ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠣᠶᠢᠷ᠎ᠠ ᠳᠤ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠪᠠᠶᠠᠨ ᠭᠤᠣᠯ ᠰᠤᠮᠤᠨ ᠤ ᠤᠶᠢᠯᠠᠰᠤᠲᠤ | ᠠᠭᠤᠷᠬᠠᠶ ᠶᠢᠨ ᠤᠷᠤᠨ ᠳᠤ ᠨᠢᠭᠡ ᠲᠣᠮᠣ ᠬᠡᠯᠪᠡᠷᠢ ᠶᠢᠨ ᠡᠯᠪᠡᠭ ᠴᠠᠭᠠᠨ ᠲᠤᠭᠤᠯᠭᠠᠨ ᠬᠦᠳᠡᠷ ᠤᠨ ᠬᠡᠪᠲᠡᠰᠢ | ᠪᠠᠶᠢᠬᠤ ᠶᠢ ᠢᠯᠡᠷᠡᠭᠦᠯᠵᠦ᠂ 333 ᠠᠴᠠ ᠳᠡᠭᠡᠭᠰᠢᠬᠢ ᠴᠠᠭᠠᠨ ᠲᠤᠭᠤᠯᠭᠠᠨ ᠲᠡᠮᠦᠷᠯᠢᠭ ᠤᠨ ᠬᠡᠮᠵᠢᠶ᠎ᠡ ᠨᠢ 8.37 | ᠲᠦᠮᠡᠨ ᠲᠣᠨ ᠪᠠᠶᠢᠬᠤ ᠶᠢ ᠬᠠᠶᠢᠨ ᠢᠯᠡᠷᠡᠭᠦᠯᠵᠦ᠂ ᠬᠤᠶᠠᠷ ᠲᠤᠮᠤ ᠬᠡᠯᠪᠡᠷᠢ ᠶᠢᠨ ᠴᠠᠭᠠᠨ ᠲᠤᠭᠤᠯᠭᠠᠨ ᠬᠦᠳᠡᠷ ᠤᠨ | ᠬᠡᠪᠲᠡᠰᠢ ᠶᠢᠨ ᠬᠡᠪᠴᠢᠶ᠎ᠡ ᠲᠠᠢ ᠪᠠᠶᠢᠵᠤ᠂ ᠴᠠᠭᠠᠨ ᠲᠤᠭᠤᠯᠭᠠᠨ ᠬᠦᠳᠡᠷ ᠤᠨ ᠬᠡᠪᠲᠡᠰᠢ ᠶᠢᠨ ᠳᠤᠮᠳᠠᠴᠢ ᠴᠢᠨᠠᠷ ᠳᠡᠰ | ᠨᠢ 0.8% ᠪᠤᠯᠤᠨ᠎ᠠ᠃ ᠺᠣᠮᠫᠠᠨᠢ ᠶᠢᠨ ᠶᠡᠷᠦᠩᠬᠡᠶ ᠢᠨᠵᠧᠨᠧᠷ ᠯᠢ ᠪᠦᠸᠧ ᠶᠠᠩ ᠤᠨ ᠦᠵᠡᠬᠦ ᠪᠠᠷ᠂ ᠡᠨᠡ ᠬᠦ | ᠴᠢᠬᠤᠯᠠ ᠶᠡᠭᠡ ᠢᠯᠡᠷᠡᠭᠦᠯᠦᠯᠲᠡ ᠨᠢ ᠮᠠᠨ ᠤ ᠤᠯᠤᠰ ᠤᠨ ᠨᠠᠨᠯᠢᠩ ᠳᠠᠪᠠᠭ᠎ᠠ ᠪᠠ ᠶᠦᠨᠨᠠᠨ ᠠᠴᠠ ᠭᠠᠳᠠᠨ᠎ᠠ | ᠪᠦᠷᠢᠯᠳᠦᠭᠰᠡᠨ ᠭᠤᠷᠪᠠᠳᠤᠭᠠᠷ ᠴᠠᠭᠠᠨ ᠲᠤᠭᠤᠯᠭᠠᠨ ᠤ ᠡᠬᠢ ᠪᠠᠶᠠᠯᠢᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ | ᠪᠤᠯᠤᠨ ᠪᠦᠷᠢᠯᠳᠦᠬᠦ ᠪᠤᠯᠤᠮᠵᠢ ᠲᠠᠢ ᠪᠠᠶᠢᠨ᠎ᠠ ᠭᠡᠪᠡ᠃ ᠡᠨᠡ ᠵᠢᠯ ᠤᠨ 3 