ᠪᠦᠬᠦ ᠣᠷᠣᠨ ᠤ ᠵᠤᠨ ᠤ ᠤᠯᠠᠷᠢᠯ ᠤᠨ ᠭᠠᠯ ᠤᠨᠲᠠᠷᠠᠭᠠᠬᠤ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠢᠪᠡ
ᠨᠡᠶᠢᠲᠡᠯᠡᠭᠰᠡᠨ ᠴᠠᠭ᠄
2016/5/23
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠷᠴᠢᠮᠬᠠᠨ ᠪᠦᠬᠦ ᠣᠷᠣᠨ ᠤ ᠵᠤᠨ ᠤ ᠤᠯᠠᠷᠢᠯ ᠤᠨ ᠭᠠᠯ ᠤᠨᠲᠠᠷᠠᠭᠠᠬᠤ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ 5 ᠳ᠋ᠤᠭᠠᠷ ᠰᠠᠷ᠎ᠠ ᠶᠢᠨ 20᠎ ᠤ ᠡᠳᠦᠷ ᠠᠴᠠ 9 ᠳ᠋ᠦ᠋ᠭᠡᠷ ᠰᠠᠷ᠎ᠠ ᠶᠢᠨ 20᠎ ᠤ ᠡᠳᠦᠷ ᠪᠣᠯᠲᠠᠯ᠎ᠠ᠂ ᠪᠦᠬᠦ ᠣᠷᠣᠨ ᠳᠤ ᠭᠠᠯ ᠤᠨᠲᠠᠷᠠᠭᠠᠬᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠵᠤᠨ ᠤ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠲᠠᠪᠤᠨ ᠲᠠᠯ᠎ᠠ ᠶᠢᠨ ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ 5 ᠲᠠᠯ᠎ᠠ ᠶᠢᠨ ᠠᠵᠢᠯ ᠭᠡᠪᠡᠯ᠄ ︽ᠦᠵᠡᠯ ᠲᠠᠨᠢᠯᠲᠠ ᠶᠢᠨ ᠪᠣᠭᠤᠮᠲᠠ︾᠎ ᠶᠢ ᠴᠢᠩᠭ᠎ᠠ ᠠᠳᠬᠤᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠠᠶᠤᠯᠭᠦᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ︽ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠣᠭᠤᠮᠲᠠ︾᠎ ᠶᠢ ᠴᠢᠩᠭ᠎ᠠ ᠠᠳᠬᠤᠵᠤ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠨᠣᠴᠣᠮᠠᠲᠠᠭᠠᠶ ᠲᠡᠰᠦᠷᠡᠮᠡᠲᠡᠭᠡᠶ ᠣᠷᠣᠨ ᠲᠠᠯᠠᠪᠤᠷ ᠤᠳ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠠᠳᠬᠤᠨ᠎ᠠ᠃ ︽ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠭᠤᠮᠲᠠ︾᠎ ᠶᠢ ᠴᠢᠩᠭ᠎ᠠ ᠠᠳᠬᠤᠵᠤ᠂ ᠨᠡᠶᠢᠭᠡᠮ ᠨᠢᠭᠡᠴᠡ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ︽ᠤᠬᠠᠭᠤᠯᠭ᠎ᠠ ᠬᠥᠮᠦᠵᠢᠯ ᠤᠨ ᠪᠣᠭᠤᠮᠲᠠ︾᠎ ᠶᠢ ᠴᠢᠩᠭ᠎ᠠ ᠠᠳᠬᠤᠵᠤ᠂ ᠠᠷᠠᠳ ᠨᠡᠶᠢᠲᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠦᠨᠡᠨ ᠬᠦ ᠴᠢᠩᠭᠠᠳᠬᠠᠨ᠎ᠠ᠃ ︽ᠪᠡᠯᠡᠳᠬᠡᠮᠵᠢ ᠶᠢᠨ ᠪᠠᠶᠢᠭᠤᠯᠤᠯᠲᠠ ᠶᠢᠨ ᠪᠣᠭᠤᠮᠲᠠ︾᠎ ᠶᠢ ᠴᠢᠩᠭ᠎ᠠ ᠠᠳᠬᠤᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠱᠠᠲᠤᠨ ᠤ ᠰᠠᠭᠤᠷᠢ ᠶᠢ ᠦᠨᠡᠨ ᠬᠦ ᠴᠢᠩᠭᠠᠳᠬᠠᠨ᠎ᠠ᠃      ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠵᠠᠳᠠᠯᠤᠨ ᠪᠦᠷᠢᠳᠬᠡᠭᠰᠡᠨ ᠢ ᠦᠨᠳᠦᠰᠦᠯᠡᠪᠡᠯ᠂ ᠵᠢᠯ ᠪᠦᠷᠢ ᠶᠢᠨ ᠵᠤᠨ ᠤ ᠤᠯᠠᠷᠢᠯ ᠪᠣᠯ ᠡᠯ᠎ᠡ ᠵᠦᠢᠯ ᠤᠨ ᠭᠠᠯ ᠤᠨ ᠠᠶᠤᠯ ᠤᠯᠠᠨ ᠡᠭᠦᠰᠬᠦ ᠬᠤᠭᠤᠴᠠᠭ᠎ᠠ ᠮᠥᠨ᠃ ᠡᠨᠡ ᠵᠤᠨ ᠤ ᠭᠠᠯ ᠤᠨᠲᠠᠷᠠᠭᠠᠬᠤ ᠪᠠᠶᠢᠴᠠᠭᠠᠯᠲᠠ ᠶᠢᠨ ᠠᠵᠢᠯ ᠤᠳ ᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠵᠥᠪᠯᠡᠯ ︽2016 ᠣᠨ ᠤ ᠪᠦᠬᠦ ᠣᠷᠣᠨ ᠤ ᠵᠤᠨ ᠤ ᠤᠯᠠᠷᠢᠯ ᠤᠨ ᠭᠠᠯ ᠤᠨᠲᠠᠷᠠᠭᠠᠬᠤ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾᠎ ᠢ ᠳᠣᠷᠣᠭᠰᠢ ᠲᠠᠷᠬᠠᠭᠠᠵᠠᠢ᠂ ᠪᠦᠬᠦ ᠣᠷᠣᠨ ᠤ ᠡᠯ᠎ᠡ ᠭᠠᠵᠠᠷ ᠤᠳ ᠮᠠᠨ ᠤ ᠣᠷᠣᠨ ᠤ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠤᠯᠤᠰ ᠠᠴᠠ ᠲᠣᠳᠣᠷᠬᠠᠶᠢᠯᠠᠭᠰᠠᠨ 4 ᠭᠤᠣᠯᠳᠠᠯᠭ᠎ᠠ ᠲᠠᠯᠠᠪᠤᠷ ᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠤᠰᠬᠠᠶᠢᠯᠠᠨ ᠰᠠᠶᠢᠲᠤᠷ ᠥᠷᠨᠢᠭᠦᠯᠬᠦ ᠬᠡᠷᠡᠭᠲᠡᠢ᠂ ᠲᠤᠬᠠᠶᠢᠯᠠᠪᠠᠯ᠄ ᠶᠡᠭᠡ ᠬᠤᠳᠠ ᠶᠢᠨ ᠶᠡᠷᠦᠩᠬᠡᠶᠢᠯᠡᠭᠰᠡᠨ ᠴᠣᠭᠴᠠ᠂ ᠨᠣᠴᠣᠮᠠᠲᠠᠭᠠᠶ ᠲᠡᠰᠦᠷᠡᠮᠡᠲᠡᠭᠡᠶ ᠠᠶᠤᠯᠲᠤ ᠪᠣᠳᠠᠰ ᠲᠠᠢ ᠭᠠᠵᠠᠷ ᠵᠡᠷᠭᠡ ᠬᠥᠮᠦᠰ ᠬᠤᠷᠠᠵᠤ ᠴᠤᠭᠯᠠᠷᠠᠬᠤ ᠲᠠᠯᠠᠪᠤᠷ ᠤᠳ᠂ ᠵᠤᠨ ᠤ ᠠᠮᠠᠷᠠᠯᠲᠠ ᠶᠢᠨ ᠠᠵᠢᠯᠲᠠᠳ ᠢ ᠲᠥᠪᠯᠡᠷᠡᠭᠦᠯᠦᠨ ᠪᠣᠯᠪᠠᠰᠤᠷᠠᠭᠤᠯᠬᠤ ᠪᠠᠶᠢᠭᠤᠯᠤᠮᠵᠢ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠲᠠᠯᠠᠪᠤᠷ ᠤᠳ᠂ ᠭᠠᠵᠠᠷ ᠳᠣᠣᠷᠠᠬᠢ ᠥᠨᠳᠥᠷ ᠳᠠᠪᠬᠤᠷᠯᠢᠭ᠍ᠲᠦ ᠶᠢᠨ ᠪᠠᠷᠢᠯᠭ᠎ᠠ᠂ ︽ᠭᠤᠷᠪᠠᠯᠠᠭᠰᠠᠨ︾ ᠨᠢᠭᠡᠴᠡ ᠶᠢᠨ ᠲᠠᠯᠠᠪᠤᠷ ᠤᠳ ᠪᠣᠯᠣᠨ᠎ᠠ᠃ ᠡᠭᠦᠨ ᠤ ᠬᠠᠮᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ᠂ ᠬᠡᠦᠬᠡᠳ ᠎ ᠤᠨ ᠴᠡᠴᠡᠷᠯᠢᠭ ᠪᠣᠯᠤᠨ ᠲᠠᠷᠢᠶᠠᠯᠠᠬᠤ ᠮᠠᠯᠵᠢᠬᠤ ᠣᠷᠣᠨ ᠲᠡᠰᠢ ᠥᠷᠭᠡᠵᠢᠭᠦᠯᠦᠨ ᠤᠷᠲᠤᠳᠬᠠᠵᠤ᠂ ᠪᠥᠬᠦ ᠣᠷᠣᠨ ᠤ ᠨᠡᠶᠢᠭᠡᠮ ᠳᠠᠶᠠᠭᠠᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号