ᠥᠪᠥᠷ ᠮᠣᠩᠭᠤᠯ ᠤᠨ ᠬᠤᠰᠢᠭᠤ ᠰᠢᠶᠠᠨ ᠤ ᠱᠠᠲᠤᠨ ᠤ 55 ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠦᠳᠦᠬᠡᠨ ᠪᠠᠶᠢᠭᠤᠯᠤᠯᠲᠠ ᠡᠮᠬᠢ ᠵᠢᠷᠤᠮ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2016/5/23
      ᠬᠤᠰᠢᠭᠤ ᠰᠢᠶᠠᠨ ᠤ ᠱᠠᠲᠤᠨ ᠤ ᠡ᠊ᠨᠡ 55 ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠯᠡᠬᠦ ᠳᠤ ᠵᠣᠷᠢᠭᠤᠯᠤᠭᠰᠠᠨ ᠲᠥᠷᠥᠯ ᠵᠦᠢᠯ ᠪᠤᠯᠤᠨ᠎ᠠ᠃ ᠣᠳᠣᠬᠠᠨ ᠳᠤ᠂ ᠪᠠᠶᠢᠭᠤᠯᠵᠤ ᠪᠠᠶᠢᠭ᠎ᠠ ᠲᠥᠷᠥᠯ ᠵᠦᠢᠯ 19 ᠪᠠᠶᠢᠵᠤ᠂ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ 36 ᠪᠤᠢ᠃ ᠡᠭᠦᠨ ᠳᠤ᠂ ᠪᠠᠶᠢᠭᠤᠯᠬᠤ ᠪᠠᠷ ᠲᠥᠯᠥᠪᠯᠡᠵᠦ ᠪᠠᠶᠢᠭ᠎ᠠ 32 ᠲᠥᠷᠥᠯ ᠵᠦᠢᠯ ᠢ ᠨᠢᠭᠡᠨᠲᠡ ᠲᠥᠪ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠪᠠᠷ ᠭᠤᠶᠤᠴᠢᠯᠠᠭᠰᠠᠨ ᠪᠥᠭᠡᠳ ᠲᠥᠪ ᠤᠨ 5.2 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠣᠯᠪᠠ᠃ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠶᠡᠷᠦᠩᠬᠡᠶ ᠬᠡᠪᠴᠢᠶ᠎ᠡ ᠨᠢ 30.07 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 8.48 ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠲᠤ᠂ 24.55 ᠲᠦᠮᠡᠨ ᠲᠡᠭᠰᠢ ᠳᠥᠷᠪᠡᠯᠵᠢᠨ ᠮᠧᠲᠷ ᠢ ᠰᠢᠨ᠎ᠡ ᠪᠠᠷ ᠪᠠᠶᠢᠭᠤᠯᠵᠤ᠂ 5.52 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠪᠠᠶᠢᠭᠤᠯᠤᠨ᠎ᠠ᠃ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠶᠡᠷᠦᠩᠬᠡᠶ ᠬᠡᠪᠴᠢᠶ᠎ᠡ ᠨᠢ 20.02 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 7.01 ᠳ᠋ᠦᠩᠰᠢᠭᠤᠷ ᠲᠥᠭᠦᠷᠢᠭ ᠪᠣᠯᠤᠨ᠎ᠠ᠃      ᠡᠨᠡ ᠵᠢᠯ᠂ ᠲᠥᠷᠥᠯ ᠵᠦᠢᠯ ᠢ ᠢᠨᠵᠧᠨᠧᠷᠢᠩ ᠤᠨ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠰᠠᠷ᠎ᠠ ᠶᠢᠨ ᠮᠡᠳᠡᠭᠦᠯᠦᠯᠲᠡ ᠶᠢᠨ ᠲᠦᠷᠢᠮ ᠢ ᠲᠣᠭᠲᠠᠭᠠᠵᠤ᠂ ᠡᠯ᠎ᠡ ᠠᠶᠢᠮᠠᠭ ᠬᠤᠳᠠ ᠶᠢᠨ ᠲᠥᠷᠥᠯ ᠵᠦᠢᠯ ᠤᠨ ᠬᠤᠯᠪᠣᠭᠠᠴᠢᠳ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠬᠦ ᠶᠢ ᠱᠠᠭᠠᠷᠳᠠᠪᠠ᠃ ᠡᠭᠦᠨ ᠤ ᠬᠠᠮᠲᠤ᠂ ᠡᠯ᠎ᠡ ᠠᠶᠢᠮᠠᠭ ᠬᠤᠳᠠ ᠪᠠᠰᠠ ᠲᠦᠷᠦᠯ ᠵᠦᠢᠯ ᠢ ᠲᠦᠯᠬᠢᠨ ᠠᠬᠢᠭᠤᠯᠬᠤ ᠳ᠋ᠠᠶᠢᠲ᠋ᠠ ᠬᠥᠮᠥᠷᠭᠡ ᠪᠠ ᠠᠵᠢᠯ ᠤᠨ ᠡᠬᠡ ᠳᠠᠩᠰᠠ ᠶᠢ ᠪᠠᠶᠢᠭᠤᠯᠪᠠ᠃      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠶᠢᠮᠠᠭ ᠬᠤᠳᠠ ᠯᠤᠭ᠎ᠠ ᠢᠳᠡᠪᠬᠢᠲᠡᠢ ᠪᠠᠷ ᠵᠣᠯᠭᠠᠭᠤᠯᠵᠤ᠂ ᠠᠵᠢᠯ ᠤᠨ ᠠᠬᠢᠴᠠ ᠶᠢᠨ ᠴᠠᠭ ᠤᠨ ᠬᠤᠪᠢᠶᠠᠷᠢ ᠪᠠ ᠪᠣᠳᠠᠲᠠᠶ ᠡᠭᠦᠷᠭᠡ ᠶᠢ ᠠᠩᠬ᠎ᠠ ᠠᠯᠬᠤᠮ ᠵᠢᠱᠢᠨ ᠲᠣᠭᠲᠠᠭᠠᠵᠤ᠂ ᠡᠯ᠎ᠡ ᠭᠠᠵᠠᠷ ᠤᠨ ᠲᠦᠷᠦᠯ ᠵᠦᠢᠯ ᠤᠨ ᠢᠨᠵᠧᠨᠧᠷᠢᠩ ᠤᠨ ᠪᠠᠶᠢᠳᠠᠯ ᠢ ᠲᠦᠷᠭᠡᠬᠡᠨ ᠪᠠᠶᠢᠴᠠᠭᠠᠨ ᠮᠡᠳᠡᠵᠦ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨᠳᠦᠰᠦᠨ ᠪᠠᠶᠢᠳᠠᠯ ᠢ ᠪᠠᠶᠢᠴᠠᠭᠠᠨ ᠮᠡᠳᠡᠵᠦ᠂ ᠳ᠋ᠠᠶᠢᠲ᠋ᠠ ᠬᠥᠮᠥᠷᠭᠡ ᠶᠢᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠷᠭᠡ ᠪᠠᠨ ᠨᠠᠶᠢᠳᠠᠪᠤᠷᠢᠵᠢᠭᠤᠯᠬᠤ ᠴᠠᠭ ᠪᠠ ᠠᠬᠢᠴᠠ ᠶᠢ ᠲᠣᠳᠣᠷᠬᠠᠶᠢᠯᠠᠬᠤ ᠬᠡᠷᠡᠭᠲᠡᠢ︔ ᠡᠯ᠎ᠡ ᠠᠶᠢᠮᠠᠭ ᠬᠤᠳᠠ ᠶᠢᠨ ᠠᠳᠠᠯᠢ ᠪᠤᠰᠤ ᠠᠬᠢᠴᠠ ᠳᠤ ᠴᠢᠭᠯᠡᠭᠦᠯᠦᠨ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠤᠰ ᠲᠤᠰ ᠲᠣᠬᠢᠷᠠᠭᠤᠯᠬᠤ ᠬᠡᠷᠡᠭᠲᠡᠢ᠃ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠳᠤᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠯᠢ ᠪᠣᠯᠬᠤ ᠪᠠᠷ ᠡᠷᠲᠡᠬᠡᠨ ᠪᠠᠷᠢᠯᠭ᠎ᠠ ᠶᠢᠨ ᠠᠵᠢᠯ ᠢ ᠳᠠᠭᠤᠰᠬᠠᠨ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠰᠢᠨ᠎ᠡ ᠪᠠᠷ ᠡᠬᠢᠯᠡᠭᠦᠯᠬᠦ ᠲᠥᠷᠥᠯ ᠵᠦᠢᠯ ᠢ ᠠᠯᠢ ᠪᠣᠯᠬᠤᠷ ᠲᠦᠷᠭᠡᠬᠡᠨ ᠲᠡᠭᠦᠯᠳᠡᠷᠵᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠬᠡᠨ ᠭᠦᠢᠴᠡᠳᠬᠡᠵᠦ᠂ ᠡᠭᠦᠷᠭᠡ ᠶᠢ ᠨᠠᠶᠢᠳᠠᠪᠤᠷᠢᠵᠢᠭᠤᠯᠵᠤ᠂ ᠲᠤᠰᠬᠠᠶ ᠵᠦᠢᠯ ᠢᠶᠠᠷ ᠳᠦᠯᠬᠢᠨ ᠠᠬᠢᠭᠤᠯᠬᠤ ᠬᠡᠷᠡᠭᠲᠡᠶ᠃ ᠠᠵᠢᠯ ᠡᠬᠢᠯᠡᠭᠡ ᠦᠭᠡᠢ ᠲᠥᠷᠥᠯ ᠵᠦᠢᠯ ᠢ ᠴᠦ ᠲᠦᠯᠬᠢᠨ ᠠᠬᠢᠭᠤᠯᠬᠤ ᠡᠭᠡ ᠲᠠᠩᠰᠠ ᠪᠠᠶᠢᠭᠤᠯᠵᠤ᠂ ᠴᠠᠭ ᠢ ᠠᠮᠵᠢᠨ ᠪᠠᠷᠢᠯᠭ᠎ᠠ ᠡᠬᠢᠯᠡᠭᠦᠯᠦᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠵᠠᠢ᠃ ᠲᠥᠷᠥᠯ ᠵᠦᠢᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠣᠣᠷ᠎ᠠ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠠᠩᠬᠠᠳᠤᠭᠠᠷ ᠡᠭᠡᠯᠵᠢ ᠶᠢᠨ ᠰᠢᠯᠭᠠᠨ ᠬᠤᠷᠢᠶᠠᠯᠲᠠ ᠬᠢᠬᠦ ᠪᠣᠯᠣᠨ᠎ᠠ᠃ ᠨᠢᠭᠡᠨᠲᠡ ᠪᠠᠷᠢᠵᠤ ᠳᠠᠭᠤᠰᠤᠭᠰᠠᠨ ᠲᠥᠷᠥᠯ ᠵᠦᠢᠯ ᠳᠤ ᠠᠵᠢᠯ ᠳᠠᠭᠤᠰᠤᠭᠰᠠᠨ ᠰᠢᠯᠭᠠᠨ ᠬᠤᠷᠢᠶᠠᠯᠲᠠ ᠬᠢᠵᠦ᠂ ᠠᠰᠢᠭᠯᠠᠯᠲᠠ ᠳᠤ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠦᠭᠰᠡᠨ ᠲᠥᠷᠥᠯ ᠵᠦᠢᠯ ᠳᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠡᠶᠡᠴᠢ ᠴᠣᠭᠴᠠ ᠶᠢᠨ ᠢᠨᠵᠧᠨᠧᠷᠢᠩ ᠢ ᠪᠢᠲᠡᠭᠦᠮᠵᠢᠯᠡᠨ ᠰᠢᠯᠭᠠᠨ ᠬᠤᠷᠢᠶᠠᠨ᠎ᠠ᠃ ᠬᠤᠶᠠᠳᠤᠭᠠᠷ ᠡᠭᠡᠯᠵᠢ ᠶᠢᠨ ᠰᠢᠯᠭᠠᠨ ᠬᠤᠷᠢᠶᠠᠬᠤ ᠠᠵᠢᠯ ᠢ ᠴᠦ ᠳᠠᠷᠠᠭ᠎ᠠ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠵᠦ᠂ ᠲᠡᠷᠡᠴᠢᠯᠡᠨ᠂ ᠠᠰᠢᠭᠯᠠᠯᠲᠠ ᠳᠤ ᠣᠷᠣᠭᠤᠯᠤᠭᠰᠠᠨ ᠡᠮᠨᠡᠯᠭᠡ ᠶᠢᠨ ᠬᠤᠷᠢᠶ᠎ᠠ ᠶᠢ ᠬᠠᠷᠢᠭᠤ ᠰᠤᠷᠪᠤᠯᠵᠢᠯᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号