| | ᠲᠥᠪ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠥᠳᠡᠭᠡ ᠲᠣᠰᠬᠤᠨ ᠤ ᠨᠡᠶᠢᠭᠡᠮ ᠤᠨ ᠲᠣᠭᠤᠷᠢᠭ ᠤᠨ | ᠪᠦᠳᠦᠭᠡᠨ ᠪᠠᠶᠢᠭᠤᠯᠤᠯᠲᠠ ᠶᠢ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠬᠤ ᠶᠢᠨ ᠲᠤᠰᠠᠳᠠ᠂ ᠠᠷᠠᠳ ᠤᠨ | ᠶᠠᠪᠤᠳᠠᠯ ᠤᠨ ᠶᠠᠮᠤᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠪᠣᠯᠤᠨ ᠨᠡᠶᠢᠭᠡᠮ ᠤᠨ ᠲᠣᠭᠤᠷᠢᠭ ᠤᠨ ᠵᠤᠷᠭᠠᠨ | ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠤᠨ ᠮᠠᠨ ᠤ ᠣᠷᠣᠨ ᠳᠤ ᠢᠷᠡᠵᠦ ᠬᠤᠳᠠ ᠬᠥᠳᠡᠭᠡ ᠶᠢᠨ ᠠᠭᠤᠯᠵᠠᠷ | ᠬᠡᠰᠡᠭ ᠤᠨ ᠬᠥᠳᠡᠭᠡ ᠲᠣᠰᠬᠤᠨ ᠤ ᠨᠡᠶᠢᠭᠡᠮ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠤᠰᠬᠠᠶ | ᠰᠡᠳᠦᠪ ᠢᠶᠠᠷ ᠪᠠᠶᠢᠴᠠᠭᠠᠨ ᠰᠤᠳᠤᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠵᠢᠷᠭᠤᠭᠠᠨ ᠬᠥᠮᠦᠨ ᠢᠶᠠᠷ | ᠪᠦᠷᠢᠯᠳᠦᠵᠦ᠂ ᠬᠥᠳᠡᠭᠡ ᠲᠣᠰᠬᠤᠨ ᠤ ᠨᠡᠶᠢᠭᠡᠮ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ︵ᠶᠡᠷᠦᠩᠬᠡᠶᠢᠯᠡᠭᠰᠡᠨ | ︶ ᠶᠢᠨ ᠭᠠᠵᠠᠷ ᠤᠨ ᠳᠠᠷᠤᠭ᠎ᠠ ᠭᠤᠣ ᠬᠤᠩ ᠱᠠᠨ ᠤ ᠳᠠᠭᠠᠭᠤᠯᠭ᠎ᠠ ᠪᠠᠷ᠂ ᠤᠷᠢᠳ ᠬᠤᠵᠢᠳ ᠪᠤᠭᠤᠲᠤ ᠬᠤᠲᠠ ᠶᠢᠨ | ᠬᠦᠨᠳᠡᠯᠡᠨ ᠲᠣᠭᠤᠷᠢᠭ ᠤᠨ ᠬᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠷᠭᠠᠯ ᠤᠨ ᠳᠠᠪᠠᠭ᠎ᠠ | ᠲᠣᠰᠬᠤᠨ᠂ ᠪᠤᠭᠤᠲᠤ ᠬᠤᠲᠠ ᠶᠢᠨ ᠴᠢᠩ ᠱᠠᠨ ᠲᠣᠭᠤᠷᠢᠭ ᠤᠨ ᠴᠢᠩ ᠹᠦ᠋ ᠪᠠᠯᠭᠠᠰᠤ ᠶᠢᠨ ᠵᠤᠤ ᠵᠢᠶᠠ ᠳ᠋ᠢᠶᠠᠨ | ᠲᠣᠰᠬᠤᠨ᠂ ᠡᠯ ᠬᠠᠶ ᠬᠤᠤ ᠲᠣᠰᠬᠤᠨ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ 6 ᠬᠥᠳᠡᠭᠡ | ᠲᠣᠰᠬᠤᠨ ᠤ ᠨᠡᠶᠢᠭᠡᠮ ᠲᠣᠭᠤᠷᠢᠭ᠂ ᠯᠢᠨᠾᠧ ᠲᠣᠭᠤᠷᠢᠭ ᠤᠨ 3 ᠬᠥᠳᠡᠭᠡ ᠲᠣᠰᠬᠤᠨ ᠤ ᠨᠡᠶᠢᠭᠡᠮ ᠲᠣᠭᠤᠷᠢᠭ ᠲᠤ | ᠬᠦᠷᠴᠦ ᠰᠤᠷᠪᠤᠯᠵᠢᠯᠠᠨ ᠪᠠᠶᠢᠴᠠᠭᠠᠭᠰᠠᠨ ᠪᠥᠭᠡᠳ ᠦᠶᠤᠸᠠᠨ ᠰᠢᠶᠠᠨ ᠳᠤ ᠶᠠᠷᠢᠯᠴᠠᠬᠤ ᠬᠤᠷᠠᠯ ᠬᠢᠪᠡ᠃ ᠪᠠᠶᠢᠴᠠᠭᠠᠨ | ᠰᠤᠳᠤᠯᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠫᠷᠦᠹᠧᠰᠰᠦᠷ ᠨᠡᠷ ᠮᠠᠨ ᠤ ᠣᠷᠣᠨ ᠤ ︽ᠠᠷᠪᠠ ᠶᠢ ᠪᠦᠷᠢᠨ | ᠪᠦᠷᠬᠦᠭᠦᠯᠬᠦ︾ ᠶᠢ ᠲᠦᠯᠬᠢᠨ ᠠᠬᠢᠭᠤᠯᠬᠤ ᠪᠠᠷ ᠲᠠᠮᠵᠢᠨ᠂ ᠬᠥᠳᠡᠭᠡ ᠲᠣᠰᠬᠤᠨ ᠤ ᠰᠢᠨ᠎ᠡ ᠨᠡᠶᠢᠭᠡᠮ ᠤᠨ ᠲᠣᠭᠤᠷᠢᠭ ᠢ | ᠡᠭᠦᠰᠬᠡᠨ ᠪᠠᠶᠢᠭᠤᠯᠤᠭᠰᠠᠨ ᠶᠠᠪᠤᠳᠠᠯ ᠢ ᠶᠡᠬᠡᠳᠡ ᠰᠣᠨᠢᠷᠬᠠᠭᠰᠠᠨ ᠪᠦᠭᠡᠳ ᠮᠠᠨ ᠤ ᠣᠷᠣᠨ ᠤ ᠤᠢᠢᠷ᠎ᠠ ᠶᠢᠨ ᠬᠡᠳᠦᠨ | ᠵᠢᠯ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠪᠦᠳᠦᠭᠡᠨ | ᠪᠠᠶᠢᠭᠤᠯᠤᠯᠲᠠ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃ | ᠠᠷᠠᠳ ᠤᠨ ᠶᠠᠪᠤᠳᠠᠯ ᠤᠨ ᠲᠢᠩᠬᠢᠮ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠪᠣᠯᠤᠨ ᠨᠡᠶᠢᠭᠡᠮ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠭᠠᠵᠠᠷ ᠤᠨ ᠬᠠᠮᠢᠶ᠎ᠠ ᠪᠦᠬᠦᠢ ᠬᠥᠮᠦᠰ ᠪᠠᠷ᠎ᠠ ᠪᠣᠯᠤᠨ ᠪᠠᠶᠢᠴᠠᠭᠠᠨ | ᠰᠤᠳᠤᠯᠤᠯᠲᠠ ᠬᠢᠪᠡ᠃ |