ᠥᠪᠥᠷ ᠮᠣᠩᠭᠤᠯ ᠠᠰᠫᠢᠷᠠᠨᠲ ᠤᠨ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ 200 ᠲᠥᠷᠥᠯ ᠵᠦᠢᠯ ᠢ ᠲᠤᠰᠠᠯᠠᠨ ᠲᠡᠳᠬᠦᠨ᠎ᠡ
ᠨᠡᠶᠢᠲᠡᠯᠡᠭᠰᠡᠨ ᠴᠠᠭ᠄
2016/5/20
      ᠠᠰᠫᠢᠷᠠᠨᠲ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠬᠥᠮᠦᠵᠢᠭᠦᠯᠦᠯ ᠢ ᠴᠢᠩᠭᠠᠳᠬᠠᠵᠦ᠂ ᠠᠰᠫᠢᠷᠠᠨᠲ ᠬᠥᠮᠦᠵᠢᠭᠦᠯᠬᠦ ᠶᠠᠰᠤ ᠴᠢᠨᠠᠷ ᠪᠠ ᠬᠢᠷᠢ ᠲᠥᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠰᠫᠢᠷᠠᠨᠲ ᠤᠨ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠲᠥᠷᠥᠯ ᠵᠦᠢᠯ ᠢ ᠲᠤᠰᠠᠯᠠᠨ ᠲᠡᠳᠬᠦᠬᠦ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠰᠫᠢᠷᠠᠨᠲ ᠤᠨ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ 200 ᠲᠥᠷᠥᠯ ᠵᠦᠢᠯ ᠢ ᠲᠤᠰᠠᠯᠠᠨ ᠲᠡᠳᠬᠦᠨ᠎ᠡ᠃      ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠮᠠᠨ ᠤ ᠣᠷᠣᠨ ᠤ ᠦᠷᠨᠢᠭᠦᠯᠬᠦ ᠠᠰᠫᠢᠷᠠᠨᠲ ᠤᠨ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠲᠥᠷᠥᠯ ᠵᠦᠢᠯ ᠤᠨ ᠲᠤᠰᠠᠯᠠᠨ ᠲᠡᠳᠬᠦᠬᠦ ᠡᠲᠡᠭᠡᠳ ᠪᠣᠯ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠬᠤ ᠠᠴᠠ ᠭᠠᠳᠠᠨ᠎ᠠ ᠡᠷᠳᠡᠮ ᠤᠨ ᠴᠣᠯᠠ ᠬᠠᠮᠠᠭᠠᠯᠠᠬᠤ ᠥᠭᠦᠯᠡᠯ ᠢᠶᠠᠨ ᠨᠢᠭᠡᠨᠲᠡ ᠰᠡᠳᠦᠪᠯᠡᠭᠰᠡᠨ ᠪᠦᠬᠦᠯᠢ ᠡᠳᠦᠷ ᠤᠨ ᠳᠦᠷᠢᠮᠲᠦ ᠡᠷᠳᠡᠮ ᠰᠢᠨᠵᠢᠯᠡᠭᠡᠨ ᠤ ᠴᠣᠯᠠ ᠬᠠᠮᠠᠭᠠᠯᠠᠬᠤ ᠠᠰᠫᠢᠷᠠᠨᠲ ᠶᠢᠨ ᠰᠣᠳᠤᠯᠬᠤ ᠰᠤᠷᠤᠭᠴᠢ ᠪᠠ ᠳ᠋ᠣᠺᠲ᠋ᠣᠷᠠᠨᠲ ᠤᠨ ᠰᠣᠳᠤᠯᠬᠤ ᠰᠤᠷᠤᠭᠴᠢ᠂ ᠵᠢᠴᠢ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠬᠠᠮᠠᠭᠠᠯᠠᠬᠤ ᠠᠰᠫᠢᠷᠠᠨᠲ ︵ᠰᠢᠨᠵᠢᠯᠡᠭᠡᠨ ᠤ ᠬᠡᠪᠴᠢᠶ᠎ᠡ᠄ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠳ᠋ᠣᠺᠲ᠋ᠣᠷ᠂ ᠮᠠᠰᠲ᠋ᠧᠷ ᠤᠨ ᠴᠣᠯᠠ ᠣᠯᠭᠤᠬᠤ ᠡᠷᠬᠡ ᠲᠠᠢ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ ᠪᠤᠶᠤ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭ᠎ᠠ ᠵᠢᠴᠢ ᠮᠠᠰᠲ᠋ᠧᠷ ᠤᠨ ᠲᠤᠰᠬᠠᠶ ᠮᠡᠷᠭᠡᠵᠢᠯ ᠤᠨ ᠴᠣᠯᠠ ᠨᠤᠭᠤᠳ︶ ᠪᠣᠯᠤᠨ᠎ᠠ᠃ ᠡᠭᠦᠨ ᠳᠤ᠂ ᠳ᠋ᠣᠺᠲ᠋ᠣᠷᠠᠨᠲ ᠤᠨ ᠲᠦᠷᠦᠯ ᠵᠦᠢᠯ 60᠂ ᠠᠰᠫᠢᠷᠠᠨᠲ ᠲᠥᠷᠥᠯ ᠵᠦᠢᠯ 140 ᠪᠠᠶᠢᠨ᠎ᠠ᠃ ᠲᠤᠰᠠᠯᠠᠨ ᠲᠡᠳᠬᠦᠬᠦ ᠠᠷᠭ᠎ᠠ ᠮᠠᠶ᠋ᠢᠭ ᠪᠠ ᠪᠠᠷᠢᠮᠵᠢᠶ᠎ᠠ᠄ ᠳ᠋ᠣᠺᠲ᠋ᠣᠷᠠᠨᠲ ᠤᠨ ᠭᠤᠣᠯᠳᠠᠯᠭᠠᠲᠤ ᠲᠥᠷᠥᠯ ᠵᠦᠢᠯ ᠤᠨ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠵᠦᠢᠯ ᠪᠦᠷᠢ ᠶᠢ 0.5 ᠲᠦᠮᠡᠨ ᠲᠥᠭᠦᠷᠢᠭ ᠣᠷᠴᠢᠮ ᠢᠶᠠᠷ ᠲᠤᠰᠠᠯᠠᠨ ᠲᠡᠳᠬᠦᠵᠦ᠂ ᠳ᠋ᠣᠺᠲ᠋ᠣᠷᠠᠨᠲ ᠤᠨ ᠭᠤᠣᠯᠳᠠᠯᠭᠠᠲᠤ ᠲᠥᠷᠥᠯ ᠵᠦᠢᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠵᠦᠢᠯ ᠪᠦᠷᠢ ᠶᠢ 1 ᠲᠦᠮᠡᠨ ᠲᠥᠭᠦᠷᠢᠭ ᠣᠷᠴᠢᠮ ᠢᠶᠠᠷ ᠲᠤᠰᠠᠯᠠᠨ ᠲᠡᠳᠬᠦᠨ᠎ᠡ︔ ᠳ᠋ᠣᠺᠲ᠋ᠣᠷᠠᠨᠲ ᠤᠨ ᠡ᠊ᠩ ᠤᠨ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠵᠦᠢᠯ ᠪᠦᠷᠢ ᠶᠢ 0.2 ᠲᠦᠮᠡᠨ ᠲᠥᠭᠦᠷᠢᠭ ᠣᠷᠴᠢᠮ ᠢᠶᠠᠷ ᠲᠤᠰᠠᠯᠠᠨ ᠲᠡᠳᠬᠦᠵᠦ᠂ ᠳ᠋ᠣᠺᠲ᠋ᠣᠷᠠᠨᠲ ᠤᠨ ᠡ᠊ᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠵᠦᠢᠯ ᠪᠦᠷᠢ ᠶᠢ 0.5 ᠲᠦᠮᠡᠨ ᠲᠥᠭᠦᠷᠢᠭ ᠣᠷᠴᠢᠮ ᠢᠶᠠᠷ ᠲᠤᠰᠠᠯᠠᠨ ᠲᠡᠳᠬᠦᠨ᠎ᠡ᠃ ᠠᠰᠫᠢᠷᠠᠨᠲ ᠤᠨ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠵᠦᠢᠯ ᠪᠦᠷᠢ ᠶᠢ 0.2 ᠲᠦᠮᠡᠨ ᠲᠥᠭᠦᠷᠢᠭ ᠣᠷᠴᠢᠮ ᠢᠶᠠᠷ ᠲᠤᠰᠠᠯᠠᠨ ᠲᠡᠳᠬᠦᠵᠦ᠂ ᠠᠰᠫᠢᠷᠠᠨᠲ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠵᠦᠢᠯ ᠪᠦᠷᠢ ᠶᠢ 0.5 ᠲᠦᠮᠡᠨ ᠲᠥᠭᠦᠷᠢᠭ ᠣᠷᠴᠢᠮ ᠢᠶᠠᠷ ᠲᠤᠰᠠᠯᠠᠨ ᠲᠡᠳᠬᠦᠨ᠎ᠡ᠃      ᠠᠰᠫᠢᠷᠠᠨᠲ ᠤᠨ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠠᠵᠢᠯᠯᠠᠭ᠎ᠠ ᠶᠢ ᠲᠤᠰᠠᠯᠠᠨ ᠲᠡᠳᠬᠦᠬᠦ ᠪᠠᠷ ᠳᠠᠮᠵᠢᠨ᠂ ᠠᠰᠫᠢᠷᠠᠨᠲ ᠤᠨ ᠪᠡᠶ᠎ᠡ ᠪᠠᠨ ᠳᠠᠭᠠᠭᠠᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠬᠦ ᠪᠠ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠬᠦ ᠢᠳᠡᠪᠬᠢᠵᠢᠯ ᠢ ᠳᠠᠶᠢᠴᠢᠯᠠᠵᠤ᠂ ᠠᠰᠫᠢᠷᠠᠨᠲ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠴᠢᠳᠠᠪᠤᠷᠢ ᠶᠢᠨ ᠬᠥᠮᠦᠵᠢᠭᠦᠯᠦᠯ ᠢ ᠴᠢᠩᠭᠠᠳᠬᠠᠨ᠎ᠠ᠃ ᠡᠭᠦᠨ ᠤ ᠬᠠᠮᠲᠤ᠂ ᠰᠣᠳᠤᠯᠬᠤ ᠰᠤᠷᠤᠭᠴᠢ ᠶᠢᠨ ᠵᠢᠯᠣᠭᠤᠳᠤᠭᠴᠢ ᠪᠠᠭᠰᠢ ᠨᠠᠷ ᠤᠨ ᠬᠥᠲᠥᠯᠥᠨ ᠳᠠᠭᠠᠭᠤᠯᠵᠤ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠳᠤᠯᠬᠤ ᠰᠤᠷᠤᠭᠴᠢ ᠬᠥᠮᠦᠵᠢᠭᠦᠯᠬᠦ ᠨᠢᠭᠡᠴᠡ ᠪᠠ ᠰᠣᠳᠤᠯᠬᠤ ᠰᠤᠷᠤᠭᠴᠢ ᠶᠢᠨ ᠵᠢᠯᠣᠭᠤᠳᠤᠭᠴᠢ ᠪᠠᠭᠰᠢ ᠨᠠᠷ ᠤᠨ ᠴᠢᠳᠠᠪᠤᠷᠢᠲᠠᠨ ᠢ ᠬᠥᠮᠦᠵᠢᠭᠦᠯᠬᠦ ᠣᠨᠤᠯᠵᠢᠬᠤᠨ ᠢ ᠦᠭᠡᠷᠡᠴᠢᠯᠡᠵᠦ᠂ ᠠᠰᠫᠢᠷᠠᠨᠲ ᠤᠨ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠴᠢᠳᠠᠪᠤᠷᠢ ᠶᠢ ᠬᠥᠮᠦᠵᠢᠭᠦᠯᠬᠦ ᠪᠠ ᠳᠠᠪᠲᠠᠨ ᠪᠣᠯᠪᠠᠰᠤᠷᠠᠭᠤᠯᠬᠤ ᠪᠠᠷ ᠠᠰᠫᠢᠷᠠᠨᠲ ᠤᠨ ᠰᠤᠷᠭᠠᠨ ᠬᠥᠮᠦᠵᠢᠯ ᠤᠨ ᠭᠤᠣᠯ ᠬᠠᠷᠠᠯᠲᠠ ᠪᠣᠯᠭᠠᠬᠤ ᠪᠥᠭᠡᠳ ᠪᠦᠬᠦ᠋ᠢᠯᠡ ᠠᠰᠫᠢᠷᠠᠨᠲ ᠬᠥᠮᠦᠵᠢᠭᠦᠯᠬᠦ ᠶᠠᠪᠤᠴᠠ ᠳᠤ ᠲᠤᠤᠱᠠᠯᠠᠭᠤᠯᠤᠨ᠎ᠠ᠃ ᠬᠡᠷᠡᠭᠵᠢᠭᠦᠯᠬᠦ ᠬᠤᠭᠤᠴᠠᠭ᠎ᠠ ᠨᠢ᠄ 2016 ᠣᠨ ᠤ 5 ᠳ᠋ᠤᠭᠠᠷ ᠰᠠᠷ᠎ᠠ —᠎ 2017 ᠣᠨ ᠤ 5 ᠳ᠋ᠤᠭᠠᠷ ᠰᠠᠷ᠎ᠠ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号