ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠪᠡᠶ᠎ᠡ ᠶᠢᠨ ᠲᠠᠮᠢᠷ ᠤᠨ ᠲᠥᠷᠥᠯ ᠲᠡᠮᠳᠡᠭᠲᠦ ᠶᠢᠨ ᠤᠷᠤᠯᠳᠤᠭᠠᠨ ᠤ ᠡᠵᠡᠩᠨᠡᠯᠲᠡ ᠶᠢᠨ ᠺᠣᠮᠫᠠᠨᠢ ᠲᠠᠢ ᠬᠠᠮᠲᠤᠷᠠᠨ ᠥᠪᠥᠷ ᠮᠣᠩᠭᠤᠯ ᠤᠨ ᠬᠦᠯ ᠪᠥᠮᠪᠦᠭᠡ ᠶᠢᠨ ᠰᠤᠶᠤᠯ ᠢ ᠡᠭᠦᠳᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/5/20
     5 ᠳ᠋ᠤᠭᠠᠷ ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ᠂ ᠥᠪᠥᠷ ᠮᠣᠩᠭᠤᠯ ᠤᠨ ᠬᠥᠯ ᠪᠥᠮᠪᠥᠭᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠭᠦᠢᠴᠡᠳᠬᠡᠬᠦ ᠨᠠᠷᠢᠨ ᠪᠢᠴᠢᠭ ᠤᠨ ᠳᠠᠷᠤᠭ᠎ᠠ ᠦ᠋ ᠭᠠᠩ ᠪᠡᠭᠡᠵᠢᠩ ᠳᠤ ᠬᠦᠷᠴᠦ ᠨᠡᠷᠡᠲᠡᠢ ᠪᠡᠶ᠎ᠡ ᠶᠢᠨ ᠲᠠᠮᠢᠷ ᠤᠨ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠠᠮᠲᠤᠷᠠᠨ ᠥᠪᠥᠷ ᠮᠣᠩᠭᠤᠯ ᠤᠨ ᠣᠨᠴᠠᠯᠢᠭ ᠪᠦᠬᠦᠢ ᠬᠥᠯ ᠪᠥᠮᠪᠦᠭᠡ ᠶᠢᠨ ᠰᠣᠶᠣᠯ ᠢ ᠡᠭᠦᠳᠬᠦ ᠲᠤᠬᠠᠢ ᠶᠠᠷᠢᠯᠴᠠᠪᠠ᠃ ᠬᠤᠷᠠᠯ ᠳᠤ᠂ ᠡᠯ᠎ᠡ ᠺᠤᠮᠫᠠᠨᠢ ᠶᠢᠨ ᠬᠠᠷᠢᠭᠤᠴᠠᠯᠭᠠᠲᠠᠨ ᠲᠤᠰ ᠲᠤᠰ ᠤᠨ ᠺᠣᠮᠫᠠᠨᠢ ᠶᠢᠨ ᠳᠠᠪᠠᠭᠤᠯᠢᠭ ᠲᠤ ᠪᠠᠨ ᠰᠠᠭᠤᠷᠢᠯᠠᠨ᠂ ᠪᠦᠲᠦᠭᠡᠯᠴᠢ ᠴᠢᠨᠠᠷᠲᠠᠶ ᠲᠦᠯᠦᠪᠵᠢᠭᠦᠯᠭᠡ ᠪᠣᠯᠤᠨ ᠬᠡᠷᠡᠭᠵᠢᠭᠦᠯᠬᠦ ᠲᠥᠰᠦᠯ ᠶᠢᠨ ᠬᠠᠷᠢᠭᠤ ᠮᠡᠳᠡᠭᠦᠯᠵᠦ᠂ ᠥᠪᠥᠷ ᠮᠣᠩᠭᠤᠯ ᠤᠨ ᠬᠦᠯ ᠪᠥᠮᠪᠦᠭᠡ ᠶᠢᠨ ᠰᠣᠶᠣᠯ ᠤᠨ ᠲᠥᠯᠥᠭᠡ ᠠᠷᠭ᠎ᠠ ᠤᠬᠠᠭᠠᠨ ᠭᠠᠷᠭᠠᠪᠠ᠃      ᠳᠡᠳ᠋ ᠲᠤᠪᠴᠢᠶᠠᠨ ᠳᠠᠷᠤᠭ᠎ᠠ ᠡᠦ ᠭᠠᠩ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠶ ᠰᠤᠨᠤᠰᠤᠭᠠᠳ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠴᠣᠷ ᠤᠨ ᠭᠠᠭᠴᠠ ᠬᠥᠯ ᠪᠥᠮᠪᠦᠭᠡ ᠶᠢᠨ ᠲᠤᠷᠰᠢᠯᠲᠠ ᠶᠢᠨ ᠮᠤᠵᠢ ᠣᠷᠣᠨ ᠪᠤᠯᠬᠤᠷ᠂ ᠥᠪᠥᠷ ᠮᠣᠩᠭᠤᠯ ᠤᠨ ᠣᠨᠴᠠᠯᠢᠭ ᠪᠦᠬᠦᠢ ᠬᠥᠯ ᠪᠥᠮᠪᠦᠭᠡ ᠶᠢᠨ ᠰᠣᠶᠣᠯ ᠢ ᠡᠭᠦᠳᠬᠦ᠂ ᠬᠥᠯ ᠪᠥᠮᠪᠥᠭᠡᠨ ᠤ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠣᠯᠭᠠᠬᠤ ᠪᠣᠯ ᠬᠦᠯ ᠪᠥᠮᠪᠦᠭᠡ ᠶᠢᠨ ᠲᠥᠷᠥᠯ ᠵᠦᠢᠯ ᠢ ᠬᠦᠭᠵᠢᠭᠦᠯᠬᠦ ᠪᠠ ᠳᠡᠯᠭᠡᠷᠡᠭᠦᠯᠬᠦ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠥᠪᠥᠷ ᠮᠣᠩᠭᠤᠯ ᠤᠨ ᠬᠥᠯ ᠪᠥᠮᠪᠥᠭᠡᠨ ᠤ ᠨᠡᠶᠢᠭᠡᠮᠯᠢᠭ ᠳᠤᠷᠠᠲᠠᠶᠢᠶ᠎ᠠ ᠡᠯᠪᠡᠭ ᠪᠠᠶᠠᠯᠢᠭ ᠪᠡᠶ᠎ᠡ ᠶᠢᠨ ᠲᠠᠮᠢᠷ ᠤᠨ ᠳᠦᠷᠦᠯ ᠲᠡᠮᠳᠡᠭᠲᠦ ᠶᠢᠨ ᠤᠷᠤᠯᠳᠤᠭᠠᠨ ᠤ ᠡᠵᠡᠩᠨᠡᠯᠲᠡ ᠪᠠ ᠳᠡᠯᠭᠡᠷᠡᠭᠦᠯᠬᠦ ᠲᠤᠷᠰᠢᠯᠭ᠎ᠠ ᠲᠠᠢ ᠰᠢᠯᠢᠳᠡᠭ ᠺᠣᠮᠫᠠᠨᠢ ᠲᠠᠢ ᠬᠠᠮᠲᠤᠷᠠᠨ ᠠᠵᠢᠯᠯᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠨ᠂ ᠥᠪᠥᠷ ᠮᠣᠩᠭᠤᠯ ᠤᠨ ᠬᠥᠯ ᠪᠥᠮᠪᠦᠭᠡ ᠶᠢᠨ ᠰᠣᠶᠣᠯ ᠢ ᠬᠠᠮᠲᠤ ᠪᠠᠷ ᠡᠭᠦᠳᠦᠵᠡᠭᠡᠶ᠎ᠡ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号