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠲᠤᠰᠬᠠᠶ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠤᠷᠢᠳᠴᠢᠯᠠᠨ ᠬᠢᠨᠠᠯᠲᠠ ᠬᠢᠪᠡ᠃ | ᠳᠤᠮᠳᠠᠳᠤ ᠤᠯᠤᠰ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠣᠨᠢᠨ ᠤ 18 ᠤ ᠡᠳᠦᠷ ᠤᠨ | ᠮᠡᠳᠡᠭᠡ ᠶᠢ ᠦᠨᠳᠦᠰᠦᠯᠡᠪᠡᠯ᠂ ᠤᠶᠢᠯᠠᠰᠤᠲᠤ ᠠᠭᠤᠷᠬᠠᠶ ᠶᠢᠨ ᠣᠷᠣᠨ ᠪᠣᠯ 2008 ᠣᠨ ᠳᠤ ᠠᠰᠢᠭᠯᠠᠯᠲᠠ ᠳᠤ | ᠤᠷᠤᠭᠰᠠᠨ ᠵᠡᠰ ᠴᠠᠶᠢᠷ ᠤᠨ ᠠᠭᠤᠷᠬᠠᠶ ᠪᠣᠯᠤᠨ᠎ᠠ᠃ 2013 ᠣᠨ ᠳᠤ᠂ ᠥᠪᠥᠷ ᠮᠣᠩᠭᠤᠯ ᠤᠨ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠭᠤᠷᠬᠠᠶ ᠶᠢᠨ ᠤᠷᠤᠨ ᠤ ᠭᠠᠳᠠᠭᠤᠷ | ᠠᠭᠤᠷᠬᠠᠶ ᠬᠠᠶᠢᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠣᠯᠵᠤ ᠮᠡᠳᠡᠭᠰᠡᠨ ᠴᠠᠭᠠᠨ ᠲᠤᠭᠤᠯᠭᠠᠨ | ᠬᠦᠳᠡᠷ ᠤᠨ ᠰᠦᠪᠡᠭᠴᠢ ᠶᠢ ᠦᠨᠳᠦᠰᠦᠯᠡᠨ ᠤᠤᠯ ᠤᠨ ᠵᠡᠰ ᠴᠠᠶᠢᠷ ᠬᠠᠶᠢᠵᠤ ᠪᠠᠶᠢᠭᠰᠠᠨ ᠠᠴᠠ ᠪᠠᠨ ᠴᠠᠭᠠᠨ | ᠲᠤᠭᠤᠯᠭ᠎ᠠ ᠬᠠᠶᠢᠬᠤ ᠪᠤᠯᠵᠤ᠂ 8.37 ᠲᠦᠮᠡᠨ ᠲᠣᠨ ᠴᠠᠭᠠᠨ ᠲᠤᠭᠤᠯᠭᠠᠨ ᠲᠡᠮᠦᠷᠯᠢᠭ ᠤᠨ ᠬᠡᠮᠵᠢᠶ᠎ᠡ ᠶᠢ ᠬᠠᠶᠢᠨ | ᠢᠯᠡᠷᠡᠭᠦᠯᠦᠭᠰᠡᠨ ᠤ ᠬᠠᠮᠲᠤ ᠪᠠᠰᠠ ᠪᠡᠶ᠎ᠡ ᠪᠠᠨ ᠳᠠᠭᠠᠭᠠᠭᠰᠠᠨ ᠮᠤᠯᠢᠪᠳᠤᠨ᠂ ᠵᠡᠰ ᠲᠡᠮᠦᠷᠯᠢᠭ ᠤᠨ ᠬᠡᠮᠵᠢᠶ᠎ᠡ ᠪᠠ | ᠲᠠᠭᠠᠯᠳᠠ ᠴᠠᠶᠢᠷ᠂ ᠬᠠᠷ᠎ᠠ ᠲᠤᠭᠤᠯᠭ᠎ᠠ ᠴᠠᠶᠢᠷ᠂ ᠸᠣᠯᠹᠷᠠᠮ᠂ ᠠᠷᠰᠧᠨ᠂ ᠪᠢᠰᠮᠦ᠋ᠲ᠂ ᠮᠥᠩᠭᠦ᠂ ᠬᠦᠬᠦᠷ᠂ ᠭᠠᠯᠢ᠂ | ᠷᠦᠪᠢᠳᠢ ᠵᠡᠷᠭᠡ ᠡᠯᠧᠮᠧᠨ᠋ᠲ ᠶᠢ ᠬᠠᠶᠢᠨ ᠢᠯᠡᠷᠡᠭᠦᠯᠪᠡ᠃ ᠵᠢᠱᠢᠵᠦ ᠪᠤᠲᠣᠬᠰᠠᠨ ᠢᠶᠠᠷ᠂ ᠡᠨᠡ ᠬᠦ ᠬᠦᠳᠡᠷ ᠤᠨ | ᠬᠡᠪᠲᠡᠰᠢ ᠶᠢᠨ ᠠᠵᠤ ᠠᠬᠤᠶ ᠶᠢᠨ ᠳᠠᠯᠳᠠ ᠥᠷᠲᠡᠭ ᠨᠢ150 ᠳ᠋ᠦᠩᠰᠢᠭᠤᠷ ᠲᠦᠬᠦᠷᠢᠭ ᠢ ᠳᠠᠪᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠬᠠᠶᠢᠨ ᠢᠯᠡᠷᠡᠭᠦᠯᠦᠭᠰᠡᠨ ᠡᠯᠪᠡᠭ ᠴᠠᠭᠠᠨ ᠲᠤᠭᠤᠯᠭᠠᠨ | ᠬᠦᠳᠡᠷ ᠤᠨ ᠬᠡᠪᠲᠡᠰᠢ ᠨᠢ ᠬᠦᠷᠰᠢ ᠵᠡᠷᠭᠡᠯᠡᠳᠡᠭᠡ ᠪᠠᠶᠢᠷᠢᠨ ᠳᠠᠪᠠᠭ᠎ᠠ ᠶᠢᠨ ᠠᠭᠤᠷᠬᠠᠶ ᠶᠢᠨ ᠣᠷᠣᠨ ᠬᠦᠷᠲᠡᠯ᠎ᠡ | ᠦᠷᠬᠦᠯᠵᠢᠯᠡᠵᠦ᠂ ᠡᠷᠬᠢᠨ ᠲᠣᠭᠤᠷᠢᠨ ᠤ ᠪᠤᠰᠤᠳ ᠠᠭᠤᠷᠬᠠᠶ ᠶᠢᠨ ᠣᠷᠣᠨ ᠳᠤ ᠪᠠᠰᠠ ᠢᠯᠡᠷᠬᠡᠶ ᠴᠠᠭᠠᠨ ᠲᠤᠭᠤᠯᠭᠠᠨ | ᠬᠦᠳᠡᠷ ᠤᠨ ᠠᠭᠤᠷᠬᠠᠶ ᠪᠦᠷᠢᠯᠳᠦᠭᠰᠡᠨ ᠣᠨᠴᠠᠯᠢᠭ ᠰᠢᠨᠵᠢ ᠲᠠᠢ ᠪᠠᠶᠢᠵᠤ᠂ ᠪᠦᠬᠦ ᠠᠭᠤᠷᠬᠠᠶ ᠶᠢᠨ ᠬᠤᠷᠠᠭᠰᠠᠨ | ᠣᠷᠣᠨ ᠤ 6 ᠠᠭᠤᠷᠬᠠᠶ ᠬᠠᠶᠢᠬᠤ ᠡᠷᠬᠡ ᠶᠢᠨ ᠬᠡᠪᠴᠢᠶᠡᠨ ᠳᠣᠲᠣᠷ᠎ᠠ ᠴᠠᠭᠠᠨ ᠲᠤᠭᠤᠯᠭ᠎ᠠ ᠬᠠᠶᠢᠬᠤ ᠮᠠᠰᠢ ᠰᠠᠶᠢᠨ | ᠢᠷᠡᠭᠡᠳᠦᠢ ᠲᠠᠢ ᠪᠠᠶᠢᠨ᠎ᠠ᠃ ᠭᠠᠵᠠᠷ ᠰᠢᠨᠵᠢᠯᠡᠭᠡᠨ ᠤ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ ᠪᠦᠬᠦ᠋ᠢᠯᠡ ᠶᠡᠭᠡ | ᠬᠢᠩᠭᠠᠨ ᠳᠠᠪᠠᠭᠠᠨ ᠤ ᠡᠮᠦᠨ᠎ᠡ ᠬᠡᠰᠡᠭ ᠪᠠ ᠪᠠᠷᠠᠭᠤᠨ ᠪᠠᠯ ᠢᠶᠠᠷ ᠴᠦ ᠲᠤᠰ ᠲᠦᠷᠦᠯ ᠤᠨ ᠴᠠᠭᠠᠨ ᠲᠤᠭᠤᠯᠭᠠᠨ | ᠠᠭᠤᠷᠬᠠᠶ ᠡᠷᠢᠬᠦ ᠰᠦᠪᠡᠭᠴᠢ ᠦᠷᠭᠡᠨ ᠳᠡᠯᠭᠡᠷ ᠤᠷᠤᠰᠢᠵᠤ ᠪᠠᠶᠢᠨ᠎ᠠ᠃ |