ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠬᠡᠯ ᠤᠨ ᠲᠠᠯᠠᠪᠠᠢ 5876 ᠲᠦᠮᠡᠨ ᠮᠦ ᠳᠤ ᠬᠦᠷᠴᠦ᠂  ᠰᠡᠷᠭᠡᠶᠢᠯᠡᠨ ᠵᠠᠰᠠᠬᠤ 200 ᠲᠦᠮᠡᠨ ᠨᠥᠬᠦᠪᠥᠷᠢ ᠮᠥᠩᠭᠦ ᠶᠢ ᠪᠤᠳᠠᠲᠠᠶᠢᠵᠢᠭᠤᠯᠪᠠ
ᠨᠡᠶᠢᠲᠡᠯᠡᠭᠰᠡᠨ ᠴᠠᠭ᠄
2016/5/23
     5 ᠳ᠋ᠤᠭᠠᠷ ᠰᠠᠷ᠎ᠠ ᠠᠴᠠ ᠨᠠᠰᠢ᠂ ᠮᠠᠨ ᠤ ᠣᠷᠣᠨ ᠤ ᠶᠡᠬᠡᠩᠬᠢ ᠬᠡᠰᠡᠭ ᠭᠠᠵᠠᠷ ᠤᠷᠤᠨ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠨᠤᠲᠤᠭ ᠪᠡᠯᠴᠢᠭᠡᠷ ᠬᠦᠨᠦᠬᠡᠯᠲᠦ ᠬᠤᠯᠤᠭᠠᠨ᠎ᠠ ᠶᠢᠨ ᠠᠵᠢᠯᠯᠠᠭ᠎ᠠ ᠤᠯᠠᠰᠢᠷᠠᠵᠤ᠂ ᠬᠥᠨᠥᠭᠡᠯ ᠤᠯᠠᠮ ᠠᠴᠠ ᠤᠯᠠᠮ ᠬᠦᠨᠳᠦᠷᠡᠭᠰᠡᠨ ᠪᠠᠶᠢᠨ᠎ᠠ᠃ ᠦᠨᠦ ᠪᠤᠯᠬᠤ ᠳᠤ᠂ ᠪᠦᠬᠦ ᠣᠷᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠤᠨ ᠲᠠᠯᠠᠪᠠᠢ 5876.04 ᠲᠦᠮᠡᠨ ᠮᠤ᠋ ᠪᠤᠯᠵᠤ᠂ ᠬᠦᠨᠳᠦ ᠨᠣᠴᠢᠲᠠᠶ ᠬᠥᠨᠥᠭᠡᠯ ᠤᠨ ᠬᠦᠨᠦᠭᠡᠭᠳᠡᠭᠰᠡᠨ ᠲᠠᠯᠠᠪᠠᠶ 2286.91 ᠲᠦᠮᠡᠨ ᠮᠦ ᠳᠤ ᠬᠦᠷᠦᠭᠰᠡᠨ ᠪᠠᠶᠢᠨ᠎ᠠ᠃      ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠪᠦᠲᠦᠮᠵᠢᠲᠠᠢ ᠴᠠᠭ ᠦᠶ᠎ᠡ ᠶᠢ ᠵᠠᠪᠳᠤᠵᠤ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠨᠲᠡ ᠪᠦᠬᠦ ᠲᠠᠯ᠎ᠠ ᠪᠠᠷ ᠦᠷᠨᠢᠭᠦᠯᠪᠡ  ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠭᠤᠯᠭᠠᠭᠰᠠᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠨᠥᠬᠦᠪᠥᠷᠢ ᠪᠡᠯᠡ ᠮᠥᠩᠭᠦ ᠶᠢ 200 ᠲᠦᠮᠡᠨ ᠲᠥᠭᠦᠷᠢᠭ ᠢ ᠨᠢᠭᠡᠨᠲᠡ ᠪᠦᠷᠢᠮᠦᠰᠦᠨ ᠪᠤᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︽2016 ᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠦᠨᠦᠬᠡᠯ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ ᠪᠥᠬᠦ ᠣᠷᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠵᠢᠯ ᠳᠤ ᠮᠥᠨ ᠬᠦ ᠲᠦᠪᠯᠡᠷᠡᠭᠦᠯᠦᠨ ᠵᠠᠯᠭᠠᠯᠳᠤᠭᠤᠯᠵᠤ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠵᠠᠷᠴᠢᠮ ᠢ ᠵᠢᠷᠤᠮᠯᠠᠵᠤ᠂ ᠬᠦᠷᠦᠰᠦᠨ ᠳᠡᠭᠡᠷ᠎ᠡ ᠮᠧᠬᠠᠨᠢᠭ ᠢᠶᠠᠷ ᠵᠠᠰᠠᠬᠤ ᠪᠠ ᠬᠥᠮᠦᠨ ᠤ ᠬᠦᠴᠦᠨ ᠢᠶᠠᠷ ᠵᠠᠰᠠᠬᠤ ᠶᠢ ᠤᠶᠠᠯᠳᠤᠭᠤᠯᠤᠨ᠂ ᠬᠢᠮᠢ ᠪᠠᠷ ᠰᠡᠷᠭᠡᠶᠢᠯᠡᠨ ᠵᠠᠰᠠᠬᠤ ᠪᠠ ᠠᠮᠢᠳᠤ ᠪᠣᠳᠠᠰ᠂ ᠹᠢᠽᠢᠺ ᠢᠶᠠᠷ  ᠰᠡᠷᠭᠡᠶᠢᠯᠡᠨ ᠵᠠᠰᠠᠬᠤ ᠶᠢ ᠬᠠᠮᠵᠢᠯᠴᠠᠭᠤᠯᠬᠤ ᠠᠷᠭ᠎ᠠ ᠮᠠᠶ᠋ᠢᠭ ᠢᠶᠠᠷ ᠲᠠᠯ᠎ᠠ ᠨᠤᠲᠤᠭ ᠤᠨ ᠬᠤᠯᠤᠭᠠᠨ᠎ᠠ ᠶᠢᠨ ᠬᠦᠨᠦᠬᠡᠯ ᠢ ᠰᠡᠷᠭᠡᠶᠢᠯᠡᠨ ᠵᠠᠰᠠᠪᠠ᠃      ᠣᠳᠣᠬᠠᠨ ᠪᠤᠯᠬᠤ ᠳᠤ᠂ ᠪᠦᠬᠦ ᠣᠷᠣᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠬᠡᠯ ᠢ 1192.55 ᠲᠦᠮᠡᠨ ᠮᠤ᠋ ᠰᠡᠷᠭᠡᠶᠢᠯᠡᠨ ᠵᠠᠰᠠᠵᠤ᠂ ᠡᠭᠦᠨ ᠳᠤ ᠠᠮᠢᠳᠤ ᠪᠣᠳᠠᠰ ᠢᠶᠠᠷ 743.28 ᠲᠦᠮᠡᠨ ᠮᠤ᠋ ᠰᠡᠷᠭᠡᠶᠢᠯᠡᠨ ᠵᠠᠰᠠᠵᠤ᠂ ᠹᠢᠽᠢᠺ ᠢᠶᠠᠷ155.57 ᠲᠦᠮᠡᠨ ᠮᠦ ᠰᠡᠷᠭᠡᠶᠢᠯᠡᠨ ᠵᠠᠰᠠᠪᠠ᠃ ᠨᠡᠶᠢᠲᠡ ᠬᠥᠳᠡᠯᠮᠦᠷᠢ ᠶᠢᠨ ᠬᠦᠴᠦ 44501 ᠲᠦᠮᠡᠨ ᠬᠥᠮᠦᠨ ᠤᠳᠠᠭ᠎ᠠ᠂ ᠮᠡᠷᠭᠡᠵᠢᠯᠲᠡᠨ 3950 ᠲᠦᠮᠡᠨ ᠬᠥᠮᠦᠨ ᠤᠳᠠᠭ᠎ᠠ ᠤᠷᠤᠯᠴᠠᠭᠤᠯᠵᠤ᠂ ᠪᠠᠭᠠᠵᠢ ᠬᠡᠷᠡᠭᠰᠡᠯ ᠢ 64589 ᠰᠠᠭᠤᠷᠢ ᠤᠳᠠᠭ᠎ᠠ ᠬᠡᠷᠡᠭᠯᠡᠵᠤ᠂ ᠲᠡᠷᠭᠡ ᠤᠨᠤᠭ᠎ᠠ ᠶᠢ 3748 ᠰᠠᠭᠤᠷᠢ ᠤᠳᠠᠭ᠎ᠠ ᠬᠦᠳᠡᠯᠭᠡᠪᠡ᠃ ᠡᠭᠦᠨ ᠠᠴᠠ ᠪᠤᠯᠤᠭᠠᠳ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠬᠦᠨᠳᠦ ᠨᠣᠴᠢᠲᠠᠶ ᠡᠭᠦᠰᠬᠦ ᠬᠠᠨᠳᠤᠰᠢ ᠪᠦᠲᠦᠮᠵᠢᠲᠡᠶ ᠪᠠᠷ ᠬᠢᠵᠠᠭᠠᠷᠯᠠᠭᠳᠠᠵᠤ᠂ ᠲᠡᠭᠦᠨ ᠤ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠳᠤ ᠦᠵᠡᠭᠦᠯᠬᠦ ᠡᠪᠳᠡᠯᠭᠡ ᠶᠢ ᠶᠡᠭᠡ ᠪᠠᠷ ᠬᠦᠡᠭᠭᠡᠷᠡᠭᠦᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠮᠠᠯ ᠠᠵᠤ ᠠᠬᠤᠶ ᠶᠢ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠬᠦᠭᠵᠢᠬᠦᠯᠬᠦ ᠳᠤ ᠢᠳᠡᠪᠬᠢ ᠦᠢᠯᠡᠳᠦᠯ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号