ᠥᠪᠥᠷ ᠮᠣᠩᠭᠤᠯ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ 8 ᠣᠷᠣᠨ ᠪᠣᠯᠤᠨ ᠭᠤᠣᠯᠳᠠᠯᠭ᠎ᠠ ᠲᠠᠢ ᠵᠠᠰᠠᠬᠤ 7 ᠣᠷᠣᠨ ᠢ ᠵᠠᠭᠠᠭᠯᠠᠨ ᠲᠤᠭᠲᠠᠭᠠᠪᠠ
ᠨᠡᠶᠢᠲᠡᠯᠡᠭᠰᠡᠨ ᠴᠠᠭ᠄
2016/5/23
     ᠥᠪᠡᠷᠲᠡᠭᠡᠨ ᠵᠠᠰᠠᠬᠤ ᠣᠷᠣᠨ ᠣᠷᠴᠢᠮᠬᠠᠨ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ 8 ᠣᠷᠣᠨ ᠪᠣᠯᠤᠨ ᠭᠤᠣᠯᠳᠠᠯᠭ᠎ᠠ ᠲᠠᠢ ᠵᠠᠰᠠᠬᠤ 7 ᠤᠷᠤᠨ ᠢ ᠵᠠᠭᠠᠭᠯᠠᠨ ᠲᠤᠭᠲᠠᠭᠠᠪᠠ᠃ ᠡᠭᠦᠨ ᠳᠤ᠂ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠳᠤ ᠤᠯᠤᠰ ᠤᠨ ᠲᠡᠰ ᠤᠨ ᠶᠡᠭᠡ ᠪᠠᠭ᠎ᠠ ᠬᠢᠩᠭᠠᠨ ᠳᠠᠪᠠᠭ᠎ᠠ᠂ ᠬᠥᠯᠥᠨ ᠪᠤᠶᠢᠷ᠂ ᠶᠠᠨ ᠱᠠᠨ᠂ ᠮᠤᠨᠢ ᠠᠭᠤᠯᠠ ᠶᠢᠨ ᠠᠷᠤ ᠬᠤᠷᠮᠣᠶ᠂ ᠴᠢ ᠯᠢᠶᠠᠨ ᠱᠠᠨ ᠠᠭᠤᠯᠠ —  ᠬᠠᠷ᠎ᠠ ᠭᠤᠤᠯ ᠵᠢᠴᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠤᠨ ᠯᠢᠶᠣᠤᠾᠧ ᠭᠤᠣᠯ᠂ ᠮᠤᠨᠢ ᠠᠭᠤᠯᠠ ᠶᠢᠨ ᠠᠷᠤ ᠬᠤᠷᠮᠣᠶ — ᠪᠣᠷᠣᠲᠣᠬᠤᠶ ᠶᠢᠨ ᠲᠠᠯ᠎ᠠ᠂ ᠠᠯᠠᠱᠠ ᠶᠢᠨ ᠥᠨᠳᠦᠷᠯᠢᠭ ᠪᠠᠭᠲᠠᠨ᠎ᠠ᠃ ᠨᠡᠶᠢᠲᠡ 73.31 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 37 ᠬᠤᠰᠢᠭᠤ ᠰᠢᠶᠠᠨ ︵ᠬᠤᠳᠠ᠂ ᠲᠣᠭᠤᠷᠢᠭ︶᠎ ᠳᠤ ᠬᠤᠯᠪᠤᠭᠳᠠᠵᠤ᠂ ᠬᠥᠷᠥᠰᠥ ᠰᠢᠷᠣᠶ ᠶᠢᠨ ᠢᠳᠡᠭᠳᠡᠯ ᠤᠨ ᠲᠡᠯᠡᠪᠡᠢ ᠨᠢ 41.69 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠤᠯᠤᠨ᠎ᠠ᠃ ᠡᠨᠡᠬᠦ ᠣᠷᠣᠨ ᠳᠤ᠂ ᠭᠤᠣᠯᠳᠠᠯᠭ᠎ᠠ ᠲᠠᠢ ᠰᠡᠷᠭᠡᠶᠢᠯᠡᠬᠦ ᠲᠠᠯᠠᠪᠠᠶ ᠨᠢ 13.67 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠭᠤᠣᠯᠳᠠᠯᠭ᠎ᠠ ᠲᠠᠢ ᠵᠠᠰᠠᠬᠤ ᠬᠡᠰᠡᠭ ᠤᠨ ᠲᠠᠯᠠᠪᠠᠢ ᠨᠢ 3.95 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠤᠯᠤᠨ᠎ᠠ᠃ ᠭᠤᠤᠯᠳᠠᠭᠤ ︽ᠰᠡᠷᠭᠡᠶᠢᠯᠡᠬᠦ ᠪᠠᠷ ᠭᠤᠤᠯᠯᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠪᠠᠷᠢᠮᠲᠠᠯᠠᠵᠤ᠂ ᠪᠠᠶᠢᠭᠠᠯᠢ ᠶᠢᠨ ᠪᠦᠷᠬᠦᠴᠡ᠂ ᠤᠢ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ  ᠬᠠᠮᠠᠭᠠᠯᠠᠬᠤ ᠶᠢᠨ ᠬᠠᠮᠲᠤ ᠪᠢᠲᠡᠭᠦᠮᠵᠢᠯᠡᠨ ᠣᠶᠢᠵᠢᠭᠤᠯᠵᠤ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠶ ᠬᠦᠨᠳᠦ ᠰᠦᠷᠡᠬᠡᠶ ᠢᠳᠡᠭᠳᠡᠭᠰᠡᠨ ᠭᠠᠵᠠᠷ ᠣᠷᠣᠨ ᠢ ᠶᠡᠷᠦᠩᠬᠡᠶᠢᠯᠡᠨ ᠵᠠᠰᠠᠵᠤ᠂ ᠤᠢ ᠤᠷᠭᠤᠮᠠᠯ ᠤᠨ ᠬᠤᠴᠢᠯᠭ᠎ᠠ ᠶᠢᠨ ᠲᠠᠯᠠᠪᠠᠢ ᠶᠢ ᠥᠷᠭᠡᠳᠬᠡᠬᠦ ᠪᠤᠯᠤᠨ᠎ᠠ᠃      ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠵᠠᠰᠠᠬᠤ ᠣᠷᠣᠨ ᠳᠤ ᠤᠯᠤᠰ ᠤᠨ ᠲᠡᠰ ᠤᠨ ᠶᠡᠭᠡ ᠬᠢᠩᠭᠠᠨ ᠳᠠᠪᠠᠭᠠᠨ ᠤ ᠵᠡᠭᠦᠨ ᠬᠤᠷᠮᠣᠶ᠂ ᠪᠠᠷᠠᠭᠤᠨ ᠯᠢᠶᠤᠤᠾᠧ ᠭᠤᠣᠯ ᠤᠨ ᠳ᠋ᠠ ᠯᠢᠨ ᠡᠾᠧ ᠭᠤᠤᠯ ᠤᠨ ᠳᠤᠮᠳᠠᠳᠤ ᠳᠡᠭᠡᠳᠦ ᠤᠷᠤᠰᠬᠠᠯ᠂ ᠶᠦᠡᠭ ᠳ᠋ᠢᠩ ᠡᠾᠧ ᠭᠤᠤᠯ ᠤᠨ ᠳᠡᠭᠡᠲᠦ ᠤᠷᠤᠰᠬᠠᠯ᠂ ᠬᠠᠲᠤᠨ ᠭᠤᠣᠯ ᠤᠨ ᠡᠯᠡᠰᠦᠷᠭᠡᠭ ᠣᠷᠣᠨ᠂ ᠵᠢᠴᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠤᠨ ᠯᠢᠶᠣᠤᠾᠧ ᠭᠤᠣᠯ᠂ ᠮᠤᠨᠢ ᠠᠭᠤᠯᠠ ᠶᠢᠨ ᠵᠡᠭᠦᠨ ᠡᠮᠦᠨ᠎ᠡ ᠪᠡᠶ᠎ᠡ᠂ ᠬᠠᠲᠤᠨ ᠭᠤᠣᠯ ᠪᠠᠭᠲᠠᠨ᠎ᠠ᠃ ᠨᠡᠶᠢᠲᠡ 37.45 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 66 ᠬᠤᠰᠢᠭᠤ ᠰᠢᠶᠠᠨ ︵ᠬᠤᠳᠠ᠂ ᠲᠣᠭᠤᠷᠢᠭ︶ ᠎ ᠳᠤ ᠬᠤᠯᠪᠤᠭᠳᠠᠵᠤ᠂ ᠬᠥᠷᠥᠰᠥ ᠰᠢᠷᠣᠶ ᠶᠢᠨ ᠢᠳᠡᠭᠳᠡᠯ ᠤᠨ ᠲᠡᠯᠡᠪᠡᠢ ᠨᠢ 16.51 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃ ᠡᠨᠡᠬᠦ ᠣᠷᠣᠨ ᠳᠤ᠂ 13.56 ᠲᠦᠮᠡᠨ ᠲᠡᠭᠰᠢ ᠳᠥᠷᠪᠡᠯᠵᠢᠨ ᠺᠢᠯᠣᠮᠧᠲᠷ ᠭᠠᠵᠠᠷ ᠢ ᠭᠤᠣᠯᠳᠠᠯᠭ᠎ᠠ ᠲᠠᠢ ᠵᠠᠰᠠᠬᠤ ᠪᠤᠯᠤᠨ᠎ᠠ᠃ ᠲᠤᠰ ᠣᠷᠣᠨ ᠳᠤ ᠭᠤᠤᠯᠳᠠᠭᠤ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠪᠠᠭ᠎ᠠ ᠰᠠᠪᠡ ᠭᠠᠵᠠᠷ ᠢᠶᠠᠷ ᠨᠢᠭᠡᠴᠢ ᠪᠤᠯᠭᠠᠨ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠠᠮᠢ ᠠᠬᠤᠶ ᠶᠢᠨ ᠣᠷᠴᠢᠨ ᠲᠤᠭᠤᠷᠢᠨ ᠪᠣᠯᠤᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号