠᠭ ᠬᠤᠳᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ᠂ ᠵᠥᠪᠯᠡᠯ ᠤᠨ ᠰᠢᠭᠤᠳ ᠬᠠᠷᠢᠶ᠎ᠠ ᠨᠢᠭᠡᠴᠡ᠂ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ ᠤᠨ ᠬᠠᠮᠢᠶ᠎ᠠ ᠪᠥᠬᠦᠢ ᠭᠠᠵᠠᠷ ᠭᠡᠷ ᠤᠨ ᠨᠡᠶᠢᠲᠡ130 ᠭᠠᠷᠤᠢ ᠬᠥᠮᠥᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号