2016 ᠣᠨ ᠤ ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ ᠠᠵᠢᠯ ᠨᠢᠭᠡᠨᠲᠡ ᠳᠠᠭᠤᠰᠴᠤ᠂ ᠣᠳᠣᠬᠠᠨ ᠳᠤ ᠨᠡᠷ᠎ᠡ ᠮᠡᠳᠡᠭᠦᠯᠦᠭᠰᠡᠨ ᠲᠤᠭ᠎ᠠ ᠪᠠᠷᠢᠮᠲᠠ ᠶᠢ ᠶᠠᠭ ᠤᠯᠠᠮ | ᠨᠢᠭᠡ ᠠᠯᠬᠤᠮ ᠡᠮᠬᠢᠯᠡᠵᠦ᠂ ᠬᠢᠨᠠᠨ ᠬᠠᠷᠭᠤᠭᠤᠯᠤᠨ ᠪᠠᠶᠢᠴᠠᠭᠠᠵᠤ ᠪᠠᠶᠢᠨ᠎ᠠ᠃ ᠠᠩᠬ᠎ᠠ ᠠᠯᠬᠤᠮ ᠤᠨ ᠪᠦᠷᠢᠳᠬᠡᠯ ᠢ | ᠦᠨᠳᠦᠰᠦᠯᠡᠪᠡᠯ᠂ ᠪᠦᠬᠦ ᠤᠷᠤᠨ ᠳᠤ ᠨᠡᠶᠢᠲᠡ 201131 ᠬᠥᠮᠦᠨ ᠨᠡᠷ᠎ᠡ ᠮᠡᠳᠡᠭᠦᠯᠵᠦ᠂ 2015 | ᠣᠨ ᠤ ᠬᠢ ᠠᠴᠠ1954 ᠬᠥᠮᠦᠨ ᠨᠡᠮᠡᠭᠳᠡᠪᠡ᠃ ᠡᠭᠦᠨ ᠳᠤ᠂ ᠪᠦᠬᠦ ᠤᠯᠤᠰ ᠤᠨ ᠡᠩ ᠤᠨ ᠳᠡᠭᠡᠳᠦ | ᠰᠤᠷᠭᠠᠭᠤᠯᠢ ᠳᠤ ᠡᠯᠰᠡᠬᠦ ᠰᠢᠯᠭᠠᠯᠲᠠ ᠳᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠰᠤᠷᠤᠭᠴᠢ ︵ᠳᠣᠷᠣᠭᠰᠢ ︽ | ᠡᠩ ᠤᠨ ᠨᠢᠭᠡᠳᠦᠯᠲᠡᠶ ᠰᠢᠯᠭᠠᠬᠤ ᠰᠤᠷᠤᠭᠴᠢ︾ ᠭᠡᠵᠦ ᠲᠤᠪᠴᠢᠯᠠᠨ᠎ᠠ︶ 170627 ᠬᠥᠮᠦᠨ ᠪᠠᠶᠢᠵᠤ᠂ | ᠰᠤᠷᠤᠭᠴᠢ ᠶᠢᠨ ᠶᠡᠷᠦᠩᠬᠡᠶ ᠲᠣᠭᠠᠨ ᠤ 84.8% ᠶᠢ ᠡᠵᠡᠯᠡᠵᠦ᠂ ᠨᠢᠳᠤᠨᠤᠨ ᠤ ᠬᠢ ᠠᠴᠠ 4227 ᠬᠥᠮᠦᠨ | ᠬᠠᠰᠤᠭᠳᠠᠪᠠ︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠤᠷᠤᠭᠴᠢ | ᠡᠯᠰᠡᠬᠦ ᠰᠢᠯᠭᠠᠯᠲᠠ ᠳᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠰᠤᠷᠤᠭᠴᠢ 20247 ᠬᠥᠮᠦᠨ︔ ᠭᠤᠷᠪᠠ | ᠬᠤᠶᠠᠷ ᠬᠡᠰᠡᠭ ᠤᠨ 9687 ᠬᠥᠮᠦᠨ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠬᠢᠷᠢ | ᠬᠡᠮ ᠤᠨ177 ᠬᠥᠮᠦᠨ︔ ᠪᠡᠶ᠎ᠡ ᠶᠢᠨ ᠲᠠᠮᠢᠷ ᠤᠨ ᠰᠤᠷᠭᠠᠭᠤᠯᠢᠯᠠᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ 220 ᠬᠥᠮᠦᠨ︔ ᠲᠤᠰᠠᠭᠠᠷ ᠰᠢᠯᠭᠠᠬᠤ 173 ᠬᠥᠮᠦᠨ ᠪᠠᠶᠢᠨ᠎ᠠ᠃ 170627 ᠡᠩ ᠤᠨ | ᠨᠢᠭᠡᠳᠦᠯᠲᠡᠶ ᠰᠢᠯᠭᠠᠭᠤᠯᠬᠤ ᠰᠤᠷᠤᠭᠴᠢ ᠶᠢᠨ ᠳᠣᠲᠣᠷ᠎ᠠ᠂ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ | 50670 ᠬᠥᠮᠦᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ 87342 ᠬᠥᠮᠦᠨ᠂ ᠮᠣᠩᠭᠤᠯ | ᠨᠡᠶᠢᠭᠡᠮ ᠤᠨ ᠰᠢᠨᠵᠢᠯᠡᠬᠦ ᠤᠬᠠᠭᠠᠨ ᠳᠤ 5776 ᠬᠥᠮᠦᠨ᠂ ᠮᠣᠩᠭᠤᠯ ᠪᠠᠶᠢᠭᠠᠯᠢ ᠶᠢᠨ ᠰᠢᠨᠵᠢᠯᠡᠬᠦ ᠤᠬᠠᠭᠠᠨ ᠤ | 5810 ᠬᠥᠮᠦᠨ᠂ ᠤᠷᠠᠯᠢᠭ ᠤᠨ ᠲᠥᠷᠥᠯ ᠤᠨ ᠨᠡᠶᠢᠳᠡ 16461 ᠬᠥᠮᠦᠨ ︵ᠡᠭᠦᠨ ᠳᠤ ᠤᠷᠠᠨ ᠵᠢᠷᠤᠭ ᠤᠨ | ᠲᠦᠷᠦᠯ ᠤᠨ 8958 ᠬᠥᠮᠦᠨ ᠪᠠᠶᠢᠵᠤ᠂ ᠨᠢᠳᠤᠨᠤᠨ ᠤ ᠬᠢ ᠠᠴᠠ1368 ᠬᠥᠮᠦᠨ ᠬᠠᠰᠤᠭᠳᠠᠪᠠ︔ ᠳᠠᠭᠤᠤ | ᠬᠥᠭᠵᠢᠮ ᠤᠨ ᠲᠥᠷᠥᠯ ᠤᠨ 3406 ᠬᠥᠮᠦᠨ ᠪᠠᠶᠢᠵᠤ᠂ ᠨᠢᠳᠤᠨᠤᠨ ᠤ ᠬᠢ ᠠᠴᠠ162 ᠬᠥᠮᠦᠨ ᠬᠠᠰᠤᠭᠳᠠᠪᠠ︔ | ᠨᠠᠶᠢᠷᠠᠭᠤᠯᠤᠨ ᠤᠳᠤᠷᠢᠳᠤᠭᠠᠴᠢ ᠲᠦᠷᠦᠯ ᠤᠨ 1197 ᠬᠥᠮᠦᠨ ᠪᠠᠶᠢᠵᠤ᠂ ᠨᠢᠳᠤᠨᠤᠨ ᠤ ᠬᠢ ᠠᠴᠠ 341 ᠬᠥᠮᠦᠨ | ᠬᠠᠰᠤᠭᠳᠠᠪᠠ︔ ᠪᠤᠰᠤᠳ ᠤᠷᠠᠯᠢᠭ ᠤᠨ ᠲᠥᠷᠥᠯ ᠤᠨ 2900 ᠬᠥᠮᠦᠨ ᠪᠠᠶᠢᠵᠤ᠂ ᠨᠢᠳᠤᠨᠤᠨ ᠤ ᠬᠢ ᠠᠴᠠ | 1175 ᠬᠥᠮᠦᠨ ᠬᠠᠰᠤᠭᠳᠠᠪᠠ︶᠂ ᠪᠡᠶ᠎ᠡ ᠶᠢᠨ ᠲᠠᠮᠢᠷ ᠤᠨ ᠲᠥᠷᠥᠯ ᠤᠨ 4568 ᠬᠥᠮᠦᠨ ᠪᠠᠶᠢᠨ᠎ᠠ᠃ | ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠲᠠᠷᠠᠭ᠎ᠠ᠂ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ | ᠰᠤᠷᠤᠭᠴᠢ ᠶᠢᠨ ᠬᠢᠷᠢ ᠬᠡᠮ ᠢ ᠦᠷᠬᠦᠯᠵᠢᠯᠡᠨ ᠬᠢᠨᠠᠨ ᠪᠠᠶᠢᠴᠠᠭᠠᠨ᠎ᠠ᠃ |