ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽5.20 ᠳᠡᠯᠡᠬᠡᠶ ᠶᠢᠨ ᠬᠡᠮᠵᠢᠯᠲᠡ ᠶᠢᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2016/5/20
     17 ᠳ᠋ᠤᠭᠠᠷ ᠣᠳᠠᠭᠠᠨ ᠤ ︽ᠳᠡᠯᠡᠬᠡᠶ ᠶᠢᠨ ᠬᠡᠮᠵᠢᠯᠲᠡ ᠶᠢᠨ ᠡᠳᠦᠷ︾ ᠬᠦᠷᠴᠦ ᠢᠷᠡᠬᠦ ᠶᠢ ᠤᠭᠲᠤᠬᠤ ᠲᠠᠰᠢᠷᠠᠮ ᠳᠤ᠂ 2016 ᠣᠨ ᠤ 5 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠳᠠᠭᠠᠭᠠᠨ ᠡᠷᠭᠢᠯᠡᠭᠰᠡᠨ ︽5.20 ᠳᠡᠯᠡᠬᠡᠶ ᠶᠢᠨ ᠬᠡᠮᠵᠢᠯᠲᠡ ᠶᠢᠨ ᠡᠳᠦᠷ︾᠎ ᠢᠶᠠᠷ ᠰᠡᠳᠦᠪᠯᠡᠭᠰᠡᠨ ᠤᠬᠠᠭᠤᠯᠭ᠎ᠠ ᠶᠢᠨ ᠠᠵᠢᠯᠯᠠᠭ᠎ᠠ ᠶᠢ ᠬᠥᠬᠡᠬᠤᠲᠠ ᠶᠢᠨ ᠸᠢᠺᠲ᠋ᠣᠷᠢᠶ ᠬᠡᠯᠬᠢᠶ᠎ᠡ ᠳᠡᠯᠭᠡᠭᠦᠷ ᠤᠨ ᠵᠢᠨᠴᠤᠸᠠᠨ ᠳᠡᠯᠭᠡᠭᠦᠷ ᠤᠨ ᠡᠮᠦᠨᠡᠬᠢ ᠲᠠᠯᠠᠪᠠᠶ ᠳᠤ ᠬᠢᠪᠡ᠃      ᠤᠯᠤᠰ ᠤᠨ ᠦᠢᠯᠡᠳᠬᠦᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠶᠡᠷᠦᠩᠬᠡᠶ ᠲᠣᠪᠴᠢᠶ᠎ᠠ ᠎ ᠶᠢᠨ ︽ᠬᠡᠮᠵᠢᠯᠲᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠦᠨᠡᠨᠴᠢ ᠢᠲᠡᠭᠡᠮᠵᠢ ᠪᠠᠷ᠂ ᠡᠶ᠎ᠡ ᠵᠣᠬᠢᠴᠠᠯ ᠢ ᠠᠬᠢᠭᠤᠯᠤᠶ᠎ᠠ︾ ᠭᠡᠰᠡᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠡᠨᠡ ᠵᠢᠯ ᠤᠨ ︽5.20 ᠳᠡᠯᠡᠬᠡᠶ ᠶᠢᠨ ᠬᠡᠮᠵᠢᠯᠲᠡ ᠶᠢᠨ ᠡᠳᠦᠷ︾᠎ ᠢᠶᠠᠷ ᠰᠡᠳᠦᠪᠯᠡᠭᠰᠡᠨ ᠤᠬᠠᠭᠤᠯᠭ᠎ᠠ ᠶᠢᠨ ᠠᠵᠢᠯᠯᠠᠭ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠥᠬᠡᠬᠤᠲᠠ ᠶᠢᠨ ᠸᠢᠺᠲ᠋ᠣᠷᠢᠶ ᠪᠦᠯᠦᠭᠯᠡᠯ ᠤᠨ 14 ᠬᠡᠯᠬᠢᠶ᠎ᠡ ᠳᠡᠯᠭᠡᠭᠦᠷ᠂ ᠤᠯᠠᠭᠠᠨᠴᠠᠪ ᠬᠤᠲᠠ ᠶᠢᠨ 20 ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ ᠭᠤᠣᠯᠴᠢ ᠵᠢᠩᠯᠡᠭᠦᠷ ᠲᠣᠬᠢᠷᠠᠭᠤᠯᠵᠤ ᠲᠥᠯᠥᠪᠦᠷᠢ ᠦᠭᠡᠢ ᠬᠡᠷᠡᠭᠯᠡᠬᠦ ᠲᠤᠷᠰᠢᠯᠲᠠ ᠶᠢᠨ ᠠᠵᠢᠯ ᠢ ᠥᠷᠨᠢᠭᠦᠯᠪᠡ᠃  ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠣᠷᠣᠨ ᠤ ᠬᠥᠳᠡᠭᠡ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠳᠦ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠠᠵᠢᠯ ᠲᠦᠷᠦᠯ ᠵᠢᠩ ᠳᠤᠲᠠᠭᠤᠯᠵᠤ᠂ ᠡᠯᠧᠺᠲᠷᠣᠨ ᠵᠢᠩᠯᠡᠭᠦᠷ ᠤᠨ ᠬᠡᠮᠵᠢᠯᠲᠡ ᠶᠢᠨ ᠣᠨᠣᠪᠴᠢᠲᠤ ᠬᠡᠮᠵᠢᠶ᠎ᠡ ᠶᠢ ᠡᠪᠳᠡᠵᠦ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠡᠷᠡᠭ ᠪᠠᠶᠢᠨ ᠪᠠᠶᠢᠨ ᠭᠠᠷᠴᠤ ᠪᠠᠶᠢᠨ᠎ᠠ᠃ ᠵᠥᠪᠬᠡᠨ 2015 ᠣᠨ ᠳᠤ ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ 12365 ᠢᠯᠡᠴᠢᠯᠡᠨ ᠮᠡᠳᠡᠭᠦᠯᠬᠦ ᠲᠠᠪᠴᠠᠩ ᠨᠡᠶᠢᠲᠡ 200 ᠤᠳᠠᠭᠠᠨ ᠤ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠠᠢ᠃ ᠵᠠᠭᠠᠯᠳᠤᠯᠭ᠎ᠠ ᠶᠢᠨ ᠭᠤᠣᠯ ᠠᠭᠤᠯᠭ᠎ᠠ ᠨᠢ ᠭᠤᠣᠯᠳᠠᠭᠤ᠄ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠬᠡᠮᠵᠢᠯᠲᠡ ᠨᠢ ᠣᠨᠣᠪᠴᠢ ᠦᠭᠡᠢ᠂ ᠬᠡᠮ ᠲᠠᠢ ᠵᠢᠩᠯᠡᠭᠦᠷ ᠬᠡᠷᠡᠭᠯᠡᠬᠦ᠂ ᠵᠢᠩᠯᠡᠭᠦᠷ ᠤᠨ ᠢᠯᠡᠷᠬᠡᠶᠢᠯᠡᠯᠲᠡ ᠨᠢ ᠪᠦᠷᠢᠨ ᠪᠣᠰᠤ᠂ ᠵᠠᠬ᠎ᠠ ᠳᠡᠯᠭᠡᠭᠦᠷ ᠲᠤ ᠭᠤᠣᠯᠴᠢ ᠵᠢᠩᠯᠡᠭᠦᠷ ᠲᠣᠬᠢᠷᠠᠭᠤᠯᠤᠭᠰᠠᠨ ᠦᠭᠡᠢ ᠵᠡᠷᠭᠡ ᠪᠣᠯᠤᠨ᠎ᠠ᠃ ᠡᠨᠡ ᠤᠳᠠᠭᠠᠨ ᠤ ︽ᠭᠤᠣᠯᠴᠢ ᠵᠢᠩᠯᠡᠭᠦᠷ︾᠎ ᠢ ᠨᠢᠭᠡᠳᠦᠯᠲᠡᠶ ᠲᠣᠬᠢᠷᠠᠭᠤᠯᠤᠭᠰᠠᠨ ᠨᠢ᠂ ᠬᠡᠷᠡᠭᠯᠡᠭᠴᠢᠳ ᠤᠨ ᠲᠤᠬᠠᠶ ᠶᠢᠨ ᠭᠠᠵᠠᠷ ᠲᠤᠨᠢ ᠲᠡᠬᠢᠨ ᠬᠢᠨᠠᠬᠤ ᠳᠤ ᠳᠦᠭᠦᠮ ᠪᠣᠯᠭᠠᠬᠤ ᠶᠢᠨ ᠲᠤᠰᠠᠳᠠ᠂ ᠬᠠᠤᠯᠢ ᠪᠤᠰᠤ ᠰᠠᠷᠢᠭᠠᠴᠢᠤᠨ ᠲᠤ ᠢᠯᠡ ᠪᠤᠰᠤ ᠰᠦᠷᠳᠡᠭᠦᠯᠦᠯ ᠦᠵᠡᠭᠦᠯᠵᠦ᠂ ᠡᠭᠦᠨ ᠤ ᠤᠯᠠᠮ ᠠᠴᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠡᠳᠦ ᠳᠡᠯᠭᠡᠭᠦᠷ᠂ ᠬᠥᠳᠡᠭᠡ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠠᠵᠢᠯ ᠲᠥᠷᠥᠯ ᠳᠤ ᠠᠵᠢᠯᠯᠠᠵᠤ ᠪᠠᠶᠢᠭ᠎ᠠ ᠬᠥᠮᠦᠰ ᠤᠨ ᠦᠨᠡᠨᠴᠢ ᠢᠲᠡᠭᠡᠮᠵᠢᠲᠡᠶ ᠬᠡᠮᠵᠢᠯᠲᠡ ᠶᠢᠨ ᠦᠵᠡᠯ ᠤᠬᠠᠮᠰᠠᠷ ᠢ ᠴᠢᠩᠭᠠᠳᠬᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号