ᠡᠨᠡ ᠵᠢᠯ ᠠᠴᠠ ᠡᠬᠢᠯᠡᠨ ᠥᠪᠥᠷ ᠮᠣᠩᠭᠤᠯ ᠡᠭᠦᠳᠡᠨ ᠡᠮᠨᠡᠯᠭᠡ ᠶᠢ ᠪᠦᠬᠦᠶᠢᠯᠡ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠨᠢᠭᠡᠳᠦᠯᠲᠡᠶ ᠲᠦᠯᠦᠪᠯᠡᠵᠦ ᠪᠦᠷᠬᠦᠭᠦᠯᠦᠨ᠎ᠡ
ᠨᠡᠶᠢᠲᠡᠯᠡᠭᠰᠡᠨ ᠴᠠᠭ᠄
2016/5/23
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠠ ᠶᠠᠳᠠᠭᠤ ᠶᠢ ᠲᠡᠳᠬᠦᠬᠦ ᠠᠯᠪᠠᠨ ᠭᠡᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠯᠤᠭ᠎ᠠ ᠵᠤᠯᠭᠠᠭᠤᠯᠬᠤ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠲᠠᠷᠬᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠪᠠᠷ ᠳᠠᠮᠵᠢᠨ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠬᠤ ᠪᠠᠷ ᠪᠣᠯᠪᠠ᠃ ᠲᠥᠰᠦᠯ ᠳᠤ ᠲᠣᠳᠤᠷᠬᠠᠶᠢᠯᠠᠭᠰᠠᠨ ᠨᠢ᠂ ᠡᠨᠡ ᠵᠢᠯ ᠠᠴᠠ ᠡᠬᠢᠯᠡᠨ ᠡᠭᠦᠳᠡᠨ ᠡᠮᠨᠡᠯᠭᠡ ᠶᠢ ᠪᠦᠬᠦᠶᠢᠯᠡ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠨᠢᠭᠡᠳᠦᠯᠲᠡᠢ ᠲᠦᠯᠦᠪᠯᠡᠵᠦ ᠪᠦᠷᠬᠦᠭᠦᠯᠦᠨ᠎ᠡ᠃ ᠡᠭᠦᠨ ᠤ ᠬᠠᠮᠲᠤ ᠡᠮ ᠡᠮᠨᠡᠯᠭᠡ ᠶᠢᠨ ᠠᠪᠤᠷᠠᠨ ᠲᠤᠰᠠᠯᠠᠭᠤᠯᠤᠭᠰᠠᠳ ᠪᠠ ᠶᠠᠳᠠᠭᠤ ᠬᠦᠴᠢᠷᠳᠡᠯᠲᠡᠶ ᠬᠦᠮᠦᠨ ᠠᠮᠠ ᠶᠢᠨ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠳ ᠬᠤᠰᠢᠭᠤ ᠰᠢᠶᠠᠨ ᠵᠢᠴᠢ ᠲᠡᠭᠦᠨ ᠠᠴᠠ ᠳᠣᠷᠣᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠡᠮᠨᠡᠭᠦᠯᠪᠡᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠩᠰᠠ ᠲᠠᠶᠢᠯᠬᠤ ᠬᠠᠷᠢᠴᠠᠯ ᠎ ᠢ 10 ᠵᠠᠭᠤᠨ ᠤ ᠬᠤᠪᠢ ᠶᠢᠨ ᠴᠡᠭ ᠢᠶᠠᠷ ᠳᠡᠭᠡᠭᠰᠢᠯᠡᠭᠦᠯᠦᠨ᠎ᠡ ᠭᠡᠪᠡ᠃ ᠲᠤᠰ ᠲᠥᠰᠦᠯ ᠳᠤ ᠲᠣᠳᠤᠷᠬᠠᠶᠢᠯᠠᠭᠰᠠᠨ ᠎ ᠨᠢ᠂ ᠡᠨᠡ ᠵᠢᠯ ᠠᠴᠠ ᠡᠬᠢᠯᠡᠵᠦ᠂ ᠡᠮ ᠡᠮᠨᠡᠯᠭᠡ ᠶᠢᠨ ᠠᠪᠤᠷᠠᠨ ᠲᠤᠰᠠᠯᠠᠭᠤᠯᠤᠭᠰᠠᠳ ᠪᠠ ᠶᠠᠳᠠᠭᠤ ᠬᠦᠴᠢᠷᠳᠡᠯᠲᠡᠶ ᠬᠦᠮᠦᠨ ᠠᠮᠠ ᠶᠢᠨ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠳ ᠡᠯ᠎ᠡ ᠱᠠᠲᠤᠨ ᠤ ᠲᠣᠭᠲᠠᠭᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠴᠢᠯᠡᠭᠦᠯᠪᠡᠯ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠲᠡᠩᠰᠠ ᠲᠠᠶᠢᠯᠬᠤ ᠳᠤ ᠡᠬᠢᠯᠡᠵᠦ ᠲᠤᠰᠢᠶᠠᠬᠤ ᠬᠢᠵᠠᠭᠠᠷ ᠱᠤᠭᠤᠮ ᠢ 50%᠎ ᠪᠠᠷ ᠪᠠᠭᠤᠷᠠᠭᠤᠯᠵᠤ᠂ ᠳᠠᠩᠰᠠ ᠲᠠᠶᠢᠯᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠢᠶᠠᠷ ᠳᠡᠭᠡᠭᠰᠢᠯᠡᠭᠦᠯᠦᠨ᠎ᠡ︔ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠳ ᠵᠢᠯ ᠤᠨ ᠳᠣᠲᠤᠷ᠎ᠠ ᠠᠳᠠᠯᠢ ᠲᠡᠰ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠳᠠᠬᠢᠨᠲᠠ ᠡᠮᠴᠢᠯᠡᠭᠦᠯᠪᠡᠯ᠂ ᠡᠬᠢᠯᠡᠵᠦ ᠲᠤᠰᠢᠶᠠᠬᠤ ᠬᠢᠵᠠᠭᠠᠷ ᠱᠤᠭᠤᠮ ᠢ ᠬᠦᠴᠦᠨ ᠦᠭᠡᠢ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠳ ᠲᠣᠭᠲᠠᠭᠰᠠᠨ ᠴᠢᠬ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠳᠤ ᠡᠮᠨᠡᠯᠭᠡ ᠳᠤ ᠰᠠᠭᠤᠪᠡᠯ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠢᠶᠠᠷ ᠳᠠᠮᠵᠢᠨ ᠳᠠᠩᠰᠠ ᠲᠠᠶᠢᠯᠤᠭᠰᠠᠨ ᠤ ᠳᠠᠷᠠᠭᠠᠬᠢ ᠲᠥᠷᠥ ᠶᠢᠨ ᠪᠤᠳᠤᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ ᠢ ᠎ ᠨᠢ 70%᠎ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠬᠠᠷᠢᠴᠠᠯ ᠢᠶᠠᠷ ᠡᠮ ᠡᠮᠨᠡᠯᠭᠡ ᠶᠢᠨ ᠠᠪᠤᠷᠠᠨ ᠲᠤᠰᠠᠯᠠᠮᠵᠢ ᠣᠯᠭᠤᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号